︵2022 ᠣᠨ ᠤ 1 ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ | ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ | ᠪᠥᠬᠦᠳᠡ ᠬᠤᠷᠠᠯ ᠠᠴᠠ ᠪᠠᠲᠤᠯᠠᠪᠠ︶ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠵᠢᠴᠢ ᠪᠦᠭᠦ ᠬᠤᠰᠢᠭᠤᠨ ᠤ ᠠᠵᠤ ᠠᠬᠤᠶ ᠶᠢᠨ | ᠠᠵᠢᠯ ᠤᠨ ᠬᠤᠷᠠᠯ 2022 ᠣᠨ ᠤ 1 ᠰᠠᠷ᠎ᠠ ᠶᠢᠨ 10 ᠤ ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠤ | ᠠᠯᠳ᠋ᠬᠠᠮᠡᠭᠡᠯ ᠪᠠᠯᠭᠠᠰᠤᠨ ᠳᠤ ᠬᠤᠷᠠᠯᠳᠤᠪᠠ᠃ | ᠲᠣᠰ ᠤᠳᠠᠭᠠᠨ ᠤ ᠬᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 33 ᠬᠥᠮᠦᠨ᠂ | ᠣᠷᠣᠯᠠᠭᠴᠢ ᠭᠡᠰᠢᠭᠦᠨ 7 ᠬᠥᠮᠦᠨ ᠣᠷᠣᠯᠴᠠᠪᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠯᠪᠣᠭᠳᠠᠯ ᠪᠦᠭᠦᠢ | ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ | ᠵᠥᠪᠯᠡᠯ ᠤᠨ ᠭᠡᠰᠢᠭᠦᠨ ᠪᠠ ᠬᠤᠯᠪᠣᠭᠳᠠᠯ ᠪᠦᠭᠦᠢ ᠲᠠᠯ᠎ᠠ ᠶᠢᠨ ᠬᠠᠷᠢᠭᠤᠴᠠᠯᠭᠠᠲᠠᠨ ᠨᠦᠬᠦᠳ᠂ ᠡᠯ᠎ᠡ ᠰᠤᠮᠤ | ᠪᠠᠯᠭᠠᠰᠤ ᠶᠢᠨ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠪᠠ ᠦᠨᠳᠦᠰᠦᠨ ᠱᠠᠲᠤᠨ ᠤ ᠬᠡᠰᠡᠭ | ᠨᠠᠮ ᠤᠨ ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠪᠠ᠃ | ᠪᠦᠭᠦᠳᠡ ᠬᠤᠷᠠᠯ ᠢ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠠᠴᠠ ᠡᠷᠭᠢᠯᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ᠂ | ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ | ᠲᠣᠰ ᠲᠣᠰ ᠶᠠᠷᠢᠶ᠎ᠠ ᠲᠠᠯᠪᠢᠪᠠ᠃ | ᠪᠦᠭᠦᠳᠡ ᠬᠤᠷᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ | ᠠᠵᠢᠯ ᠤᠨ ᠬᠤᠷᠠᠯ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ | ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠪᠦᠬᠡᠪᠠᠶᠠᠷ ᠤᠨ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ | ᠣᠳᠣᠬᠠᠨ ᠤ ᠠᠵᠤ ᠠᠬᠤᠶ ᠶᠢᠨ ᠪᠠᠶᠢᠳᠠᠯ ᠳᠤ ᠵᠠᠳᠠᠯᠤᠯᠲᠠ ᠬᠢᠵᠦ᠂ 2022 ᠣᠨ ᠤ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠪᠥᠬᠦᠳᠡ ᠬᠤᠷᠠᠯ ᠠᠴᠠ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶᠠᠨ ᠤ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠪᠠ᠃ ᠰᠢᠨ᠎ᠡ ᠪᠠᠷᠭᠤ ᠪᠠᠷᠠᠭᠤᠨ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠶ | ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠶ ᠵᠠᠮᠨᠠᠵᠤ᠂ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳᠴᠢᠯᠠᠯ ᠬᠠᠥᠯᠢ ᠪᠠᠷ ᠵᠠᠰᠠᠬᠤ | ᠪᠠᠶᠢᠭᠤᠯᠤᠯᠲᠠ ᠶᠢ ᠠᠬᠢᠭᠤᠯᠤᠨ᠂ ᠦᠵᠡᠯ ᠰᠠᠨᠠᠭ᠎ᠠ ᠰᠣᠶᠣᠯ ᠢ ᠤᠬᠠᠭᠤᠯᠬᠤ ᠠᠵᠢᠯ ᠢ ᠴᠢᠩᠭᠠᠳᠬᠠᠵᠤ᠂ ᠠᠷᠠᠳ ᠤᠨ | ᠠᠮᠢᠳᠤᠷᠠᠯ ᠢ ᠶᠡᠬᠡᠪᠡᠷ ᠪᠠᠲᠤᠯᠠᠨ ᠰᠠᠶᠢᠵᠢᠷᠠᠭᠤᠯᠵᠤ᠂ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠦᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠡᠬᠢᠯᠡᠯᠲᠡ ᠶᠢᠨ ᠵᠢᠯ ᠤᠨ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠰᠢᠨ᠎ᠡ ᠦᠷ᠎ᠡ | ᠪᠦᠲᠦᠮᠵᠢ ᠣᠯᠣᠭᠰᠠᠨ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠠᠵᠤ ᠠᠬᠤᠶ ᠶᠢᠨ ᠠᠵᠢᠯ ᠢ ︽ᠲᠣᠭᠲᠠᠭᠤᠨ | ᠪᠠᠶᠢᠯᠭᠠᠬᠤ︾ ᠪᠣᠯ ᠭᠤᠣᠯ ᠬᠦᠭ ᠠᠶᠠᠰ ᠮᠦᠨ᠂ ᠡᠨᠡ ᠨᠢ ᠶᠡᠭᠡ ᠲᠠᠯ᠎ᠠ ᠲᠠᠢ ᠬᠤᠯᠪᠣᠭᠳᠠᠵᠤ᠂ ᠴᠢᠨᠠᠷ ᠰᠠᠶᠢᠲᠠᠶ | ᠬᠥᠭᠵᠢᠯᠲᠡ ᠶᠢᠨ ᠴᠢᠬᠤᠯᠠ ᠰᠠᠭᠤᠷᠢ ᠪᠣᠯᠬᠤ ᠶᠤᠮ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠡᠷᠬᠡᠪᠰᠢ ︽ | ᠲᠣᠭᠲᠠᠭᠤᠨ ᠪᠠᠶᠢᠯᠭᠠᠬᠤ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠤᠣᠯᠳᠠᠯᠭ᠎ᠠ ᠶᠢ ᠲᠤᠪᠤᠶᠢᠯᠭᠠᠨ᠂ | ᠵᠠᠩᠭᠢᠯᠠᠭ᠎ᠠ ᠶᠢ ᠡᠵᠡᠮᠳᠡᠵᠦ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ | ᠪᠠᠲᠤᠯᠠᠬᠤ ᠬᠡᠷᠡᠭᠲᠡᠶ᠃ ᠤᠷᠢᠳ ᠢᠶᠠᠷ ᠬᠦᠴᠦᠯᠡᠬᠦ ᠶᠢ ᠴᠢᠬᠤᠯᠠᠴᠢᠯᠠᠨ᠂ ᠡᠷᠲᠡ ᠠᠴᠠ ᠲᠤᠬᠢᠷᠠᠭᠤᠯᠵᠤ᠂ ᠡᠷᠲᠡ ᠠᠴᠠ | ᠬᠦᠳᠡᠯᠦᠯᠴᠡᠨ᠂ ᠡᠷᠲᠡ ᠠᠴᠠ ᠨᠠᠶᠢᠳᠠᠪᠤᠷᠢᠵᠢᠭᠤᠯᠵᠤ᠂ ᠨᠢᠭᠡᠳᠦᠭᠡᠷ ᠤᠯᠠᠷᠢᠯ ᠳᠤ ᠲᠣᠭᠲᠠᠭᠤᠨ ᠢᠶᠠᠷ ᠡᠬᠢᠯᠡᠬᠦ ᠶᠢ | ᠪᠠᠲᠤᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠶᠢᠨ ᠡᠬᠢᠯᠡᠯᠲᠡ ᠲᠠᠢ ᠪᠠᠶᠢᠯᠭᠠᠬᠤ ᠬᠡᠷᠡᠭᠲᠡᠢ᠃ | ᠳᠠᠪᠠᠭᠤᠯᠢᠭ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠵᠦ᠂ ᠬᠠᠮᠤᠭ ᠤᠨ ᠪᠠᠴᠢᠮ ᠬᠡᠷᠡᠭᠴᠡᠭᠡ ᠲᠠᠢ | ᠬᠠᠮᠤᠭ ᠤᠨ ᠪᠠᠴᠢᠮ ᠲᠤᠯᠭᠠᠮ᠎ᠠ ᠠᠵᠢᠯ ᠤᠨ ᠵᠦᠢᠯᠡᠰ ᠢ ᠤᠷᠢᠳ ᠢᠶᠠᠷ ᠪᠠᠲᠤᠯᠠᠨ ᠬᠦᠭᠵᠢᠭᠦᠯᠵᠦ᠂ ᠳᠠᠶᠢᠴᠢᠯᠠᠬᠤ | ᠴᠢᠳᠠᠪᠤᠷᠢ ᠪᠠᠷ ᠴᠢᠩᠭ᠎ᠠ᠂ ᠵᠢᠱᠢᠶ᠎ᠡ ᠦᠵᠡᠭᠦᠯᠬᠦ ᠦᠢᠯᠡᠳᠦᠯ ᠢᠶᠠᠷ ᠮᠡᠳᠡᠭᠳᠡᠮ᠎ᠡ ᠪᠠᠶᠢᠬᠤ ᠲᠤᠮᠤ ᠲᠦᠷᠦᠯ ᠵᠦᠢᠯ᠂ ᠰᠠᠶᠢᠨ | ᠲᠦᠷᠦᠯ ᠵᠦᠢᠯ ᠢ ᠤᠷᠢᠳ ᠢᠶᠠᠷ ᠪᠠᠲᠤᠯᠠᠵᠤ᠂ ᠤᠯᠠᠨ ᠲᠦᠮᠡᠨ ᠤ ᠲᠤᠰᠬᠠᠯ ᠬᠠᠮᠤᠭ ᠤᠨ ᠴᠢᠩᠭ᠎ᠠ ᠬᠠᠮᠤᠭ ᠤᠨ | ᠲᠤᠪᠤᠶᠢᠮ᠎ᠠ ᠠᠰᠠᠭᠤᠳᠠᠯ ᠢ ᠤᠷᠢᠳ ᠢᠶᠠᠷ ᠰᠢᠢᠳᠪᠦᠷᠢᠯᠡᠬᠦ ᠬᠡᠷᠡᠭᠲᠡᠶ᠃ ᠴᠠᠭ ᠬᠤᠭᠤᠴᠠᠭ᠎ᠠ ᠶᠢ ᠰᠠᠶᠢᠲᠤᠷ ᠡᠵᠡᠮᠳᠡᠨ᠂ | ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠵᠤ᠂ ᠵᠢᠮ᠎ᠡ ᠶᠣᠰᠣ ᠪᠠᠷ ᠠᠵᠢᠯᠯᠠᠬᠤ ᠶᠢ ᠪᠠᠷᠢᠮᠲᠠᠯᠠᠨ᠂ ᠨᠢᠭᠡ ᠨᠢᠭᠡ | ᠠᠯᠬᠤᠮ ᠢᠶᠠᠷ ᠤᠷᠤᠭᠰᠢᠯᠠᠵᠤ᠂ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠭᠰᠠᠨ ᠤᠷᠢᠲᠠᠯ ᠳᠣᠣᠷ᠎ᠠ ᠠᠯᠬᠤᠮ | ᠲᠠᠷᠠᠭ᠎ᠠ ᠲᠠᠢ ᠪᠠᠷ ᠤᠷᠤᠭᠰᠢᠯᠠᠵᠤ᠂ ᠤᠳᠠᠭᠠᠨ ᠳᠠᠭᠠᠭᠠᠮᠠᠭᠠᠢ ᠴᠢᠷᠮᠠᠶᠢᠬᠤ ᠬᠡᠷᠡᠭᠲᠡᠶ᠃ | ᠪᠥᠬᠦᠳᠡ ᠬᠤᠷᠠᠯ ᠠᠴᠠ ᠲᠣᠳᠣᠷᠬᠠᠶᠢᠯᠠᠭᠰᠠᠨ ᠨᠢ᠂ ᠡᠨᠡ ᠵᠢᠯ ᠤᠨ ᠪᠦᠭᠦ ᠬᠤᠰᠢᠭᠤᠨ ᠤ ᠠᠵᠢᠯ ᠤᠨ ᠶᠡᠷᠦᠩᠬᠡᠶ | ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ᠂ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠠᠶᠢᠭᠤᠯᠤᠭᠰᠠᠨ | ᠠᠤᠭ᠎ᠠ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠵᠢᠭᠦᠯᠦᠨ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ | ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ | ᠦᠷᠭᠦᠯᠵᠢᠯᠡᠨ ᠬᠦᠴᠦᠯᠡᠨ ᠰᠠᠶᠢᠵᠢᠷᠠᠭᠤᠯᠵᠤ᠂ ︽ᠬᠤᠶᠠᠷ ᠣᠷᠣᠨ ᠨᠢᠭᠡ ᠴᠣᠩᠬᠤᠪᠴᠢ ᠭᠤᠷᠪᠠᠨ ᠰᠠᠭᠤᠷᠢᠨ ᠭᠠᠵᠠᠷ | ︾ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ | ᠪᠠᠶᠢᠯᠭᠠᠬᠤ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠤᠷᠬᠢᠯ ᠳᠤ ᠬᠦᠷᠭᠡᠬᠦ᠂ ᠲᠡᠩᠴᠡᠭᠦᠷᠢᠰᠢᠭᠦᠯᠬᠦ ᠪᠠ ᠴᠢᠬᠤᠯᠠ | ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠬᠡᠷᠡᠭᠵᠢᠭᠦᠯᠦᠨ᠂ ᠪᠣᠬᠢᠷᠲᠤᠯ ᠢ ᠰᠡᠷᠭᠡᠶᠢᠯᠡᠨ | ᠵᠠᠰᠠᠬᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠰᠢᠨ᠎ᠡ | ᠠᠷᠭ᠎ᠠ ᠬᠡᠮᠵᠢᠶ᠎ᠡ ᠶᠢ ᠰᠦᠪᠡᠭᠴᠢᠯᠡᠨ᠂ ᠠᠷᠠᠳ ᠤᠯᠠᠨ ᠤ ᠦᠵᠡᠰᠬᠦᠯᠡᠩᠲᠦ ᠰᠠᠶᠢᠬᠠᠨ ᠠᠮᠢ ᠠᠬᠤᠢ ᠣᠷᠴᠢᠨ | ᠲᠣᠭᠤᠷᠢᠨ ᠤ ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠵᠤ᠂ ᠲᠩᠷᠢ ᠶᠢᠨ ᠬᠠᠶᠠᠭᠠᠨ ᠳᠠᠬᠢ | ᠲᠠᠯ᠎ᠠ ᠨᠤᠲᠤᠭ ᠤᠨ ᠰᠢᠨ᠎ᠡ ᠬᠠᠭᠤᠳᠠᠰᠤ ᠶᠢ ᠵᠢᠷᠤᠭᠯᠠᠬᠤ ᠬᠡᠷᠡᠭᠲᠡᠢ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ︽ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ | ᠦᠭᠡᠢ ᠪᠠᠷ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠭᠤᠶᠢᠪᠢᠰᠢ ᠦᠭᠡᠢ ᠵᠠᠮᠨᠠᠨ᠂ ᠤᠳᠤ ᠦᠶ᠎ᠡ ᠶᠢᠨ ᠠᠵᠤ ᠠᠬᠤᠢ ᠶᠢᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ | ᠰᠢᠨ᠎ᠡ ᠨᠡᠮᠡᠭᠳᠡᠯ ᠤᠨ ᠲᠦᠢᠯ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠷ ᠡᠭᠦᠷᠭᠡ ᠪᠣᠯᠭᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ | ᠴᠡᠭ ᠤᠨ ︽ᠬᠤᠶᠠᠷ ᠵᠠᠭᠪᠤᠷ︾ ᠢ ᠴᠢᠨᠠᠭᠰᠢᠳᠠ ᠲᠡᠭᠦᠯᠳᠡᠷᠵᠢᠭᠦᠯᠵᠦ᠂ ᠲᠤᠷᠰᠢᠯᠲᠠ ᠶᠢᠨ ᠭᠠᠴᠠᠭ᠎ᠠ ᠶᠢᠨ ᠰᠢᠨ᠎ᠡ | ᠬᠡᠯᠪᠡᠷᠢ ᠶᠢᠨ ᠬᠤᠪᠢ ᠣᠷᠣᠭᠤᠯᠤᠭᠰᠠᠨ ᠬᠤᠷᠰᠢᠶᠠᠵᠢᠯ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠨ᠂ | ᠤᠨᠴᠠᠯᠢᠭᠳᠤ ᠠᠵᠤ ᠦᠢᠯᠡᠰ ᠢ ᠶᠡᠬᠡᠪᠡᠷ ᠪᠤᠶᠢᠵᠢᠭᠤᠯᠵᠤ᠂ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠦᠰᠦᠷᠦᠯᠲᠡ ᠶᠢ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ ᠠᠵᠤ ᠦᠢᠯᠡᠳᠪᠦᠷᠢ ᠪᠠᠷ ᠤᠳᠤᠷᠢᠳᠤᠮᠵᠢ ᠪᠣᠯᠭᠠᠨ᠂ | ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ︾ ᠤᠨ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ | ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ | ︽ᠬᠤᠣᠰ ᠬᠦᠷᠲᠦᠲᠦ ᠬᠥᠳᠡᠯᠭᠡᠭᠦᠷ︾ ᠢ ᠴᠢᠩᠭᠠᠳᠬᠠᠨ᠂ ᠬᠦᠳᠦᠯᠦᠨ ᠳᠠᠭᠠᠭᠤᠯᠬᠤ ᠴᠢᠨᠠᠷ ᠢᠶᠠᠷ ᠴᠢᠩᠭ᠎ᠠ᠂ | ᠳᠠᠶᠢᠴᠢᠯᠠᠬᠤ ᠦᠢᠯᠡᠳᠦᠯ ᠢᠶᠠᠷ ᠶᠡᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠡᠭᠦᠯ ᠢᠶᠠᠷ ᠦᠷᠭᠦᠯᠵᠢᠯᠡᠨ | ᠬᠥᠭᠵᠢᠬᠦ ᠶᠢ ᠠᠬᠢᠭᠤᠯᠬᠤ ᠬᠡᠷᠡᠭᠲᠡᠢ᠃ ᠵᠢᠭᠤᠯᠴᠢᠯᠠᠯ ᠤᠨ ᠲᠥᠯᠥᠪᠵᠢᠭᠦᠯᠭᠡ ᠪᠠᠷ ᠵᠢᠯᠣᠭᠤᠳᠤᠮᠵᠢ ᠪᠣᠯᠭᠠᠨ᠂ ᠠᠮᠢ | ᠠᠬᠤᠢ ᠶᠢᠨ ᠵᠢᠭᠤᠯᠴᠢᠯᠠᠯ ᠤᠨ ︽ᠰᠠᠯᠬᠢᠨ ᠤ ᠵᠦᠭᠯᠡᠭᠦᠷ︾ ᠢ ᠪᠤᠢ ᠪᠣᠯᠭᠠᠵᠤ᠂ ᠤᠯᠤᠰ ᠤᠨ ᠵᠠᠮ ᠳᠠᠭᠠᠤ ᠶᠢᠨ | ᠵᠢᠭᠤᠯᠴᠢᠯᠠᠯ ᠤᠨ ᠠᠵᠤ ᠠᠬᠤᠢ ᠶᠢᠨ ᠪᠦᠰᠡ ᠶᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠪᠣᠯᠤᠨ ᠠᠮᠢ ᠠᠬᠤᠢ᠂ | ᠰᠣᠶᠣᠯ᠂ ᠠᠷᠠᠳ ᠤᠨ ᠵᠠᠩ ᠦᠢᠯᠡ᠂ ᠪᠡᠶ᠎ᠡ ᠶᠢᠨ ᠲᠠᠮᠢᠷ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠡᠭᠡᠳᠦ | ᠲᠡᠰ ᠤᠨ ᠵᠢᠭᠤᠯᠴᠢᠯᠠᠯ ᠤᠨ ᠵᠣᠷᠢᠭᠰᠠᠨ ᠭᠠᠵᠠᠷ ᠢ ᠦᠷᠭᠦᠯᠵᠢᠯᠡᠨ ᠴᠣᠭᠴᠠᠯᠠᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠪᠠᠶᠢᠷᠢᠰᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠲᠡᠷᠢᠭᠦᠯᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠳᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠶ᠃ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ᠂ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ | ᠴᠢᠩᠭᠠᠳᠬᠠᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ | ᠴᠢᠬᠤᠯᠠ ᠠᠴᠠ ᠴᠢᠬᠤᠯᠠ ᠵᠦᠢᠯ ᠪᠣᠯᠭᠠᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠨᠢᠭᠡᠳᠦᠯᠲᠡᠢ ᠲᠥᠯᠥᠪᠵᠢᠭᠦᠯᠦᠨ ᠠᠳᠬᠤᠵᠤ᠂ ᠥᠭᠡᠷᠡᠴᠢᠯᠡᠯᠲᠡ ᠪᠠᠷ ᠬᠥᠭᠵᠢᠯᠲᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ | ᠠᠭᠤᠰᠤᠯᠴᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ︽ᠤᠮᠠᠷᠠᠰᠢ ᠨᠡᠬᠡᠬᠡᠯᠳᠡ ᠬᠢᠬᠦ︾ ᠶᠡᠭᠡ ᠪᠠᠶᠢᠷᠢᠰᠢᠯ ᠳᠤ | ᠭᠦᠨᠵᠡᠭᠡᠢ ᠠᠭᠤᠰᠤᠯᠴᠠᠨ᠂ ᠦᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢ ᠶᠡᠬᠡᠪᠡᠷ | ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠰᠢᠨ᠎ᠡ ᠵᠠᠭᠪᠤᠷ ᠢ ᠲᠡᠭᠦᠯᠳᠡᠷᠵᠢᠭᠦᠯᠦᠨ᠂ | ᠨᠡᠬᠡᠬᠡᠯᠳᠡ ᠬᠢᠵᠦ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠡᠷᠡᠰ | ᠭᠤᠶᠢᠪᠢᠰᠢ ᠦᠭᠡᠶ ᠬᠦᠭᠵᠢᠬᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠭᠦᠨᠵᠡᠭᠡᠶ | ᠦᠢᠯᠡᠳᠦᠯᠭᠡᠵᠢᠬᠦᠯᠦᠨ᠂ ᠵᠥᠪ ᠤᠯᠤᠰ ᠲᠦᠷᠦ ᠶᠢᠨ ᠴᠢᠭᠯᠡᠯ ᠪᠣᠯᠤᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ | ᠪᠠᠷᠢᠮᠳᠠᠯᠠᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ | ᠭᠤᠣᠯ ᠪᠣᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡ ᠶᠢ ᠶᠡᠬᠡᠪᠡᠷ ᠦᠷᠨᠢᠬᠦᠯᠵᠦ᠂ ᠤᠯᠠᠭᠠᠨᠮᠥ᠋ᠴᠢᠷ ᠤᠨ | ᠦᠨᠳᠦᠰᠦᠨ ᠱᠠᠲᠤᠨ ᠳᠤ ᠰᠠᠭᠤᠷᠢᠯᠠᠨ᠂ ᠤᠯᠠᠨ ᠲᠦᠮᠡᠨ ᠳᠤ ᠦᠢᠯᠡᠴᠢᠯᠡᠬᠦ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠷᠠᠳ ᠤᠯᠠᠨ ᠤ | ᠤᠶᠤᠨ ᠤ ᠠᠮᠢᠳᠤᠷᠠᠯ ᠢ ᠲᠠᠰᠤᠷᠠᠯᠳᠡ ᠦᠭᠡᠢ ᠪᠠᠶᠠᠯᠢᠭᠵᠢᠭᠤᠯᠬᠤ ᠭᠡᠷᠡᠭᠳᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠬᠤ ᠭᠤᠣᠯᠯᠠᠭᠴᠢ ᠦᠢᠯᠡᠳᠦᠯ ᠢ | ᠭᠦᠢᠴᠡᠳ ᠪᠠᠳᠠᠷᠠᠭᠤᠯᠤᠨ᠂ ᠨᠡᠶᠢᠭᠡᠮ ᠵᠢᠷᠤᠮ ᠤᠨ ᠠᠷᠠᠳᠴᠢᠯᠠᠯᠳᠦ ᠤᠯᠤᠰ ᠲᠦᠷᠦ ᠶᠢᠨ ᠪᠠᠶᠢᠭᠤᠯᠤᠯᠲᠠ ᠶᠢ ᠶᠡᠭᠡ ᠪᠠᠷ | ᠲᠦᠯᠬᠢᠨ ᠠᠬᠢᠭᠤᠯᠵᠤ᠂ ᠬᠥᠭᠵᠢᠯᠲᠡ ᠶᠢᠨ ᠬᠠᠮᠳᠤᠷᠠᠯ ᠤᠨ ᠬᠦᠴᠦᠨ ᠢ ᠥᠷᠭᠡᠨ ᠢᠶᠠᠷ ᠨᠢᠠᠠᠳᠠᠷᠠᠭᠤᠯᠬᠤ ᠭᠡᠷᠡᠭᠳᠡᠢ᠃ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠢ ᠠᠬᠢᠭᠤᠯᠵᠤ᠂ ᠬᠤᠰᠢᠭᠤ ᠶᠢ ᠪᠦᠬᠦ | ᠲᠠᠯ᠎ᠠ ᠪᠠᠷ ᠬᠠᠤᠯᠢ ᠪᠠᠷ ᠵᠠᠰᠠᠬᠤ ᠲᠦᠪᠰᠢᠨ ᠢ ᠦᠷᠭᠦᠯᠵᠢᠯᠡᠨ ᠳᠡᠭᠡᠭᠰᠢᠯᠡᠬᠦᠯᠬᠦ ᠭᠡᠷᠡᠭᠳᠡᠢ᠃ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠤᠢᠢᠯᠠᠭᠠᠭᠳᠠᠬᠤᠨ ᠢ ᠬᠦᠨᠵᠡᠭᠡᠶᠢᠷᠡᠬᠦᠯᠦᠨ᠂ ᠦᠨᠳᠦᠰᠦᠲᠡᠨ ᠤ ᠡᠯᠧᠮᠧᠨ᠋ᠲ ᠲᠠᠢ | ᠬᠤᠯᠪᠣᠭᠳᠠᠭᠰᠠᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠤᠯᠢ ᠶᠣᠰᠣᠭᠠᠷ ᠨᠠᠶᠢᠳᠠᠪᠦᠷᠢᠳᠠᠢ | ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠦᠯᠬᠢᠨ ᠠᠬᠢᠭᠤᠯᠬᠤ | ᠭᠡᠷᠡᠭᠳᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ | ᠦᠷᠭᠦᠯᠵᠢᠯᠡᠨ ᠨᠡᠮᠡᠭᠳᠡᠭᠦᠯᠵᠦ᠂ ᠠᠷᠠᠳ ᠤᠯᠠᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠦᠷᠲᠡᠮᠵᠢ ᠶᠢᠨ | ᠲᠦᠷᠦᠭᠳᠡᠯ ᠢ ᠨᠡᠮᠡᠭᠳᠡᠬᠦᠯᠦᠨ᠎ᠡ᠃ ᠬᠤᠲᠠ ᠪᠠᠯᠭᠠᠰᠦ ᠶᠢᠨ ᠴᠢᠳᠠᠪᠬᠢ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠵᠠᠮ ᠤᠨ ᠲᠣᠣᠷ ᠤᠨ ᠪᠦᠲᠦᠴᠡ ᠶᠢ ᠲᠠᠰᠤᠷᠠᠯᠲᠠ ᠦᠭᠡᠢ ᠳᠡᠬᠦᠯᠳᠡᠷᠵᠢᠬᠦᠯᠦᠨ᠂ ᠰᠠᠭᠤᠷᠢ ᠲᠥᠬᠦᠭᠡᠷᠦᠮᠵᠢ ᠪᠣᠯᠤᠨ | ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠦᠬᠦᠪᠦᠷᠢᠯᠡᠬᠦ ᠪᠠᠷ ᠴᠢᠷᠮᠠᠶᠢᠬᠤ ᠭᠡᠷᠡᠭᠳᠡᠢ᠃ ᠠᠵᠢᠯ | ᠤᠯᠭᠤᠬᠤ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠨ᠂ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠳᠤᠰᠠᠯᠠᠬᠤ ᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠶᠢ ᠰᠠᠶᠢᠲᠤᠷ ᠠᠳᠬᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠪᠣᠯᠤᠨ | ᠲᠦᠪᠰᠢᠨ ᠢ ᠳᠡᠭᠡᠭᠰᠢᠯᠡᠭᠦᠯᠵᠦ᠂ ᠬᠤᠶᠠᠷ ᠢ ᠬᠦᠷᠢᠶᠡᠯᠡᠨ ᠬᠠᠷᠠᠭᠠᠯᠵᠠᠵᠤ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ | ᠨᠠᠶᠢᠳᠠᠪᠦᠷᠢᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠳᠡᠬᠦᠯᠳᠡᠷᠵᠢᠬᠦᠯᠦᠨ᠎ᠡ᠃ | ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠦᠷᠭᠡᠳᠭᠡᠨ ᠴᠡᠴᠡᠭᠯᠡᠬᠦᠯᠵᠦ᠂ ︽ᠡᠷᠡᠭᠦᠯ ᠡᠩᠭᠡ ᠰᠢᠨ᠎ᠡ ᠪᠠᠷᠭᠤ | ᠪᠠᠷᠠᠭᠤᠨ ᠬᠤᠰᠢᠭᠤ︾ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ | ᠡᠷᠡᠬᠦᠯ ᠬᠥᠭᠵᠢᠯᠲᠡ ᠶᠢ ᠠᠬᠢᠭᠤᠯᠬᠤ ᠭᠡᠷᠡᠭᠳᠡᠢ᠃ | ᠪᠦᠭᠦᠳᠡ ᠬᠤᠷᠠᠯ ᠠᠴᠠ ᠴᠢᠩᠭᠠᠳᠬᠠᠭᠰᠠᠨ ᠨᠢ᠂ ᠨᠡᠶᠢᠭᠡᠮ ᠤᠨ ᠵᠠᠰᠠᠯᠲᠠ ᠶᠢᠨ ᠶᠡᠷᠦᠩᠬᠡᠶᠢᠯᠡᠭᠰᠡᠨ | ᠴᠢᠳᠠᠪᠤᠷᠢ ᠶᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠡᠷᠡᠰ ᠰᠠᠬᠢᠬᠤ ᠭᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ | ᠬᠥᠪᠴᠢ ᠶᠢ ᠴᠠᠭ ᠢᠮᠠᠭᠲᠠ ᠴᠢᠩᠭᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠵᠤ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ ᠴᠢᠨᠠᠷᠲᠠᠢ | ᠬᠢᠵᠢᠭ ᠢ ᠡᠷᠡᠰ ᠰᠡᠷᠭᠡᠶᠢᠯᠡᠨ ᠡᠵᠡᠮᠳᠡᠬᠦ ᠭᠡᠷᠡᠭᠳᠡᠢ᠃ ︽ᠠᠮᠤᠷ ᠠᠮᠤᠭᠤᠯᠠᠩ ᠰᠢᠨ᠎ᠡ ᠪᠠᠷᠭᠤ ᠪᠠᠷᠠᠭᠤᠨ ᠬᠤᠰᠢᠭᠤ︾ | ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠶᠤᠯ ᠲᠦᠭᠰᠢᠭᠦᠷᠢ ᠶᠢ ᠯᠠᠪᠳᠠᠭᠤᠨ ᠪᠠᠲᠤᠲᠠᠶ ᠰᠡᠷᠭᠡᠶᠢᠯᠡᠨ | ᠡᠵᠡᠮᠳᠡᠵᠦ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠨ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ | ᠠᠷᠢᠯᠭᠠᠬᠤ ᠡᠷᠴᠢᠮ ᠢ ᠴᠢᠩᠭᠠᠷᠠᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ | ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠣᠯ | ᠠᠯᠢᠪᠠ ᠠᠵᠢᠯ ᠢ ᠥᠷᠨᠢᠭᠦᠯᠬᠦ ᠬᠦᠴᠦᠲᠦ ᠵᠡᠪᠰᠡᠭ ᠪᠠ ᠴᠢᠬᠤᠯᠠ ᠡᠷᠳᠡᠨᠢ ᠮᠥᠨ᠃ ᠭᠠᠭᠴᠠ ᠬᠦ ᠨᠠᠮ ᠤᠨ | ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ ᠶᠡᠭᠡ ᠠᠵᠢᠯ ᠤᠨ ᠪᠦᠲᠦᠮᠵᠢ ᠪᠤᠯᠭᠠᠨ᠂ ᠦᠨᠡᠨᠬᠦ | ᠬᠠᠮᠢᠶᠠᠷᠴᠦ ᠦᠨᠡᠨᠬᠦ ᠴᠢᠩᠭᠠᠯᠠᠨ᠂ ᠵᠣᠷᠢᠭᠲᠠᠶ ᠪᠠᠷ ᠬᠠᠮᠢᠶᠠᠷᠴᠤ ᠵᠣᠷᠢᠭᠲᠠᠶ ᠪᠠᠷ ᠴᠢᠩᠭᠠᠯᠠᠨ᠂ ᠤᠷᠲᠤ | ᠬᠤᠭᠤᠴᠠᠭ᠎ᠠ ᠪᠠᠷ ᠬᠠᠮᠢᠶᠠᠷᠴᠤ ᠤᠷᠲᠤ ᠬᠤᠭᠤᠴᠠᠭ᠎ᠠ ᠪᠠᠷ ᠴᠢᠩᠭᠠᠯᠠᠨ᠂ ᠨᠠᠮ ᠢ ᠬᠠᠮᠢᠶᠠᠷᠬᠤ ᠳᠠᠭᠠᠨ ᠴᠢᠳᠠᠮᠠᠭᠠᠶ᠂ | ᠨᠠᠮ ᠢ ᠵᠠᠰᠠᠬᠤ ᠳᠠᠭᠠᠨ ᠬᠦᠴᠦᠲᠡᠶ ᠪᠦᠭᠡᠳ ᠨᠠᠮ ᠢ ᠪᠠᠶᠢᠭᠤᠯᠬᠤ ᠳᠠᠭᠠᠨ ᠪᠦᠲᠦᠮᠵᠢᠲᠡᠶ ᠪᠠᠶᠢᠬᠤ ᠶᠢ ᠴᠢᠷᠮᠠᠶᠢᠨ | ᠪᠡᠶᠡᠯᠡᠭᠦᠯᠪᠡᠯ ᠰᠠᠶ᠋ᠢ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠥᠪ ᠴᠢᠭᠯᠡᠯ ᠢ ᠢᠮᠠᠭᠲᠠ | ᠪᠠᠷᠢᠮᠲᠠᠯᠠᠵᠤ ᠴᠢᠳᠠᠨ᠎ᠠ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ︽ᠬᠤᠶᠠᠷ ᠢ ᠲᠣᠭᠲᠠᠭᠠᠬᠤ︾ ᠰᠢᠢᠳᠪᠦᠷᠢᠯᠡᠬᠦ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠰᠤᠷᠤᠯᠴᠠᠨ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠶᠢ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠪᠠ ᠦᠨᠳᠦᠰᠦᠨ ᠤᠯᠤᠰ ᠲᠦᠷᠦ ᠶᠢᠨ ᠶᠣᠰᠣ | ᠲᠦᠷᠢᠮ ᠪᠤᠯᠭᠠᠨ᠂ ︽ᠲᠦᠷᠦ ᠬᠦᠷᠦᠨ ᠤ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠲᠥᠪ ᠤᠨ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠳᠠ ᠶᠢ ᠦᠨᠡᠨᠬᠦ ᠪᠣᠳᠠᠲᠠᠢ ᠳᠤ | ᠨᠠᠶᠢᠳᠠᠪᠦᠷᠢᠵᠢᠭᠤᠯᠬᠤ ᠭᠡᠷᠡᠭᠳᠡᠢ᠃ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠬᠦ ᠤᠨᠤᠯ ᠢ ᠦᠵᠡᠯ | ᠰᠠᠨᠠᠭ᠎ᠠ ᠪᠠᠨ ᠵᠡᠪᠰᠡᠭᠯᠡᠬᠦ ᠴᠢᠬᠤᠯᠠ ᠠᠴᠠ ᠴᠢᠬᠤᠯᠠ ᠵᠦᠢᠯ ᠪᠤᠯᠭᠠᠨ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠵᠦ᠂ ᠰᠤᠷᠤᠯᠴᠠᠯᠭ᠎ᠠ ᠲᠤᠤᠱᠯᠠᠭᠤᠯᠤᠯᠲᠠ ᠶᠢᠨ | ᠲᠠᠰᠤᠷᠠᠯᠳᠡ ᠦᠭᠡᠢ ᠭᠦᠨᠵᠡᠭᠡᠶᠢᠷᠡᠬᠦ᠂ ᠰᠡᠳᠬᠢᠯ ᠳᠤ ᠬᠠᠳᠠᠩᠰᠢᠬᠤ ᠪᠠ ᠪᠣᠳᠠᠲᠠᠶᠢᠵᠢᠬᠤ ᠶᠢ ᠠᠬᠢᠭᠤᠯᠤᠨ᠎ᠠ᠃ ︽ | ᠳᠠᠪᠤ ᠶᠢ ᠬᠠᠮᠵᠢᠯᠴᠠᠭᠤᠯᠬᠤ︾ ᠪᠠᠷ ᠭᠤᠣᠯᠳᠠᠭᠤᠯᠵᠤ᠂ ᠦᠨᠳᠦᠰᠦᠨ ᠱᠠᠳᠤ ᠶᠢ ᠶᠡᠬᠡᠪᠡᠷ ᠠᠳᠬᠤᠨ᠂ ︽ᠬᠡᠷᠦᠯᠦᠨ | ᠬᠤᠰᠢᠭᠤᠴᠢ︾ ᠮᠠᠯᠵᠢᠬᠤ ᠣᠷᠣᠨ ᠤ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠦᠷᠭᠦᠯᠵᠢᠯᠡᠨ ᠡᠭᠦᠳᠴᠦ᠂ | ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ | ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠠᠬᠢᠭᠤᠯᠬᠤ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠭᠡᠷᠡᠭᠳᠡᠢ᠃ ᠰᠢᠨ᠎ᠡ ᠴᠠᠭ ᠦᠶ᠎ᠡ ᠶᠢᠨ ᠰᠠᠶᠢᠨ | ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠪᠣᠯᠤᠨ ᠴᠢᠳᠠᠪᠤᠷᠢᠲᠠᠨ ᠤ | ᠡᠩᠨᠡᠭᠡ ᠶᠢ ᠪᠠᠶᠢᠭᠤᠯᠤᠨ᠂ ᠴᠢᠳᠠᠪᠤᠷᠢᠲᠠᠨ ᠢ ᠤᠯᠠᠨ ᠲᠠᠯ᠎ᠠ ᠠᠴᠠ ᠬᠦᠮᠦᠵᠢᠬᠦᠯᠬᠦ ᠪᠠ ᠣᠷᠣᠭᠤᠯᠤᠨ ᠠᠪᠴᠢᠷᠠᠵᠤ᠂ | ᠰᠠᠶᠢᠲᠤᠷ ᠭᠡᠷᠡᠭᠯᠡᠬᠦ ᠭᠡᠷᠡᠭᠳᠡᠢ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠯᠢᠭ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠥᠴᠦᠬᠡᠨ ᠴᠦ | ᠰᠤᠯᠠᠷᠠᠭᠤᠯᠤᠯ ᠦᠭᠡᠢ ᠪᠠᠷ ᠵᠠᠯᠠᠷᠠᠭᠤᠯᠤᠨ ᠵᠠᠰᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ | ᠢᠯᠵᠠᠷᠠᠯ ᠢ ᠡᠰᠡᠷᠭᠦᠴᠡᠬᠦ ᠶᠢ ᠬᠦᠴᠦᠲᠡᠢ ᠠᠬᠢᠭᠤᠯᠵᠤ᠂ ᠡᠩᠭᠡ ᠠᠮᠤᠭᠤᠯᠠᠩ ᠤᠯᠤᠰ ᠲᠦᠷᠦ ᠶᠢᠨ ᠠᠮᠢ ᠠᠬᠤᠢ ᠶᠢ | ᠪᠤᠢ ᠪᠤᠯᠭᠠᠬᠤ ᠭᠡᠷᠡᠭᠳᠡᠢ᠃ | ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠤᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠲᠠᠰᠤᠷᠠᠯᠲᠠ ᠥᠬᠡᠶ ᠰᠢᠷᠭᠠᠭᠤ ᠠᠵᠢᠯᠯᠠᠨ᠂ ᠦᠷᠬᠦᠯᠵᠢᠯᠡᠨ ᠳᠡᠮᠡᠴᠡᠵᠦ᠂ ᠰᠢᠨ᠎ᠡ ᠪᠠᠷᠭᠤ | ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠭᠤᠶᠢᠳᠠ ᠰᠠᠶᠢᠬᠠᠨ | ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠪᠡᠯᠡᠭ ᠬᠦᠷᠭᠡᠶ᠎ᠡ︕ | | |