ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠦᠪᠡᠳᠡᠭᠰᠢ ᠶᠡᠬᠡᠪᠡᠷ ᠬᠤᠷᠠᠯᠳᠤᠪᠠ
ᠨᠡᠶᠢᠲᠡᠯᠡᠭᠰᠡᠨ ᠴᠠᠭ᠄
2022/1/13
     1 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠦᠨᠳᠦᠰᠦᠲᠡᠨ ᠤ ᠰᠣᠶᠣᠯ ᠤᠨ ᠲᠥᠪ ᠤᠨ ᠨᠢᠭᠡᠳᠦᠭᠡᠷ ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃      ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠵᠢᠩᠬᠢᠨᠢ ᠪᠠᠷ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ᠂ ᠰᠦᠷ ᠵᠢᠪᠬᠤᠯᠠᠩᠲᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠬᠤᠷᠠᠯ ᠤᠨ ᠲᠠᠯᠠᠪᠠᠢ ᠶᠢ ᠴᠤᠤᠷᠢᠶᠠᠲᠤᠭᠤᠯᠪᠠ᠃      ᠬᠤᠷᠠᠯ ᠤᠨ ᠲᠠᠯᠠᠪᠠᠢ ᠲᠥᠪ ᠴᠢᠩᠭ᠎ᠠ ᠪᠦᠭᠡᠳ ᠬᠦᠭᠵᠢᠶᠡᠨᠲᠡᠢ ᠪᠠᠶᠢᠵᠤ᠂ ᠪᠦᠯᠬᠦᠮᠳᠡᠯ ᠲᠠᠢ᠂ ᠠᠷᠠᠳᠴᠢᠯᠠᠯ ᠲᠠᠢ᠂ ᠪᠣᠷᠣᠭᠵᠢᠭᠤᠨ᠂ ᠪᠣᠳᠠᠲᠠᠶ ᠶᠢ ᠡᠷᠬᠢᠮᠯᠡᠭᠰᠡᠨ᠂ ᠡᠶ᠎ᠡ ᠵᠣᠬᠢᠴᠠᠯ ᠲᠠᠢ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠣᠯ ᠳᠠᠰᠢᠵᠠᠮᠰᠤ᠂ ᠠᠯᠮᠠᠰ᠂ ᠪᠦᠦ ᠱᠦᠢ ᠬᠤᠸᠠ᠂ ᠰᠤ᠋ ᠹᠧᠩ ᠨᠢᠩ᠂ ᠣᠷᠭᠢᠯ᠂ ᠯᠢ ᠰᠢᠨ ᠨᠠᠷ ᠪᠣᠯᠤᠨ᠎ᠠ᠃      ᠬᠤᠰᠢᠭᠤᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠪᠦᠬᠡᠪᠠᠶᠠᠷ᠂ ᠴᠠᠩ ᠴᠢᠩ᠂ ᠴᠧᠨ ᠯᠦᠩ ᠨᠠᠷ ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ︔ ᠬᠥᠯᠥᠨ ᠪᠤᠶᠢᠷ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠢᠭᠠᠨ ᠵᠢᠯᠣᠭᠤᠳᠴᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠪᠠᠶᠠᠨᠪᠠᠷᠰ ᠵᠢᠴᠢ ᠪᠦᠷᠢᠯᠳᠦᠭᠦᠨ ᠭᠡᠰᠢᠭᠦᠨ ᠪᠣᠯᠤᠨ ᠮᠠᠨ ᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠪᠠ︔ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠤᠳᠤᠷᠢᠳᠤᠯᠭ᠎ᠠ ᠶᠢᠨ ᠲᠥᠯᠥᠭᠡᠯᠡᠭᠴᠢ᠂ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠷᠢᠯᠭ᠎ᠠ ᠪᠠᠷ ᠶᠡᠭᠡ ᠬᠤᠷᠠᠯ ᠳᠤ ᠰᠤᠯᠠ ᠣᠷᠣᠯᠴᠠᠪᠠ᠃      ᠤᠯᠤᠰ ᠳᠦᠷᠤ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 108 ᠬᠦᠮᠦᠨ᠂ 107 ᠭᠡᠰᠢᠭᠦᠨ ᠲᠤᠰ ᠤᠳᠠᠭᠠᠨ ᠤ ᠬᠤᠷᠠᠯ ᠳᠤ ᠣᠷᠣᠯᠴᠠᠨ᠂ ᠬᠠᠥᠯᠢ ᠳᠤ ᠲᠣᠭᠲᠠᠭᠠᠭᠰᠠᠨ ᠬᠦᠮᠦᠨ ᠤ ᠲᠤᠭ᠎ᠠ ᠳᠤ ᠨᠡᠶᠢᠴᠡᠪᠡ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠶᠠᠷᠢᠶᠠᠨ ᠳᠠᠭᠠᠨ᠂ ᠬᠤᠰᠢᠭᠤᠨ ᠤ ᠨᠠᠮ ᠤᠨ ᠬᠤᠷᠢᠶ᠎ᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠡᠨᠡ ᠬᠦ ᠦᠨᠳᠦᠰᠦᠨ ᠤᠯᠤᠰ ᠲᠥᠷᠥ ᠶᠢᠨ ᠳᠦᠷᠢᠮ ᠢ ᠢᠮᠠᠭᠲᠠ ᠪᠠᠷᠢᠮᠲᠠᠯᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠶ ᠲᠥᠪ᠂ ᠥᠪᠡᠷᠲᠡᠭᠡᠨ ᠵᠠᠰᠠᠬᠤ ᠪᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠠᠯᠢ ᠣᠯᠠᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠨᠠᠮ ᠤᠨ ᠬᠤᠷᠢᠶ᠎ᠠ ᠶᠢᠨ ᠴᠢᠬᠤᠯᠠ ᠵᠥᠪᠯᠡᠬᠦ ᠵᠦᠢᠯ ᠳᠤ ᠣᠷᠣᠭᠤᠯᠬᠤ ᠶᠢ ᠪᠠᠷᠢᠮᠲᠠᠯᠠᠨ᠂ ᠪᠥᠬᠦ ᠬᠤᠰᠢᠭᠤᠨ ᠤ ᠭᠤᠤᠯ ᠠᠵᠢᠯ ᠲᠠᠢ ᠬᠠᠮᠲᠤ ᠪᠠᠷ ᠲᠦᠯᠦᠪᠵᠢᠭᠦᠯᠦᠨ᠂ ᠬᠠᠮᠲᠤ ᠪᠠᠷ ᠪᠠᠶᠢᠷᠢᠯᠠᠭᠤᠯᠵᠤ᠂ ᠬᠠᠮᠲᠤ ᠪᠠᠷ ᠨᠠᠶᠢᠳᠠᠪᠤᠷᠢᠵᠢᠭᠤᠯᠤᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠦᠷᠢᠮ ᠲᠣᠭᠲᠠᠭᠠᠯ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠢᠳᠡᠪᠬᠢᠲᠡᠶ ᠳᠡᠮᠵᠢᠵᠦ᠂ ᠨᠠᠮ ᠤᠨ ᠬᠤᠷᠢᠶ᠎ᠠ ᠠᠴᠠ ᠴᠢᠬᠤᠯᠠᠴᠢᠯᠠᠨ᠂ ᠵᠠᠰᠠᠭ ᠤᠨ ᠣᠷᠳᠣᠨ ᠳᠡᠮᠵᠢᠵᠦ᠂ ᠤᠯᠤᠰ ᠲᠥᠷᠥ ᠶᠢᠨ ᠵᠥᠪᠯᠡᠯᠭᠡᠨ ᠰᠠᠨᠠᠭᠠᠴᠢᠯᠠᠭ᠎ᠠ ᠲᠠᠢ᠂ ᠡᠯ᠎ᠡ ᠲᠠᠯ᠎ᠠ ᠶᠢᠨ ᠬᠢᠨ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠭ᠎ᠠ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠪᠥᠬᠦ ᠬᠤᠰᠢᠭᠤᠨ ᠤ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠠᠪᠤᠨ ᠵᠢᠯ ᠤᠨ ᠲᠤᠷᠰᠢ᠂ ᠠᠷᠪᠠᠨ ᠳᠥᠷᠪᠡᠳᠦᠭᠡᠷ ᠬᠤᠭᠤᠴᠠᠭᠠᠨ ᠤ ᠤᠯᠤᠰ ᠳᠦᠷᠤ ᠶᠢᠨ ᠵᠥᠪᠯᠡᠯᠭᠡᠨ ᠪᠠ ᠪᠦᠭᠦ ᠭᠡᠰᠢᠭᠦᠳ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠰᠢᠨ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠨ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠬᠦᠭᠵᠢᠯᠲᠡ ᠶᠢ ᠠᠬᠢᠭᠤᠯᠬᠤ ᠳᠤ ᠭᠠᠷᠮᠠᠭᠠᠶ ᠦᠷ᠎ᠡ ᠪᠦᠲᠦᠮᠵᠢ  ᠭᠠᠷᠭᠠᠪᠠ᠃ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠵᠡᠷᠭᠡ ᠪᠥᠬᠦ ᠲᠠᠯ᠎ᠠ ᠶᠢᠨ ᠴᠢᠨᠠᠷᠲᠠᠶ ᠴᠢᠬᠤᠯᠠ ᠶᠡᠭᠡ ᠠᠰᠠᠭᠤᠳᠠᠯ ᠤᠨ ᠲᠣᠭᠤᠷᠢᠨ ᠳᠤ ᠤᠯᠤᠰ ᠲᠥᠷᠥ ᠶᠢᠨ ᠵᠥᠪᠯᠡᠯᠭᠡ ᠬᠢᠵᠦ᠂ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠶᠡᠭᠡ ᠬᠡᠮᠵᠢᠶᠡᠨ ᠤ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠪᠠ᠃ ᠠᠷᠠᠳ ᠤᠨ ᠰᠠᠨᠠᠯ ᠢ ᠥᠷᠭᠡᠨ ᠢᠶᠠᠷ ᠰᠣᠨᠣᠰᠬᠤ᠂ ᠠᠷᠠᠳ ᠤᠨ ᠪᠠᠶᠢᠳᠠᠯ ᠢ ᠪᠠᠶᠢᠴᠠᠭᠠᠬᠤ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ ᠪᠠᠷ ᠳᠠᠮᠵᠢᠭᠤᠯᠤᠨ ᠂ ᠨᠡᠶᠢᠭᠡᠮ ᠤᠨ ᠭᠤᠣᠯᠳᠠᠯᠭ᠎ᠠ ᠲᠠᠢ᠂ ᠪᠡᠷᠬᠡᠲᠡᠶ ᠠᠰᠠᠭᠤᠳᠠᠯ ᠢ ᠰᠢᠢᠳᠪᠦᠷᠢᠯᠡᠬᠦ ᠶᠢ ᠪᠦᠲᠦᠮᠵᠢᠲᠡᠶ ᠠᠬᠢᠭᠤᠯᠵᠤ᠂ ᠨᠡᠶᠢᠭᠡᠮ ᠨᠡᠶᠢᠲᠡ ᠶᠢᠨ ᠦᠨᠳᠦᠷ ᠦᠨᠡᠯᠡᠯᠲᠡ ᠶᠢ ᠣᠯᠤᠭᠰᠠᠨ ᠪᠥᠭᠡᠳ ᠤᠯᠠᠨ ᠲᠦᠮᠡᠨ ᠳᠤ ᠥᠷᠭᠡᠨ ᠢᠶᠠᠷ ᠮᠡᠳᠡᠷᠡᠭᠳᠡᠭᠰᠡᠨ ᠪᠠᠶᠢᠨ᠎ᠠ᠃ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠬᠤᠰᠢᠭᠤᠨ ᠤ ᠨᠠᠮ ᠤᠨ ᠬᠤᠷᠢᠶ᠎ᠠ ᠰᠡᠳᠬᠢᠯ ᠬᠠᠨᠤᠮᠵᠢᠲᠠᠶ ᠪᠠᠶᠢᠨ᠎ᠠ᠂ ᠪᠦᠬᠦ ᠬᠤᠰᠢᠭᠤᠨ ᠤ ᠠᠷᠠᠳ ᠲᠦᠮᠡᠨ ᠴᠦ ᠰᠡᠳᠬᠢᠯ ᠬᠠᠨᠤᠮᠵᠢᠲᠠᠶ ᠪᠠᠶᠢᠨ᠎ᠠ᠃      ᠲᠡᠷᠡ ᠴᠢᠬᠤᠯᠠᠴᠢᠯᠠᠭᠰᠠᠨ ᠨᠢ᠂ ᠭᠡᠷᠡᠯ ᠰᠠᠴᠤᠷᠠᠩᠭᠤᠢ ᠠᠮᠵᠢᠯᠲᠠ ᠨᠢ ᠬᠥᠮᠦᠰ ᠢ ᠵᠣᠷᠢᠭᠵᠢᠭᠤᠯᠵᠤ᠂ ᠢᠷᠠᠭᠤ ᠠᠯᠳᠠᠷᠲᠤ ᠡᠭᠦᠷᠭᠡ ᠨᠢ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭ᠎ᠠ ᠪᠣᠯ ᠮᠠᠨ ᠤ ᠬᠤᠰᠢᠭᠤᠨ ᠤ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠦᠭᠵᠢᠯᠲᠡ ᠶᠢ ᠠᠬᠢᠭᠤᠯᠬᠤ ᠴᠢᠬᠤᠯᠠ ᠬᠤᠭᠤᠴᠠᠭ᠎ᠠ ᠪᠣᠯᠬᠤ ᠪᠦᠭᠡᠳ᠂ ᠪᠠᠰᠠ ᠴᠤ ᠰᠢᠨ᠎ᠡ ᠪᠠᠷᠭᠤ ᠪᠠᠷᠠᠭᠤᠨ ᠬᠤᠰᠢᠭᠤ ᠲᠠᠯᠲᠠ ᠬᠦᠴᠦᠨ ᠢᠶᠠᠨ ᠪᠠᠳᠠᠷᠠᠭᠤᠯᠤᠨ᠂ ᠪᠣᠬᠢᠷᠲᠤᠯ ᠣᠢᠭᠡᠢ ᠬᠦᠭᠵᠢᠭᠦᠯᠬᠦ ᠪᠠᠶᠢᠯᠳᠤᠬᠤ ᠪᠤᠲᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃ ᠪᠢᠳᠡ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ︽ᠳᠥᠷᠪᠡᠨ ᠢᠲᠡᠭᠡᠯ ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠷᠠᠳᠴᠢᠯᠠᠭᠰᠠᠨ ᠤᠯᠤᠰ ᠲᠥᠷᠥ ᠶᠢ ᠶᠡᠬᠡᠪᠡᠷ ᠬᠥᠭᠵᠢᠭᠦᠯᠦᠨ᠂ ᠦᠨᠳᠦᠰᠦᠲᠡᠨ ᠤ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠦᠭᠵᠢᠭᠦᠯᠬᠦ ᠶᠢ ᠠᠬᠢᠭᠤᠯᠤᠨ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠴᠢᠷᠮᠠᠶᠢᠨ ᠪᠥᠲᠥᠭᠡᠨ ᠪᠠᠶᠢᠭᠤᠯᠬᠤ ᠬᠡᠷᠡᠭᠲᠡᠢ᠃ ᠡᠳᠡᠭᠡᠷ ᠬᠠᠷᠠᠯᠲᠠ ᠶᠢ ᠪᠡᠶᠡᠯᠡᠭᠦᠯᠬᠦ ᠨᠢ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠵᠠᠶᠢᠯᠠᠭᠤᠯᠵᠤ ᠪᠣᠯᠤᠰᠢ ᠦᠭᠡᠶ ᠬᠠᠷᠢᠭᠤᠴᠠᠯᠭ᠎ᠠ ᠮᠥᠨ᠂ ᠣᠯᠠᠨ ᠢᠶᠠᠷ ᠢᠶᠠᠨ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠲᠠᠨᠢᠵᠤ ᠂ ᠬᠥᠭᠵᠢᠯᠲᠡ ᠶᠢ ᠲᠦᠷᠭᠡᠳᠬᠡᠬᠦ ᠪᠠᠴᠢᠮ ᠲᠤᠯᠭᠠᠮ᠎ᠠ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠦᠭᠡᠶ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠪᠦᠭᠦ ᠬᠤᠰᠢᠭᠤᠨ ᠤ ᠠᠵᠢᠯ ᠤᠨ ᠶᠡᠭᠡ ᠲᠠᠯ᠎ᠠ ᠳᠤ ᠲᠠᠯᠪᠢᠬᠤ ᠶᠢ ᠪᠠᠷᠢᠮᠲᠠᠯᠠᠵᠤ᠂ ᠲᠠᠶᠢᠴᠢᠯᠠᠵᠤ ᠪᠣᠯᠬᠤ ᠬᠦᠴᠦᠨ ᠵᠦᠢᠯ ᠪᠦᠭᠦᠨ ᠢ ᠭᠦᠢᠴᠡᠳ ᠲᠠᠶᠢᠴᠢᠯᠠᠵᠤ᠂ ᠪᠦᠯᠬᠦᠮᠳᠡᠵᠦ ᠪᠣᠯᠬᠤ ᠬᠦᠴᠦᠨ ᠪᠦᠭᠦᠨ ᠲᠠᠢ ᠪᠦᠯᠬᠦᠮᠳᠡᠵᠦ᠂ ᠤᠯᠤᠰ ᠲᠦᠷᠦ ᠶᠢᠨ ᠵᠥᠪᠯᠡᠯᠭᠡ ᠬᠢᠬᠦ ᠳᠤ ᠡᠷᠴᠢ  ᠲᠠᠢ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠬᠦᠴᠦᠨ ᠲᠠᠢ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠳᠤ ᠪᠦᠲᠦᠮᠵᠢᠲᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠴᠠᠭ ᠦᠶᠡᠴᠢ ᠴᠢᠨᠠᠷ ᠢ ᠦᠨᠡᠨ ᠬᠦ ᠢᠯᠡᠷᠡᠭᠦᠯᠵᠦ᠂ ᠵᠢᠮ᠎ᠡ ᠶᠣᠰᠣᠴᠢ ᠴᠢᠨᠠᠷ ᠢ ᠡᠵᠡᠮᠳᠡᠨ᠂ ᠪᠦᠲᠦᠭᠡᠯᠴᠢ ᠴᠢᠨᠠᠷ ᠲᠠᠢ ᠪᠣᠯᠭᠠᠵᠤ᠂ ᠲᠡᠦᠬᠡ ᠠᠴᠠ ᠳᠠᠭᠠᠭᠠᠯᠭᠠᠭᠰᠠᠨ ᠢᠷᠠᠭᠤ ᠠᠯᠳᠠᠷᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠪᠡ᠃       ᠲᠡᠷᠡ ᠱᠠᠭᠠᠷᠳᠠᠭᠰᠠᠨ ᠨᠢ᠄ ᠬᠤᠰᠢᠭᠤ ᠳᠠᠶᠠᠭᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠦᠨᠡᠨᠬᠦ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠵᠣᠷᠢᠭᠲᠠᠶ ᠪᠠᠷ ᠤᠷᠤᠭᠰᠢᠯᠠᠨ ᠲᠠᠪᠰᠢᠵᠤ᠂ ᠬᠦᠴᠦ ᠪᠠᠨ ᠬᠠᠮᠲᠤᠳᠬᠠᠨ ᠬᠠᠮᠲᠤᠪᠠᠷ ᠠᠵᠢᠯᠯᠠᠵᠤ᠂ ᠮᠠᠨ ᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠳᠤ ᠰᠢᠨ᠎ᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠨᠠᠮ ᠤᠨ ᠬᠤᠷᠢᠶᠠᠨ ᠤ ᠠᠵᠢᠯ ᠤᠨ ᠶᠡᠭᠡ ᠲᠠᠯ᠎ᠠ ᠳᠤ ᠣᠷᠣᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ᠂ ᠵᠠᠰᠠᠭ ᠤᠨ ᠣᠷᠳᠣᠨ ᠶᠡᠭᠡ ᠪᠠᠷ ᠳᠡᠮᠵᠢᠭᠰᠡᠨ᠂ ᠤᠯᠤᠰ ᠲᠦᠷᠦ ᠶᠢᠨ ᠵᠥᠪᠯᠡᠯᠭᠡᠨ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠭᠰᠡᠨ᠂ ᠡᠯ᠎ᠡ ᠲᠠᠯ᠎ᠠ ᠶᠢᠨ ᠬᠢᠨ ᠬᠠᠮᠵᠢᠯᠴᠠᠨ ᠬᠥᠳᠡᠯᠦᠯᠴᠡᠭᠰᠡᠨ ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ︔ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢ ᠶᠡᠭᠡ ᠪᠠᠷ ᠳᠡᠮᠵᠢᠵᠦ᠂ ︽ᠨᠠᠮ ᠤᠨ ᠬᠤᠷᠢᠶ᠎ᠠ ᠰᠡᠳᠦᠪ ᠭᠠᠷᠭᠠᠬᠤ᠂ ᠤᠯᠤᠰ ᠲᠦᠷᠦ ᠶᠢᠨ ᠵᠥᠪᠯᠡᠯᠭᠡᠨ ᠪᠠᠶᠢᠴᠠᠭᠠᠨ ᠰᠤᠳᠤᠯᠤᠯᠲᠠ ᠬᠢᠬᠦ᠂ ᠵᠠᠰᠠᠭ ᠤᠨ ᠣᠷᠳᠣᠨ ᠬᠦᠯᠢᠶᠡᠨ ᠠᠪᠬᠤ᠂ ᠰᠠᠯᠠᠭ᠎ᠠ ᠮᠥᠴᠢᠷ ᠰᠢᠢᠳᠪᠦᠷᠢᠯᠡᠬᠦ︾ ᠠᠵᠢᠯ ᠤᠨ ᠪᠠᠶᠢᠷᠢᠰᠢᠯ ᠢ ᠴᠢᠷᠮᠠᠶᠢᠨ ᠪᠤᠢ ᠪᠣᠯᠭᠠᠬᠤ ᠬᠡᠷᠡᠭᠲᠡᠶ︔ ᠤᠯᠤᠰ ᠲᠦᠷᠦ ᠶᠢᠨ ᠵᠥᠪᠯᠡᠯᠭᠡᠨ ᠤ ᠠᠵᠢᠯ ᠢᠶᠠᠨ ᠥᠷᠨᠢᠭᠦᠯᠬᠦ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ᠂ ᠵᠠᠷᠤᠳᠠᠯ᠂ ᠠᠵᠢᠯ ᠤᠨ ᠨᠥᠬᠦᠴᠡᠯ ᠵᠡᠷᠭᠡ ᠲᠠᠯ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠤᠷᠠᠯᠳᠤᠭᠠᠨ ᠪᠠ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠬᠤ ᠶᠢ ᠲᠡᠮᠵᠢᠵᠤ᠂ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ ᠨᠥᠬᠦᠴᠡᠯ ᠢ ᠴᠢᠷᠮᠠᠶᠢᠨ ᠪᠦᠷᠢᠯᠳᠦᠭᠦᠯᠵᠦ ᠥᠭᠬᠦ ᠬᠡᠷᠡᠭᠲᠡᠶ︔ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ᠂ ᠠᠳᠠᠯᠢ ᠪᠤᠰᠤ ᠨᠠᠮ ᠪᠦᠯᠦᠭ᠂ ᠠᠳᠠᠯᠢ ᠪᠤᠰᠤ ᠢᠲᠡᠭᠡᠯ ᠪᠢᠰᠢᠷᠡᠯ᠂ ᠠᠳᠠᠯᠢ ᠪᠤᠰᠤ ᠦᠨᠳᠦᠰᠦᠲᠡᠨ᠂ ᠡᠯ᠎ᠡ ᠠᠵᠢᠯ ᠤᠨ ᠹᠷᠤᠨᠲ ᠤᠨ ᠬᠤᠭᠤᠷᠣᠨᠳᠣᠬᠢ ᠬᠠᠮᠲᠤᠷᠠᠯᠴᠠᠭ᠎ᠠ ᠶᠢ ᠨᠡᠩ ᠰᠠᠶᠢᠲᠤᠷ ᠠᠬᠢᠭᠤᠯᠵᠤ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠲᠠᠰᠤᠷᠠᠯᠳᠠ ᠦᠭᠡᠢ ᠡᠷᠢᠯᠬᠢᠯᠡᠵᠦ᠂ ᠬᠢᠯᠢ ᠬᠢᠵᠠᠭᠠᠷ ᠣᠷᠣᠨ ᠤ ᠬᠠᠮᠲᠤᠷᠠᠨ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠴᠢᠨᠠᠭᠰᠢᠳᠠ ᠪᠠᠬᠢᠵᠢᠭᠦᠯᠦᠨ ᠬᠥᠭᠵᠢᠭᠦᠯᠬᠦ ᠬᠡᠷᠡᠭᠲᠡᠢ︔ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠰᠢᠨ᠎ᠡ ᠲᠠᠪᠰᠢᠯᠳᠠ ᠲᠠᠢ ᠪᠤᠯᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠣᠪᠣᠷ ᠰᠤᠷᠲᠠᠯ ᠰᠢᠯᠢᠳᠡᠭ᠂ ᠡᠷᠳᠡᠮ ᠮᠡᠳᠡᠯᠭᠡ ᠲᠠᠢ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠦᠨᠳᠦᠷ ᠬᠡᠪ ᠪᠣᠯᠪᠠᠰᠤᠷᠠᠯ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠵᠤ᠂ ᠰᠤᠷᠤᠯᠴᠠᠬᠤ᠂ ᠦᠢᠯᠡᠴᠢᠯᠡᠬᠦ᠂ ᠠᠷᠢᠭᠤᠨ ᠴᠢᠬᠡᠴᠢ ᠪᠠ ᠠᠮᠢᠳᠤᠯᠢᠭ ᠬᠦᠴᠦᠨ ᠪᠦᠬᠦᠢ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢ ᠪᠤᠢ ᠪᠣᠯᠭᠠᠬᠤ ᠬᠡᠷᠡᠭᠲᠡᠶ ᠭᠡᠵᠡᠢ᠃      ᠬᠠᠯᠠᠭᠤᠨ ᠠᠯᠠᠭ᠎ᠠ ᠲᠠᠰᠢᠯᠲᠠ ᠶᠢᠨ ᠳᠤᠮᠳᠠ᠂ ᠳᠠᠰᠢᠵᠠᠮᠰᠤ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃      ᠳᠠᠰᠢᠵᠠᠮᠰᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠪᠦᠬᠦ ᠲᠠᠯ᠎ᠠ ᠪᠠᠷ ᠡᠷᠭᠢᠴᠡᠭᠦᠯᠬᠦ ᠶᠢᠨ ᠬᠠᠮᠲᠤ ᠰᠢᠨ᠎ᠡ ᠨᠢᠭᠡ ᠬᠤᠭᠤᠴᠠᠭᠠᠨ ᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠰᠠᠨᠠᠭᠤᠯᠭ᠎ᠠ ᠳᠤᠷᠠᠳᠪᠠ᠃ ᠲᠡᠷᠡ ᠬᠡᠯᠡᠬᠦ ᠳᠡᠭᠡᠨ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠠᠴᠠ ᠨᠠᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠤᠨ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠳᠣᠪᠤᠶᠢᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠪᠣᠯᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ᠂ ᠪᠥᠬᠦ ᠬᠤᠰᠢᠭᠤᠨ ᠤ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠴᠢᠬᠤᠯᠠ ᠠᠭᠤᠯᠭ᠎ᠠ ᠪᠣᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠶᠢ ᠴᠢᠬᠤᠯᠠ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠬᠥᠲᠥᠯᠦᠨ ᠳᠠᠭᠠᠭᠤᠯᠵᠤ ᠶᠡᠭᠡ ᠲᠠᠯ᠎ᠠ ᠳᠤ ᠦᠢᠯᠡᠴᠢᠯᠡᠬᠦ ᠶᠠᠪᠤᠴᠠ ᠶᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠨᠡᠶᠢᠭᠡᠮ ᠤᠨ ᠪᠥᠬᠦ ᠲᠠᠯ᠎ᠠ ᠶᠢᠨ ᠳᠠᠪᠰᠢᠯᠲᠠ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃      ᠭᠤᠣᠯ ᠢᠯᠡᠷᠡᠯ ᠨᠢ᠄ ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠲᠠᠰᠤᠷᠠᠯᠲᠠ ᠦᠭᠡᠶ ᠪᠠᠬᠢᠵᠢᠭᠦᠯᠦᠨ᠂ ᠬᠥᠭᠵᠢᠯᠲᠡ ᠶᠢᠨ ᠶᠡᠭᠡ ᠲᠠᠯ᠎ᠠ ᠳᠤ ᠦᠷᠬᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠭᠤᠣᠯ ᠠᠵᠢᠯ ᠲᠠᠢ ᠤᠶᠠᠯᠳᠤᠭᠤᠯᠤᠨ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠠᠵᠢᠯ ᠢ ᠥᠷᠭᠡᠨ ᠳᠡᠯᠭᠡᠷ ᠭᠦᠨ ᠭᠦᠨᠵᠡᠭᠡᠶ ᠥᠷᠨᠢᠭᠦᠯᠪᠡ︔ ᠠᠷᠠᠳ ᠤᠨ ᠠᠮᠢᠳᠤᠷᠠᠯ ᠤᠨ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠦᠷᠭᠦᠯᠵᠢᠯᠡᠨ ᠠᠩᠬᠠᠷᠴᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠨᠡᠩ ᠬᠦᠴᠦᠲᠡᠶ ᠪᠥᠭᠡᠳ ᠪᠦᠲᠦᠮᠵᠢᠲᠡᠶ ᠪᠣᠯᠭᠠᠪᠠ︔ ᠪᠦᠯᠬᠦᠮᠳᠡᠯ ᠠᠷᠠᠳᠴᠢᠯᠠᠯ ᠢ ᠦᠷᠭᠦᠯᠵᠢᠯᠡᠨ ᠲᠤᠪᠤᠶᠢᠯᠭᠠᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠤᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃      ᠳᠠᠰᠢᠵᠠᠮᠰᠤ ᠵᠢᠭᠠᠵᠤ ᠭᠠᠷᠭᠠᠬᠤ ᠳᠠᠭᠠᠨ᠂ ᠬᠤᠶᠢᠰᠢᠳᠠ ᠶᠢᠨ ᠲᠠᠪᠤᠨ ᠵᠢᠯ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ︽7.1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠰᠢᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ᠡᠯ᠎ᠡ ᠵᠦᠢᠯ ᠤᠨ ᠠᠵᠢᠯ ᠤᠨ ᠬᠠᠷᠠᠯᠲᠠ ᠪᠠ ᠡᠭᠦᠷᠭᠡ ᠶᠢᠨ ᠲᠣᠭᠤᠷᠢᠨ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠡᠵᠡᠮᠰᠢᠵᠦ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠤᠤᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠨ᠂ ᠬᠥᠭᠵᠢᠯᠲᠡ ᠶᠢᠨ ᠶᠡᠭᠡ ᠲᠠᠯ᠎ᠠ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠲᠠᠰᠤᠷᠠᠯᠲᠠ ᠥᠬᠡᠶ ᠳᠣᠪᠤᠶᠢᠯᠭᠠᠨ᠂ ᠴᠢᠳᠠᠪᠤᠷᠢ ᠶᠢᠨ ᠪᠠᠶᠢᠭᠤᠯᠤᠯᠲᠠ ᠶᠢ ᠨᠠᠩ ᠢᠯᠡᠭᠦᠤ ᠴᠢᠬᠤᠯᠠᠴᠢᠯᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠨᠡᠶᠢᠭᠡᠮ ᠤᠨ ᠪᠥᠬᠦ ᠲᠠᠯ᠎ᠠ ᠶᠢᠨ ᠳᠠᠪᠰᠢᠯᠲᠠ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃      ᠡᠭᠦᠨ ᠳᠤ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤᠷᠠᠳᠤᠨ ᠭᠠᠷᠭᠠᠪᠠ᠄ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪ ᠴᠢᠭᠯᠡᠯ ᠢ ᠢᠮᠠᠭᠲᠠ ᠡᠵᠡᠮᠳᠡᠨ᠎ᠡ︔ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠭᠤᠣᠯᠳᠠᠯᠭ᠎ᠠ ᠶᠢ ᠦᠨᠡᠨᠬᠦ ᠡᠵᠡᠮᠳᠡᠨ᠎ᠡ︔ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠥᠭᠵᠢᠯᠲᠡ ᠶᠢᠨ ᠠᠬᠢᠴᠠ ᠶᠢ ᠪᠠᠲᠤ ᠡᠵᠡᠮᠳᠡᠨ᠎ᠡ᠃      ᠳᠠᠰᠢᠵᠠᠮᠰᠤ᠂ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠶᠡᠷᠦᠩᠬᠡᠶ ᠰᠡᠳᠬᠢᠴᠡ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠰᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠡᠩ ᠰᠠᠶᠢᠲᠤᠷ ᠨᠢᠭᠲᠠᠷᠠᠭᠤᠯᠵᠤ᠂ ᠨᠠᠮ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠤᠶᠤᠨ ᠤᠬᠠᠭᠠᠨ ᠪᠣᠯᠤᠨ ᠬᠦᠴᠦᠨ ᠴᠢᠳᠠᠯ ᠢ ᠨᠢᠭᠲᠠᠷᠠᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠲᠦᠷᠪᠡᠨ ᠲᠠᠯ᠎ᠠ ᠶᠢᠨ ᠠᠵᠢᠯ ᠢ ᠪᠣᠳᠠᠲᠠᠢ ᠰᠠᠶᠢᠲᠤᠷ ᠬᠢᠬᠦ ᠬᠡᠷᠡᠭᠲᠡᠢ᠄ ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠬᠤ ᠶᠢ ᠴᠢᠩᠭᠠᠳᠬᠠᠵᠤ᠂ ᠨᠡᠩ ᠥᠨᠳᠥᠷ ᠤᠯᠤᠰ ᠲᠦᠷᠦ ᠶᠢᠨ ᠵᠣᠭᠰᠣᠴᠠ ᠪᠠᠷ ᠨᠠᠮ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠰᠡᠳᠬᠢᠴᠡ ᠠᠷᠭ᠎ᠠ ᠬᠡᠮᠵᠢᠶ᠎ᠡ ᠪᠠᠷ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠰᠢᠨ᠎ᠡ ᠪᠠᠶᠢᠷᠢᠰᠢᠯ ᠢ ᠴᠢᠷᠮᠠᠶᠢᠨ ᠦᠷᠭᠡᠳᠬᠡᠨ᠎ᠡ︔ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠠᠷ ᠬᠦᠴᠦᠯᠡᠨ ᠴᠢᠷᠮᠠᠶᠢᠵᠤ᠂ ᠨᠡᠩ ᠶᠡᠭᠡ ᠬᠠᠷᠢᠭᠤᠴᠠᠯᠭ᠎ᠠ ᠪᠠᠷ ᠠᠵᠢᠯᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠴᠢᠷᠮᠠᠶᠢᠨ ᠵᠢᠷᠤᠭᠯᠠᠨ᠎ᠠ︔ ᠦᠨᠳᠦᠰᠦ ᠪᠠᠨ ᠪᠠᠬᠢᠵᠢᠭᠦᠯᠵᠦ ᠰᠠᠭᠤᠷᠢ ᠪᠠᠨ ᠪᠠᠲᠤᠳᠬᠠᠬᠤ ᠶᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ ᠶᠢᠨ ᠱᠠᠭᠠᠷᠳᠠᠯᠭ᠎ᠠ ᠪᠠᠷ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠴᠤᠭ ᠵᠢᠪᠬᠤᠭ᠎ᠠ ᠶᠢ ᠬᠦᠴᠦᠯᠡᠨ ᠢᠯᠡᠷᠡᠭᠦᠯᠦᠨ᠎ᠡ᠃      ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠪᠦᠦ ᠱᠦᠢ ᠬᠤᠸᠠ ᠶᠡᠭᠡ ᠬᠤᠷᠠᠯ ᠳᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠬᠢᠪᠡ ᠃ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠠᠴᠠ ᠨᠠᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠭᠤᠷᠪᠠᠨ ᠶᠡᠭᠡ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠶ ᠭᠦᠢᠴᠡᠳᠬᠡᠵᠦ᠂ ︽ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠪ ᠤᠨ ᠠᠵᠢᠯ ᠵᠢᠴᠢ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ᠂ ᠬᠦᠴᠢᠷ ᠠᠰᠠᠭᠤᠳᠠᠯ ᠤᠨ ᠲᠣᠭᠤᠷᠢᠨ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠶ ᠲᠤᠭᠤᠷᠪᠢᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠰᠢ ᠣᠯᠠᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠤ᠂ ᠮᠠᠨ ᠤ ᠬᠤᠰᠢᠭᠤᠨ ᠤ ᠠᠵᠤ ᠠᠬᠤᠶ᠂ ᠤᠯᠤᠰ ᠲᠥᠷᠥ᠂ ᠰᠣᠶᠣᠯ᠂ ᠨᠡᠶᠢᠭᠡᠮ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠥᠩᠭᠡᠷᠡᠭᠰᠡᠨ ᠵᠢᠯ ᠤᠳ ᠤᠨ ᠰᠠᠨᠠᠯ ᠳᠤᠷᠠᠳᠤᠯᠭ᠎ᠠ ᠶᠢᠨ ᠰᠠᠨᠠᠯ ᠳᠤᠷᠠᠳᠤᠯᠭ᠎ᠠ ᠨᠢᠭᠡᠪᠦᠷᠢ᠂ ᠰᠠᠨᠠᠭᠤᠯᠭ᠎ᠠ ᠨᠢᠭᠡᠪᠦᠷᠢ ᠨᠢ ᠴᠥᠮ ᠴᠠᠭ ᠦᠶ᠎ᠡ ᠶᠢᠨ ᠬᠥᠭᠵᠢᠯᠲᠡ ᠲᠠᠢ ︽ᠠᠳᠠᠯᠢ ᠳᠠᠪᠲᠠᠮᠵᠢ︾ ᠲᠠᠢ᠂ ᠨᠠᠮ ᠵᠠᠰᠠᠭ ᠤᠨ ᠠᠵᠢᠯ ᠲᠠᠢ ︽ᠰᠠᠨᠠᠯ ᠨᠢᠭᠡᠲᠡᠶ︾᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ︽ᠰᠠᠨᠠᠯ ᠨᠢᠭᠡᠲᠡᠶ︾ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠣᠭ ᠰᠠᠨᠠᠭ᠎ᠠ ᠪᠠ ᠣᠶᠤᠨ ᠤᠬᠠᠭᠠᠨ ᠢ ᠨᠢᠭᠲᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡ ᠪᠠ ᠬᠠᠶᠢᠷ᠎ᠠ ᠰᠡᠳᠬᠢᠯᠭᠡ ᠶᠢ ᠳᠠᠮᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠪᠠ᠃      ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠠᠴᠠ ᠲᠠᠪᠤᠳᠤᠭᠠᠷ ᠬᠤᠷᠠᠯ ᠪᠣᠯᠲᠠᠯᠠᠬᠢ ᠬᠤᠭᠤᠴᠠᠭᠠᠨ ᠳᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠲᠡ 393 ᠬᠤᠪᠢ ᠭᠥᠯᠢᠶᠡᠨ ᠠᠪᠴᠤ᠂ 381 ᠬᠤᠪᠢ ᠰᠠᠨᠠᠯ ᠳᠤᠷᠠᠳᠤᠯᠭ᠎ᠠ ᠶᠢ ᠬᠡᠷᠡᠭ ᠪᠣᠯᠭᠠᠨ ᠳᠡᠩᠰᠡᠯᠡᠪᠡ᠂ ᠡᠭᠦᠨ ᠳᠤ ᠠᠵᠤ ᠠᠬᠤᠶ ᠶᠢᠨ ᠲᠥᠷᠥᠯ 66 ᠬᠤᠪᠢ᠂ ᠤᠯᠤᠰ ᠲᠥᠷᠥ ᠶᠢᠨ ᠲᠥᠷᠥᠯ 12 ᠬᠤᠪᠢ᠂ ᠨᠡᠶᠢᠭᠡᠮ ᠤᠨ ᠲᠥᠷᠥᠯ 208 ᠬᠤᠪᠢ᠂ ᠰᠣᠶᠣᠯ ᠤᠨ ᠲᠥᠷᠥᠯ 34 ᠬᠤᠪᠢ᠂ ᠠᠮᠢ ᠠᠬᠤᠶ ᠶᠢᠨ ᠲᠥᠷᠥᠯ 33 ᠬᠤᠪᠢ᠂ ᠪᠤᠰᠤᠳ ᠲᠦᠷᠦᠯ 28 ᠬᠤᠪᠢ ᠪᠣᠶ᠃ ᠨᠡᠶᠢᠭᠡᠮ ᠤᠨ ᠲᠦᠷᠦᠯ ᠤᠨ ᠰᠠᠨᠠᠯ ᠵᠥᠪᠯᠡᠯᠭᠡ ᠨᠢ ᠥᠩᠭᠡᠷᠡᠭᠰᠡᠨ ᠵᠢᠯ ᠤᠳ ᠤᠨ ᠰᠠᠨᠠᠯ ᠵᠥᠪᠯᠡᠯᠭᠡ ᠶᠢᠨ ᠳᠣᠲᠣᠷ᠎ᠠ ᠢᠮᠠᠭᠲᠠ ᠬᠠᠮᠤᠭ ᠤᠨ ᠥᠨᠳᠥᠷ ᠬᠠᠷᠢᠴᠠᠯ ᠢ ᠡᠵᠡᠯᠡᠵᠦ᠂ ᠰᠠᠨᠠᠯ ᠵᠥᠪᠯᠡᠯᠭᠡ ᠶᠢᠨ ᠪᠦᠬᠦ ᠲᠣᠭᠠᠨ ᠤ 54.6% ᠶᠢ ᠡᠵᠡᠯᠡᠪᠡ︔ ᠳᠠᠷᠠᠭᠠᠯᠠᠪᠠᠯ ᠲᠣᠰ ᠲᠣᠰ ᠠᠵᠤ ᠠᠬᠤᠶ ᠶᠢᠨ ᠲᠥᠷᠥᠯ᠂ ᠠᠮᠢ ᠠᠬᠤᠶ ᠶᠢᠨ ᠲᠥᠷᠥᠯ᠂ ᠰᠣᠶᠣᠯ ᠤᠨ ᠲᠥᠷᠥᠯ᠂ ᠤᠯᠤᠰ ᠲᠥᠷᠥ ᠶᠢᠨ ᠲᠥᠷᠥᠯ ᠪᠠᠶᠢᠵᠤ᠂ ᠲᠣᠰ ᠲᠣᠰ 17.32%᠂ 8.92%᠂ 8.67% ᠪᠠ 3.14% ᠶᠢ ᠡᠵᠡᠯᠡᠵᠦ᠂ ᠪᠤᠰᠤᠳ ᠲᠥᠷᠥᠯ ᠨᠢ 7.35% ᠶᠢ ᠡᠵᠡᠯᠡᠵᠦ᠂ ᠰᠢᠢᠳᠪᠦᠷᠢᠯᠡᠵᠦ ᠰᠡᠷᠭᠦᠭᠡᠭᠰᠡᠨ ᠨᠣᠷᠮ᠎ᠠ ᠨᠢ 100% ᠳᠤ ᠬᠦᠷᠴᠦ᠂ ᠭᠡᠰᠢᠭᠦᠳ ᠤᠨ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠳᠤᠮᠳᠠᠴᠢ ᠪᠠᠷ 98% ᠶᠢ ᠪᠠᠲᠤᠯᠠᠪᠠ᠃ ᠰᠢᠰᠲ᠋ᠧᠮᠵᠢᠭᠦᠯᠦᠨ ᠰᠢᠢᠳᠪᠦᠷᠢᠯᠡᠬᠦ ᠵᠠᠷᠴᠢᠮ ᠶᠣᠰᠣᠭᠠᠷ᠂ ᠡᠲᠡᠭᠡᠷ ᠰᠠᠨᠠᠯ ᠳᠤᠷᠠᠳᠤᠯᠭ᠎ᠠ ᠶᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠳᠠᠭᠠᠭᠠᠨ ᠰᠢᠢᠳᠪᠦᠷᠢᠯᠡᠬᠦ ᠰᠠᠯᠠᠭ᠎ᠠ ᠮᠥᠴᠢᠷ ᠠᠴᠠ ᠲᠣᠰ ᠲᠣᠰ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠷᠢᠭᠤ ᠥᠭᠴᠦ ᠰᠢᠢᠳᠪᠦᠷᠢᠯᠡᠪᠡ᠃      ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠴᠤᠸᠠᠨ ᠱᠧᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠤ ᠵᠢᠱᠢᠭᠳᠡᠭᠴᠢ ᠶᠢᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠵᠡᠶ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号