ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠯᠡᠳᠬᠡᠯ ᠬᠤᠷᠠᠯ ᠬᠢᠪᠠ
ᠨᠡᠶᠢᠲᠡᠯᠡᠭᠰᠡᠨ ᠴᠠᠭ᠄
2022/1/13
     1 ᠰᠠᠷ᠎ᠠ ᠶᠢᠨ 12 ᠤᠨ ᠡᠳᠦᠷ᠂ ᠦᠨᠳᠦᠰᠦᠲᠡᠨ ᠤ ᠰᠣᠶᠣᠯ ᠤᠨ ᠲᠥᠪ ᠤᠨ ᠨᠢᠭᠡᠳᠦᠭᠡᠷ ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠯᠡᠳᠬᠡᠯ ᠬᠤᠷᠠᠯ ᠬᠢᠪᠠ᠃ ᠬᠥᠯᠥᠨ ᠪᠤᠶᠢᠷ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠢᠭᠠᠨ ᠵᠢᠯᠣᠭᠤᠳᠬᠤ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠪᠠᠶᠠᠷᠪᠠᠷᠰ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠴᠧᠨ ᠯᠦᠩ᠂ ᠸᠠᠩ ᠶᠢᠩ ᠬᠤ᠋᠂ ᠳ᠋ᠠᠢ ᠶᠢᠨ ᠴᠢᠤᠸᠠᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ᠂ ᠪᠦᠬᠡᠪᠠᠶᠠᠷ᠂ ᠴᠠᠩ ᠴᠢᠩ᠂ ᠳᠠᠰᠢᠵᠠᠮᠰᠤ᠂ ᠵᠢᠶᠠ ᡁᠢ ᠺᠦᠢ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠥᠯᠥᠭᠡᠯᠡᠭᠴᠢ 153 ᠬᠥᠮᠦᠨ ᠪᠠᠶᠢᠵᠤ᠂ ᠲᠣᠰ ᠤᠳᠠᠭᠠᠨ ᠤ ᠬᠤᠷᠠᠯ ᠳᠤ ᠣᠷᠣᠯᠴᠠᠭᠰᠠᠨ ᠲᠥᠯᠥᠭᠡᠯᠡᠭᠴᠢ 142 ᠬᠥᠮᠦᠨ ᠪᠠᠶᠢᠵᠤ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠨᠢ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠦ ᠪᠠᠶᠢᠨ᠎ᠠ᠃      ᠬᠤᠷᠠᠯ ᠠᠴᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠪᠠ᠃ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠥᠪᠯᠡᠬᠦ ᠵᠦᠢᠯ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠳ ᠤᠨ ᠨᠡᠷᠡᠰ ᠢ ᠪᠠᠲᠤᠯᠠᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ᠂ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠶᠢᠨ ᠨᠡᠷᠡᠰ ᠢ ᠨᠡᠶᠢᠲᠡᠯᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号