2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2022/1/17
     ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠶ ᠰᠡᠳᠬᠢᠴᠡ ᠪᠠ ᠠᠵᠢᠯ ᠤᠨ ᠲᠤᠬᠢᠷᠠᠭᠤᠯᠤᠯᠳᠠ      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ ᠪᠢᠳᠡᠨ ᠳᠤ ᠢᠷᠡᠭᠡᠳᠦᠢ ᠶᠢᠨ ᠲᠠᠪᠤᠨ ᠵᠢᠯ ᠵᠢᠴᠢ 2035 ᠣᠨ ᠤ ᠠᠤᠭ᠎ᠠ ᠲᠥᠰᠦᠪ ᠢ ᠵᠢᠷᠤᠭᠯᠠᠵᠤ᠂ ᠪᠢᠳᠡᠨ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠬᠤᠶᠢᠰᠢᠳᠠ ᠶᠢᠨ ᠲᠠᠪᠤᠨ ᠵᠢᠯ ᠳᠤ᠂ ᠮᠠᠨ ᠤ ᠬᠤᠰᠢᠭᠤᠨ ᠤ ᠬᠥᠭᠵᠢᠯᠲᠡ ᠳᠤ ᠠᠵᠠ ᠲᠣᠬᠢᠶᠠᠯ ᠪᠠ ᠥᠷᠢᠰᠥᠯᠳᠦᠭᠡᠨ ᠵᠡᠷᠭᠡᠪᠡᠷ ᠤᠷᠤᠰᠢᠬᠤ ᠪᠤᠯᠪᠠᠴᠦ ᠶᠡᠷᠦᠩᠬᠡᠶ ᠳᠡᠭᠡᠨ ᠠᠵᠠ ᠲᠣᠬᠢᠶᠠᠯ ᠨᠢ ᠥᠷᠢᠰᠥᠯᠳᠦᠭᠡᠨ ᠠᠴᠠ ᠶᠡᠭᠡ ᠪᠠᠶᠢᠳᠠᠭ᠃ ᠭᠠᠳᠠᠭᠠᠳᠤ ᠣᠷᠴᠢᠨ ᠲᠣᠭᠤᠷᠢᠨ ᠢ ᠵᠠᠳᠠᠯᠵᠦ ᠦᠵᠡᠪᠡᠯ᠂ ᠪᠦᠬᠦ ᠤᠯᠤᠰ ᠤᠨ ᠠᠵᠤ ᠠᠬᠤᠢ ᠶᠢᠨ ᠬᠥᠭᠵᠢᠯᠲᠡ ᠬᠤᠷᠳᠤᠴᠠ ᠶᠢᠨ ᠬᠤᠪᠢᠷᠠᠯᠲᠠ᠂ ᠪᠦᠲᠦᠴᠡ ᠶᠢᠨ ᠰᠢᠯᠢᠳᠡᠭᠵᠢᠯ᠂ ᠬᠥᠳᠡᠯᠭᠡᠬᠦ ᠬᠦᠴᠦᠨ ᠤ ᠰᠣᠯᠢᠭᠳᠠᠯ ᠤᠨ ᠰᠢᠨ᠎ᠡ ᠬᠡᠪ ᠪᠠᠶᠢᠳᠠᠯ ᠳᠤ ᠣᠷᠣᠵᠤ᠂ ︽ᠨᠢᠭᠡ ᠪᠦᠰᠡ ᠨᠢᠭᠡ ᠵᠠᠮ︾᠂ ᠤᠯᠤᠰ ᠤᠨ ᠭᠤᠣᠯ ᠴᠣᠭᠴᠠ ᠶᠢᠨ ᠴᠢᠳᠠᠮᠵᠢᠳᠦ ᠣᠷᠣᠨ᠂ ᠰᠢᠨ᠎ᠡ ᠶᠢ ᠡᠭᠦᠳᠬᠦ ᠪᠠᠷ ᠬᠦᠭᠵᠢᠯᠳᠡ ᠶᠢ ᠳᠠᠶᠢᠴᠢᠯᠠᠬᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠯᠢ ᠤᠯᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠭᠦᠨᠵᠡᠭᠡᠢ ᠭᠡᠷᠡᠭᠵᠢᠬᠦᠯᠦᠨ᠂ ᠥᠪᠡᠷᠲᠡᠭᠡᠨ ᠵᠠᠰᠠᠬᠤ ᠣᠷᠣᠨ ᠠᠴᠠ ᠵᠡᠭᠦᠨ ᠳᠤᠮᠳᠠ ᠪᠠᠷᠠᠭᠤᠨ ᠬᠡᠰᠡᠭ ᠤᠨ ᠠᠶᠢᠮᠠᠭ ᠬᠤᠳᠠ ᠶᠢᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠠᠵᠠ ᠲᠣᠬᠢᠶᠠᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠪᠤᠢ ᠪᠤᠯᠭᠠᠨ᠎ᠠ᠃ ᠬᠡᠳᠦ᠋ᠢᠪᠡᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠨᠦᠯᠦᠭᠡᠯᠡᠭᠳᠡᠭᠰᠡᠨ ᠪᠣᠯᠪᠠᠴᠤ᠂ ᠮᠠᠨ ᠤ ᠬᠤᠰᠢᠭᠤᠨ ᠤ ᠠᠵᠤ ᠠᠬᠤᠶ ᠶᠢᠨ ᠣᠷᠳᠣ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠥᠬᠡᠶ᠂ ᠪᠢᠳᠡᠨ ᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠤᠮᠠᠷᠠᠰᠢ ᠨᠡᠭᠡᠭᠡᠯᠲᠡ ᠬᠢᠬᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠤᠷᠬᠢᠯ ᠳᠤ ᠬᠦᠷᠭᠡᠬᠦ ᠪᠠ ᠳᠡᠩᠴᠡᠬᠦᠷᠢᠰᠢᠬᠦᠯᠬᠦ ᠵᠡᠷᠭᠡ ᠳᠠᠯ᠎ᠠ ᠶᠢᠨ ᠬᠥᠭᠵᠢᠯᠲᠡ ᠶᠢᠨ ᠣᠷᠣᠨ ᠵᠠᠶ ᠨᠠᠩ ᠶᠡᠭᠡ ᠪᠣᠯᠵᠣ᠂ ᠬᠥᠭᠵᠢᠯᠲᠡ ᠶᠢᠨ ᠬᠦᠷᠢᠶ᠎ᠡ ᠬᠡᠪᠴᠢᠶ᠎ᠡ ᠨᠠᠩ ᠦᠷᠭᠡᠨ ᠪᠤᠯᠤᠨ᠎ᠠ᠃ ᠳᠣᠲᠣᠭᠠᠳᠤ ᠣᠷᠴᠢᠨ ᠲᠣᠭᠤᠷᠢᠨ ᠢ ᠵᠠᠳᠠᠯᠵᠦ ᠦᠵᠡᠪᠡᠯ᠂ ᠥᠩᠭᠡᠷᠡᠭᠰᠡᠨ ᠳᠥᠷᠪᠡᠨ ᠵᠢᠯ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠪᠠᠷ ᠳᠠᠮᠵᠢᠨ᠂ ᠮᠠᠨ ᠤ ᠬᠤᠰᠢᠭᠤᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠴᠢᠩᠭᠠᠷᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠬᠢᠯᠢ ᠶᠢᠨ ᠪᠣᠭᠤᠮᠲᠠ ᠶᠢ ᠤᠯᠠᠷᠢᠯ ᠤᠨ ᠴᠢᠨᠠᠷᠲᠠᠢ ᠨᠡᠭᠡᠭᠡᠬᠦ ᠪᠠᠶᠢᠭᠰᠠᠨ ᠠᠴᠠ ᠵᠢᠯ ᠳᠤᠷᠰᠢᠳᠠ ᠴᠢᠯᠦᠭᠡᠳᠡᠢ ᠨᠡᠭᠡᠭᠡᠬᠦ ᠪᠣᠯᠵᠤ᠂ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠢᠨᠵᠧᠨᠧᠷᠢᠩ ᠢ ᠲᠡᠭᠦᠰ ᠠᠮᠵᠢᠯᠲᠠ ᠲᠠᠢ ᠪᠡᠶᠡᠯᠡᠬᠦᠯᠦᠨ᠂ ᠨᠢᠭᠡ ᠪᠦᠯᠦᠭ ᠲᠦᠷᠦ ᠶᠢᠨ ᠪᠤᠳᠤᠯᠭ᠎ᠠ ᠶᠢᠨ ᠠᠰᠢᠭ᠂ ᠥᠭᠡᠷᠡᠴᠢᠯᠡᠯᠲᠡ ᠶᠢᠨ ᠠᠰᠢᠭ᠂ ᠠᠮᠢ ᠠᠬᠤᠢ ᠶᠢᠨ ᠠᠰᠢᠭ᠂ ᠨᠡᠬᠡᠬᠡᠯᠳᠡ ᠶᠢᠨ ᠠᠰᠢᠭ ᠶᠠᠭ ᠳᠠᠪᠬᠤᠷᠳᠠᠨ ᠢᠯᠡᠷᠡᠵᠦ ᠪᠤᠢ᠂ ᠡᠳᠡᠭᠡᠷ ᠢᠳᠡᠪᠬᠢ ᠬᠦᠴᠦᠨ ᠵᠦᠢᠯ ᠨᠢ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠳᠤ ᠠᠰᠢᠭᠲᠠᠢ ᠨᠥᠬᠦᠴᠡᠯ ᠢ ᠡᠭᠦᠳᠴᠦ᠂ ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠢ ᠪᠠᠲᠤᠯᠠᠬᠤ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠪᠠᠶᠢᠭᠤᠯᠤᠭᠰᠠᠨ ᠠᠭᠤᠣ ᠶᠡᠭᠡ ᠵᠤᠷᠢᠭ ᠰᠠᠨᠠᠭ᠎ᠠ ᠶᠢ ᠪᠠᠳᠠᠷᠠᠭᠤᠯᠤᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠨ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠳᠦᠨ᠂ ᠵᠦᠪ ᠤᠨᠤᠪᠴᠢᠳᠠᠢ ᠪᠦᠭᠡᠳ ᠪᠦᠬᠦ ᠳᠠᠯ᠎ᠠ ᠪᠠᠷ ᠳᠤᠤᠱᠯᠠᠭᠤᠯᠵᠦ᠂ ᠰᠢᠨ᠎ᠡ ᠬᠦᠭᠵᠢᠯᠳᠡ ᠶᠢᠨ ᠪᠠᠶᠢᠷᠢᠰᠢᠯ ᠳᠤ ᠢᠳᠡᠪᠬᠢᠳᠠᠢ ᠦᠢᠯᠡᠴᠢᠯᠡᠨ ᠠᠭᠤᠰᠤᠯᠴᠠᠵᠦ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠤᠯᠭᠠᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠨ᠂ ᠰᠢᠰᠲ᠋ᠧᠮᠳᠦ ᠦᠵᠡᠯᠲᠡ ᠶᠢ ᠪᠠᠷᠢᠮᠳᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠬᠡᠮ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠦᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠯᠡᠵᠦ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠦᠪᠯᠡᠷᠡᠬᠦᠯᠦᠨ ᠨᠠᠶᠢᠳᠠᠪᠦᠷᠢᠵᠢᠭᠤᠯᠵᠦ᠂ ᠨᠡᠩ ᠭᠤᠶᠢᠪᠢᠰᠢ ᠦᠭᠡᠶ ᠪᠠᠷ ᠠᠵᠤ ᠦᠢᠯᠡᠰ ᠤᠨ ᠠᠵᠤ ᠠᠬᠤᠶ ᠶᠢ ᠪᠤᠵᠠᠭᠠᠶᠢᠷᠠᠭᠤᠯᠤᠨ᠂ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠨᠡᠩ ᠭᠤᠶᠢᠪᠢᠰᠢ ᠦᠬᠡᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠂ ᠨᠠᠩ ᠭᠤᠶᠢᠪᠢᠰᠢ ᠥᠬᠡᠶ ᠪᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠬᠦᠯᠦᠨ᠂ ︽ᠬᠤᠶᠠᠷ ᠣᠷᠣᠨ ᠨᠢᠭᠡ ᠴᠤᠩᠬᠤᠪᠴᠢ ᠭᠤᠷᠪᠠᠨ ᠰᠠᠭᠤᠷᠢᠨ ᠭᠠᠵᠠᠷ︾᠎ ᠢ ᠲᠦᠷᠭᠡᠳᠬᠡᠨ ᠪᠠᠶᠢᠭᠤᠯᠵᠤ᠂ ᠠᠵᠦ ᠠᠬᠤᠢ ᠶᠢᠨ ᠵᠦᠢ ᠵᠤᠬᠢᠰᠳᠠᠢ ᠬᠡᠪᠴᠢᠶᠡᠨ ᠳᠤ ᠡᠷᠬᠢᠯᠳᠦᠬᠦ ᠶᠢ ᠪᠠᠳᠤᠯᠠᠨ᠂  ᠨᠡᠶᠢᠬᠡᠮ ᠤᠨ ᠶᠡᠭᠡ ᠳᠠᠯ᠎ᠠ ᠶᠢᠨ ᠳᠤᠭᠳᠠᠭᠤᠨ ᠪᠠᠶᠢᠬᠤ ᠶᠢ ᠪᠠᠳᠤᠯᠠᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠴᠦᠨ ᠢᠶᠠᠨ ᠡᠷᠬᠦᠨ᠎ᠡ᠃      ᠪᠢᠳᠡᠨ ᠤ ᠲᠡᠮᠡᠴᠡᠬᠦ ᠭᠤᠣᠯ ᠬᠠᠷᠠᠯᠲᠠ ᠪᠣᠯ᠄      — ᠠᠵᠤ ᠠᠬᠤᠶ ᠶᠢᠨ ᠪᠣᠳᠠᠲᠤ ᠬᠦᠴᠦᠨ ᠢ ᠰᠢᠨ᠎ᠡ ᠳᠡᠭᠲᠡᠷ ᠲᠤ ᠭᠠᠷᠭᠠᠨ᠎ᠠ᠃ ᠳᠠᠪᠠᠭᠤᠯᠢᠭ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠤᠨ᠂ ᠠᠮᠢ ᠠᠬᠤᠢ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠂ ᠤᠯᠠᠨ ᠦᠢᠯᠡᠰ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠨᠡᠩ ᠰᠢᠯᠢᠳᠡᠭ ᠪᠥᠭᠡᠳ ᠲᠡᠩᠴᠡᠭᠦᠷᠢᠲᠡᠢ ᠪᠣᠯᠭᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠬᠥᠳᠡᠯᠭᠡᠬᠦ ᠬᠦᠴᠦᠨ ᠤ ᠡᠨᠧᠷᠬᠢ ᠶᠢ ᠠᠵᠤ ᠠᠬᠤᠢ ᠪᠠ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠲᠤᠯᠭᠠᠭᠤᠷᠢᠯᠠᠯ ᠪᠣᠯᠭᠠᠨ᠂ ᠭᠤᠣᠯᠯᠠᠭᠴᠢ ᠦᠷᠢᠰᠦᠯᠳᠦᠬᠦ ᠬᠦᠴᠦᠨ ᠢ ᠶᠡᠬᠡᠪᠡᠷ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦ ᠬᠤᠲᠠ ᠶᠢᠨ ᠳᠤᠮᠳᠠ ᠳᠡᠭᠡᠳᠦ ᠳᠡᠰ ᠲᠤ ᠪᠠᠶᠢᠬᠤ ᠶᠢ ᠪᠠᠲᠤᠯᠠᠨ᠎ᠠ᠃      — ᠠᠮᠢ ᠠᠬᠤᠶ ᠶᠢᠨ ᠪᠣᠯᠪᠠᠰᠤᠨ ᠢ ᠰᠢᠨ᠎ᠡ ᠳᠡᠭᠡᠳᠦ ᠬᠡᠮᠵᠢᠶᠡᠨ ᠳᠤ ᠬᠦᠷᠭᠡᠨ᠎ᠡ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠰᠢᠷᠤᠢ ᠮᠦᠰᠦ ᠶᠢ ᠰᠢᠰᠲ᠋ᠧᠮ ᠲᠠᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠪᠠᠷ ᠠᠷᠠᠳ ᠢ ᠬᠠᠷᠠᠭᠠᠯᠵᠠᠬᠤ᠂ ᠠᠮᠢ ᠠᠬᠤᠢ ᠪᠠᠷ ᠠᠷᠠᠳ ᠲᠤ ᠦᠢᠯᠡᠴᠢᠯᠡᠬᠦ ᠪᠠ ᠠᠮᠢ ᠠᠬᠤᠢ ᠶᠢᠨ ᠪᠣᠯᠪᠠᠰᠤᠨ ᠠᠷᠠᠳ ᠤᠨ ᠲᠦᠯᠦᠭᠡ ᠪᠠᠶᠢᠬᠤ ᠶᠢ ᠪᠠᠷᠢᠮᠲᠠᠯᠠᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠣᠷᠣᠨ ᠪᠦᠰᠡ ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠪᠦᠬᠦ ᠬᠦᠷᠢᠶ᠎ᠡ ᠪᠦᠬᠦ ᠶᠠᠪᠤᠴᠠ ᠳᠤ ᠠᠬᠢᠭᠤᠯᠤᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠲᠩᠷᠢ ᠨᠢ ᠨᠡᠩ ᠴᠡᠯᠮᠡᠭ᠂ ᠠᠭᠤᠯᠠ ᠨᠢ ᠨᠡᠩ ᠬᠦᠬᠡ᠂ ᠤᠰᠤ ᠨᠢ ᠨᠡᠩ ᠴᠡᠩᠬᠡᠭ ᠪᠣᠯᠵᠤ᠂ ᠠᠮᠢ ᠠᠬᠤᠢ ᠣᠷᠴᠢᠨ ᠲᠣᠭᠤᠷᠢᠨ ᠢ ᠨᠡᠩ ᠰᠠᠶᠢᠨ ᠰᠠᠶᠢᠬᠠᠨ ᠪᠣᠯᠭᠠᠨ᠎ᠠ᠃      — ᠥᠭᠡᠷᠡᠴᠢᠯᠡᠯᠲᠡ ᠨᠡᠭᠡᠭᠡᠯᠳᠡ ᠶᠢᠨ ᠰᠢᠨ᠎ᠡ ᠠᠯᠬᠤᠮ ᠢ ᠠᠯᠬᠤᠨ᠎ᠠ᠃ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠳᠤ ᠪᠣᠳᠠᠲᠤ ᠦᠷ᠎ᠡ ᠪᠦᠲᠦᠮᠵᠢ ᠣᠯᠵᠤ᠂ ᠥᠭᠡᠷᠡᠴᠢᠯᠡᠯᠲᠡ ᠶᠢᠨ ᠠᠰᠢᠭ ᠲᠤᠰᠠ ᠶᠢ ᠤᠯᠠᠮ ᠴᠢᠨᠠᠭᠰᠢᠳᠠ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠮᠢᠵᠢᠷᠠᠯ ᠤᠨ ᠬᠦᠴᠦᠨ ᠢᠶᠠᠷ ᠨᠡᠩ ᠪᠢᠯᠬᠠᠮ᠎ᠠ ᠪᠣᠯᠭᠠᠨ᠎ᠠ᠃ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠠᠩ ᠭᠦᠨ ᠲᠠᠰ ᠳᠠᠪᠬᠤᠷᠭ᠎ᠠ ᠶᠢᠨ ᠦᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠠᠵᠤ ᠠᠬᠤᠶ ᠶᠢᠨ ᠬᠤᠩᠭᠢᠯ ᠤᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠨ᠂ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢᠨ ᠦᠰᠦᠷᠦᠯᠲᠡ ᠶᠢᠨ ᠮᠠᠶ᠋ᠢᠭ ᠤᠨ ᠳᠠᠪᠰᠢᠯᠲᠠ ᠶᠢ ᠪᠡᠶᠡᠯᠡᠭᠦᠯᠦᠨ᠎ᠡ᠃      — ᠬᠤᠳᠠ ᠬᠥᠳᠡᠭᠡ ᠶᠢᠨ ᠪᠠᠶᠢᠭᠤᠯᠤᠯᠲᠠ ᠶᠢ ᠰᠢᠨ᠎ᠡ ᠠᠬᠢᠯᠲᠠ ᠲᠠᠢ ᠪᠣᠯᠭᠠᠨ᠎ᠠ᠃ ᠬᠤᠲᠠ ᠬᠥᠳᠡᠭᠡ ᠶᠢᠨ ᠬᠥᠭᠵᠢᠯᠲᠡ ᠶᠢᠨ ᠣᠷᠣᠨ ᠵᠠᠶ ᠶᠢ ᠰᠢᠯᠢᠳᠡᠭᠵᠢᠭᠦᠯᠦᠨ᠂ ᠬᠤᠲᠠ ᠬᠥᠳᠡᠭᠡ ᠶᠢᠨ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ ᠪᠠᠶᠢᠷᠢᠰᠢᠭᠤᠯᠵᠤ᠂ ᠬᠤᠲᠠ ᠬᠥᠳᠡᠭᠡ ᠶᠢᠨ ᠴᠢᠨᠠᠷ ᠳᠡᠰ ᠢ ᠢᠯᠡᠳᠲᠡ ᠳᠡᠭᠡᠭᠰᠢᠯᠡᠭᠦᠯᠦᠨ᠂ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠤᠶᠤᠨᠲᠤ ᠬᠤᠲᠠ᠂ ᠰᠣᠶᠣᠯ ᠢᠷᠭᠡᠨᠰᠢᠯ ᠤᠨ ᠬᠤᠲᠠ ᠪᠠ ᠪᠣᠬᠢᠷᠲᠤᠯ ᠥᠬᠡᠶ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠢᠳᠡᠪᠬᠢᠲᠡᠶ ᠠᠬᠢᠯᠲᠠ ᠲᠠᠢ ᠪᠣᠯᠭᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠨ ᠬᠥᠭᠵᠢᠭᠦᠯᠵᠦ᠂ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃     — ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠰᠢᠨ᠎ᠡ ᠲᠦᠪᠰᠢᠨ ᠳᠤ ᠬᠦᠷᠭᠡᠨ᠎ᠡ᠃ ᠴᠢᠨᠠᠷ ᠰᠠᠶᠢᠲᠠᠶ ᠬᠥᠭᠵᠢᠯᠲᠡ ᠶᠢ ᠴᠢᠨᠠᠷᠯᠢᠭ ᠠᠮᠢᠳᠤᠷᠠᠯ ᠲᠠᠢ ᠨᠢᠭᠲᠠ ᠤᠶᠠᠯᠳᠤᠭᠤᠯᠬᠤ ᠶᠢ ᠳᠥᠯᠭᠢᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠨᠠᠩ ᠭᠦᠢᠴᠡᠳ ᠨᠠᠩ ᠥᠨᠳᠥᠷ ᠲᠦᠪᠰᠢᠨ ᠪᠥᠬᠦᠶ ᠠᠵᠢᠯ ᠣᠯᠭᠤᠯᠲᠠ ᠶᠢ ᠪᠡᠶᠡᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠦᠨ᠂ ᠦᠨᠳᠦᠰᠦᠲᠡᠨ ᠨᠦᠭᠦᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢ ᠨᠠᠩ ᠠᠭᠤᠰᠤᠯᠴᠠᠭᠤᠯᠤᠨ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠲᠦᠷᠦᠭᠳᠡᠯ ᠢ ᠦᠷᠭᠦᠯᠵᠢᠯᠡᠨ ᠨᠡᠮᠡᠭᠳᠡᠭᠦᠯᠦᠨ᠎ᠡ᠃      — ᠵᠠᠰᠠᠯᠲᠠ ᠶᠢᠨ ᠦᠷ᠎ᠡ ᠪᠦᠲᠦᠮᠵᠢ ᠶᠢ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠢ ᠠᠷᠭᠠᠴᠠᠬᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠨᠠᠮᠳᠠᠭᠤᠯᠬᠤ᠂ ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠠᠷᠠᠳᠴᠢᠯᠠᠯ ᠬᠠᠤᠯᠢ ᠪᠠᠷ ᠵᠠᠰᠠᠬᠤ ᠶᠢ ᠨᠡᠩ ᠲᠡᠭᠦᠯᠳᠡᠷᠵᠢᠭᠦᠯᠵᠦ᠂ ᠨᠡᠶᠢᠭᠡᠮ ᠤᠨ ᠡᠮᠬᠢ ᠲᠢᠭᠯᠢᠮ ᠢ ᠨᠡᠩ ᠠᠮᠤᠷ ᠲᠦᠪᠰᠢᠨ ᠲᠣᠭᠲᠠᠭᠤᠨ ᠪᠠᠶᠢᠯᠭᠠᠵᠦ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠰᠢᠨ᠎ᠡ ᠳᠡᠭᠲᠡᠷ ᠲᠤ ᠭᠠᠷᠭᠠᠨ᠎ᠠ᠃      ᠲᠥᠯᠥᠭᠡᠯᠡᠭᠴᠢᠳ ᠡ︕ ᠰᠢᠨ᠎ᠡ ᠭᠠᠷᠤᠭ᠎ᠠ ᠳᠤ ᠰᠢᠨ᠎ᠡ ᠬᠦᠰᠡᠯ ᠡᠷᠡᠮᠡᠯᠵᠡᠯ ᠢ ᠪᠤᠶᠢᠵᠢᠭᠤᠯᠵᠦ᠂ ᠰᠢᠨ᠎ᠡ ᠠᠶᠠᠯᠠᠯ ᠳᠤ ᠰᠢᠨ᠎ᠡ ᠬᠦᠰᠡᠯ ᠵᠡᠭᠦᠳᠦ ᠶᠢ ᠡᠬᠢᠯᠡᠬᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠬᠤᠶᠢᠰᠢᠳᠠ ᠶᠢᠨ ᠲᠠᠪᠤᠨ ᠵᠢᠯ ᠳᠤ ᠪᠢᠳᠡ ᠳᠣᠣᠷᠠᠬᠢ ᠵᠢᠷᠭᠤᠭᠠᠨ ᠲᠠᠯ᠎ᠠ ᠪᠠᠷ ᠭᠤᠣᠯᠳᠠᠯᠭ᠎ᠠ ᠲᠠᠢ ᠬᠦᠴᠦᠯᠡᠨ ᠬᠢᠬᠦ ᠬᠡᠷᠡᠭᠲᠡᠢ᠃      ︵ᠨᠢᠭᠡ︶ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠵᠤ ᠠᠬᠤᠢ ᠶᠢᠨ ᠰᠢᠰᠲ᠋ᠧᠮ ᠢ ᠪᠤᠵᠠᠭᠠᠶᠢᠷᠠᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠲᠤᠯᠭᠠᠭᠤᠷᠢᠯᠠᠯ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ      ᠰᠢᠨ᠎ᠡ ᠬᠡᠯᠪᠡᠷᠢ ᠶᠢᠨ ᠮᠠᠯ ᠠᠵᠤ ᠠᠬᠤᠶ ᠶᠢ ᠨᠠᠷᠢᠯᠢᠭᠵᠢᠭᠤᠯᠤᠨ ᠰᠢᠯᠢᠳᠡᠭᠵᠢᠭᠦᠯᠦᠨ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ︽ᠬᠤᠨᠢ ᠢᠮᠠᠭ᠎ᠠ ᠶᠢ ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠮᠢᠬᠠᠨ ᠤ ᠵᠦᠢᠯ ᠤᠨ ᠠᠵᠤ ᠦᠢᠯᠡᠰ ᠤᠨ ᠰᠦᠷᠦᠭᠵᠢᠯ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠠᠵᠤ ᠠᠬᠤᠶᠢᠯᠠᠯ ᠵᠢᠴᠢ ᠮᠠᠯ ᠤᠨ ᠠᠰᠢᠭ ᠰᠢᠮ᠎ᠡ ᠶᠢᠨ ᠨᠠᠷᠠᠲᠤ ᠲᠦᠷᠦᠯ ᠲᠡᠮᠳᠡᠭᠲᠦ ᠶᠢ ᠪᠣᠶ ᠪᠣᠯᠭᠠᠵᠤ᠂ ᠠᠵᠤ ᠦᠢᠯᠡᠰ ᠢ ᠠᠮᠢ ᠠᠬᠤᠶᠢᠵᠢᠭᠤᠯᠬᠤ ᠪᠠ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ ᠢᠯᠡᠳᠲᠡ ᠳᠡᠭᠡᠭᠰᠢᠯᠡᠭᠦᠯᠦᠨ᠎ᠡ᠃ ᠮᠠᠯᠵᠢᠬᠤ ᠡᠷᠦᠬᠡ ᠶᠢᠨ ᠬᠤᠷᠰᠢᠶᠠᠵᠢᠭᠰᠠᠨ ᠣᠲᠣ ᠦᠶ᠎ᠡ ᠶᠢᠨ ᠮᠠᠯ ᠠᠵᠤ ᠠᠬᠤᠶ ᠳᠠᠰᠢ ᠬᠥᠭᠵᠢᠬᠦ ᠶᠢ ᠠᠬᠢᠭᠤᠯᠤᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠮᠠᠩᠯᠠᠢ︾᠎ ᠶᠢᠨ ᠵᠠᠭᠪᠤᠷ ᠢ ᠪᠠᠬᠢᠵᠢᠭᠦᠯᠦᠨ᠂ ︽ᠲᠤᠯᠤᠭᠠᠨ ᠲᠣᠰᠬᠤᠨ︾᠎ ᠤ ᠵᠠᠭᠪᠤᠷ ᠢ ᠠᠬᠢᠭᠤᠯᠵᠤ᠂ ᠯᠠᠪᠯᠠᠯᠲᠠ ᠪᠣᠯᠭᠠᠨ ᠳᠡᠯᠭᠡᠷᠡᠭᠦᠯᠵᠦ ᠪᠣᠯᠬᠤ ᠪᠣᠯᠪᠠᠰᠤᠷᠠᠩᠭᠤᠶ ᠲᠤᠷᠰᠢᠯᠭ᠎ᠠ ᠶᠢᠨ ᠡᠬᠡ ᠳᠡᠪᠲᠡᠷ ᠢ ᠪᠣᠶ ᠪᠣᠯᠭᠠᠬᠤ ᠶᠢ ᠦᠨᠡᠨᠬᠦ ᠪᠠᠲᠤᠯᠠᠨ᠎ᠠ᠃ ᠮᠠᠯ ᠠᠵᠤ ᠠᠬᠤᠶ ᠶᠢ ᠠᠵᠤ ᠦᠢᠯᠡᠰᠵᠢᠭᠦᠯᠬᠦ ᠬᠥᠲᠥᠴᠢ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠬᠤᠯᠪᠣᠭᠠᠯᠠᠬᠤ ᠪᠠ ᠳᠠᠬᠢᠨ ᠵᠣᠬᠢᠶᠠᠨ ᠪᠠᠶᠢᠭᠤᠯᠵᠤ᠂ ᠨᠠᠷᠢᠯᠢᠭ ᠭᠦᠨ ᠡᠳ᠋ᠰᠢᠭᠦᠯᠬᠦ ᠶᠢ ᠬᠥᠭᠵᠢᠭᠦᠯᠦᠨ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠦᠷᠭᠦᠯᠵᠢᠯᠡᠨ ᠪᠠᠲᠤᠯᠠᠨ᠎ᠠ᠃      ᠪᠣᠬᠢᠷᠲᠤᠯ ᠥᠬᠡᠶ ᠠᠵᠤ ᠦᠢᠯᠡᠳᠪᠦᠷᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠬᠡᠯᠪᠡᠷᠢ ᠶᠢ ᠬᠤᠪᠢᠷᠠᠭᠤᠯᠬᠤ ᠪᠠ ᠲᠠᠰ ᠳᠡᠪᠰᠢᠭᠦᠯᠬᠦ ᠬᠤᠶᠠᠷ ᠶᠡᠭᠡ ᠭᠤᠤᠯ ᠡᠭᠦᠷᠭᠡ ᠶᠢᠨ ᠲᠣᠭᠤᠷᠢᠨ ᠳᠤ᠂ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠤᠷᠸ᠎ᠠ ᠳᠤᠬᠢᠷᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠣᠷᠣᠨ ᠪᠦᠰᠡ ᠶᠢᠨ ᠳᠣᠲᠣᠷᠠᠬᠢ ᠣᠲᠣ ᠶᠢᠨ ᠪᠠᠶᠢᠭ᠎ᠠ ᠠᠵᠤ ᠠᠬᠤᠶᠢᠯᠠᠯ ᠢᠶᠠᠷ ᠬᠥᠲᠥᠴᠢ ᠪᠣᠯᠭᠠᠨ᠂ ᠠᠭᠤᠷᠬᠠᠶ ᠶᠢᠨ ᠠᠵᠤ ᠠᠬᠤᠶᠢᠯᠠᠯ ᠤᠨ ᠣᠷᠣᠯᠠᠬᠤ ᠮᠡᠷᠭᠡᠵᠢᠯ ᠢ ᠰᠠᠶᠢᠵᠢᠷᠠᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ᠲᠦᠷᠦᠯ ᠵᠦᠢᠯ ᠢ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠡᠨᠧᠷᠭᠢ ᠶᠢᠨ ᠬᠤᠷᠣᠭᠳᠠᠯ ᠪᠠ ᠭᠠᠳᠠᠭᠰᠢᠯᠠᠭᠤᠯᠤᠯᠲᠠ ᠶᠡᠬᠡᠲᠡᠶ ᠲᠦᠷᠦᠯ ᠵᠦᠢᠯ ᠤᠨ ᠬᠢᠨᠠᠨ ᠵᠥᠪᠰᠢᠶᠡᠷᠡᠯ ᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠡᠨᠧᠷᠭᠢ ᠬᠡᠷᠡᠭᠯᠡᠬᠦ ᠣᠷᠣᠨ ᠵᠠᠶ ᠶᠢ ᠥᠷᠭᠡᠳᠬᠡᠵᠦ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠦᠭᠡᠢ ᠠᠵᠤ ᠦᠢᠯᠡᠳᠪᠦᠷᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃      ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠮᠢᠯᠠᠭᠤᠯᠤᠨ ᠰᠢᠯᠢᠳᠡᠭᠵᠢᠭᠦᠯᠦᠨ᠎ᠡ᠃ ᠠᠵᠤ ᠦᠢᠯᠡᠰ ᠢ ᠠᠭᠤᠰᠤᠯᠴᠠᠭᠤᠯᠤᠨ ᠬᠦᠭᠵᠢᠭᠦᠯᠬᠦ ᠶᠢ ᠴᠢᠩᠭᠠᠳᠬᠠᠨ᠂ ᠴᠢᠨᠠᠷ ᠰᠠᠶᠢᠲᠠᠶ ᠠᠮᠢ ᠠᠬᠤᠶ ᠶᠢᠨ ᠡᠬᠢ ᠪᠠᠶᠠᠯᠢᠭ ᠢ ᠭᠦᠢᠴᠡᠳ ᠨᠡᠭᠡᠭᠡᠨ ᠠᠰᠢᠭᠯᠠᠵᠤ᠂ ᠠᠮᠢ ᠠᠬᠤᠶ ᠶᠢᠨ ᠨᠡᠮᠡᠯᠲᠡ ᠥᠷᠲᠡᠭ ᠢ ᠬᠤᠪᠢᠷᠠᠭᠤᠯᠤᠨ ᠳᠡᠭᠡᠭᠰᠢᠯᠡᠭᠦᠯᠦᠨ᠎ᠡ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ︽ᠪᠥᠬᠦ ᠣᠷᠣᠨ ᠪᠦᠰᠡ ᠶᠢᠨ ᠵᠢᠭᠤᠯᠴᠢᠯᠠᠯ︾ ︽ᠪᠥᠬᠦ ᠤᠯᠠᠷᠢᠯ ᠤᠨ ᠵᠢᠭᠤᠯᠴᠢᠯᠠᠯ︾᠎ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ︽ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾᠎ ᠤᠨ ᠨᠢᠭᠡ ᠴᠣᠭᠴᠠᠲᠤ ᠵᠢᠭᠤᠯᠴᠢᠯᠠᠯ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠵᠠᠮ ᠬᠠᠷᠢᠯᠴᠠᠭ᠎ᠠ ᠳᠠᠭᠠᠤ ᠶᠢᠨ ᠵᠢᠭᠤᠯᠴᠢᠯᠠᠯ ᠤᠨ ᠠᠵᠤ ᠠᠬᠤᠶ ᠶᠢᠨ ᠪᠦᠰᠡ ᠶᠢ ᠢᠳᠡᠪᠬᠢᠲᠡᠶ ᠨᠡᠭᠡᠭᠡᠨ ᠬᠥᠭᠵᠢᠭᠦᠯᠵᠦ᠂ ᠵᠡᠭᠦᠨ ᠠᠴᠠ ᠪᠠᠷᠠᠭᠤᠨᠰᠢ᠂ ᠬᠤᠶᠢᠨ᠎ᠠ ᠠᠴᠠ ᠡᠮᠦᠨᠡᠰᠢ ᠬᠤᠶᠠᠷ ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ︽ᠵᠡᠭᠦᠨ ᠰᠦᠮ᠎ᠡ ᠶᠢᠨ ᠵᠢᠭᠤᠯᠴᠢᠯᠠᠯ ᠤᠨ ᠲᠣᠰᠬᠤᠨ︾ ᠵᠡᠷᠭᠡ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠵᠣᠷᠢᠭᠰᠠᠨ ᠭᠠᠵᠠᠷ ᠢ ᠪᠤᠶᠢᠵᠢᠭᠤᠯᠤᠨ᠎ᠠ᠃ ᠣᠯᠠᠨ ᠨᠡᠶᠢᠲᠡ ᠶᠢᠨ ᠶᠠᠪᠤᠵᠤ ᠰᠠᠭᠤᠬᠤ ᠳᠤ ᠦᠢᠯᠡᠴᠢᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ︽ᠵᠠᠮ ᠬᠠᠷᠢᠯᠴᠠᠭ᠎ᠠ ᠰᠢᠤᠳᠠᠨ ᠤ ᠬᠠᠮᠲᠤᠷᠠᠯᠴᠠᠭ᠎ᠠ︾᠎ ᠶᠢ ᠠᠬᠢᠭᠤᠯᠤᠨ᠂ ᠮᠠᠯᠵᠢᠬᠤ ᠣᠷᠣᠨ ᠤ ᠨᠡᠯᠢᠶᠡᠳ ᠪᠦᠷᠢᠨ ᠲᠡᠭᠦᠯᠳᠡᠷ ᠪᠠᠷᠠᠭᠠᠨ ᠤ ᠭᠦᠢᠯᠭᠡᠭᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠲᠣᠮᠣ ᠳ᠋ᠠᠶᠢᠲ᠋ᠠ ᠶᠢ ᠬᠢᠨᠠᠨ ᠡᠵᠡᠮᠳᠡᠬᠦ᠂ ᠣᠶᠤᠨᠴᠢ ᠪᠠᠷ ᠲᠡᠵᠢᠭᠡᠨ ᠦᠷᠡᠵᠢᠭᠦᠯᠬᠦ ᠵᠡᠷᠭᠡ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠠᠯᠬᠤᠴᠠ ᠶᠢ ᠲᠦᠷᠭᠡᠳᠬᠡᠵᠦ᠂ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ᠂ ᠡᠪᠡᠰᠦ ᠪᠣᠷᠳᠤᠭ᠎ᠠ ᠨᠥᠬᠡᠴᠡᠯᠡᠨ ᠵᠥᠭᠡᠭᠡᠪᠦᠷᠢᠯᠡᠬᠦ᠂ ᠮᠠᠯ ᠤᠨᠤᠭ᠎ᠠ ᠶᠢ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠶ ᠪᠠᠶᠢᠭᠤᠯᠤᠨ᠎ᠠ᠃     ︵ᠬᠤᠶᠠᠷ︶ ᠨᠠᠩ ᠴᠢᠩᠭ᠎ᠠ ᠱᠠᠭᠠᠷᠳᠠᠯᠭ᠎ᠠ ᠪᠠᠷ ᠠᠮᠢ ᠠᠬᠤᠶ ᠶᠢᠨ ᠬᠠᠮᠠᠭᠠᠯᠠᠯᠲᠠ ᠶᠢ ᠲᠦᠯᠬᠢᠨ ᠠᠬᠢᠭᠤᠯᠵᠤ᠂ ᠲᠩᠷᠢ ᠶᠢᠨ ᠬᠠᠶᠠᠭᠠᠨ ᠳᠠᠬᠢ ᠲᠠᠯ᠎ᠠ ᠨᠤᠲᠤᠭ ᠤᠨ ᠰᠢᠨ᠎ᠡ ᠳᠦᠷᠢ ᠲᠥᠷᠬᠦ ᠶᠢ ᠴᠢᠷᠮᠠᠶᠢᠨ ᠪᠣᠶ ᠪᠣᠯᠭᠠᠨ᠎ᠠ      ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠃ ᠲᠣᠣᠷᠵᠢᠭᠤᠯᠬᠤ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠦᠷᠭᠦᠯᠵᠢᠯᠡᠨ ᠨᠡᠭᠦᠷᠡᠰᠦ ᠬᠠᠶᠢᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠮᠠᠰᠢᠨ ᠲᠡᠷᠭᠡ ᠶᠢ ᠬᠢᠵᠠᠭᠠᠷᠯᠠᠬᠤ᠂ ᠲᠣᠭᠤᠰᠤᠷᠠᠬᠤ ᠶᠢ ᠬᠤᠷᠢᠭᠯᠠᠵᠤ᠂ ᠬᠡᠪᠴᠢᠶᠡᠵᠢᠯ ᠠᠴᠠ ᠳᠡᠭᠡᠭᠰᠢᠬᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠬᠤ ᠠᠵᠢᠯ ᠢ ᠬᠡᠷᠡᠭᠵᠢᠭᠦᠯᠦᠨ᠂ ᠰᠢᠨ᠎ᠡ ᠡᠨᠧᠷᠭᠢ ᠪᠠ ᠴᠡᠪᠡᠷ ᠡᠨᠧᠷᠭᠢ ᠶᠢ ᠲᠦᠭᠡᠮᠡᠯᠵᠢᠭᠦᠯᠦᠨ ᠬᠡᠷᠡᠭᠯᠡᠬᠦ ᠶᠢ ᠰᠠᠶᠢᠲᠤᠷ ᠠᠳᠬᠤᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠤᠷᠬᠢᠯ ᠳᠤ ᠬᠦᠷᠭᠡᠬᠦ ᠪᠠ ᠲᠡᠩᠴᠡᠭᠦᠷᠢᠰᠢᠭᠦᠯᠬᠦ ᠠᠵᠢᠯ ᠢ ᠢᠳᠡᠪᠬᠢᠲᠡᠶ ᠠᠬᠢᠭᠤᠯᠵᠤ᠂ ᠠᠭᠤᠷ ᠠᠮᠢᠰᠬᠤᠯ ᠤᠨ ᠤᠷᠴᠢᠨ ᠳᠤᠭᠤᠷᠢᠨ ᠢᠮᠠᠭᠳᠠ ᠰᠢᠯᠢᠳᠡᠭ ᠬᠢᠷᠢ ᠲᠦᠪᠰᠢᠨ ᠳᠤ ᠪᠠᠶᠢᠬᠤ ᠶᠢ ᠪᠠᠳᠤᠯᠠᠨ᠎ᠠ᠃ ᠭᠤᠤᠯ ᠨᠠᠭᠤᠷ ᠢ ᠬᠠᠮᠢᠶᠠᠷᠬᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠭᠤᠤᠯ ᠨᠠᠭᠤᠷ ᠤᠨ ︽ᠳᠥᠷᠪᠡᠨ ᠡᠮᠬᠢ ᠵᠠᠮᠪᠠᠷᠠᠭ᠎ᠠ ᠦᠭᠡᠢ ᠪᠠᠶᠢᠬᠤ︾᠎ ᠶᠢ ᠴᠡᠪᠡᠷᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠤᠯ ᠪᠣᠯᠬᠤ ᠭᠤᠤᠯ ᠤᠨ ᠵᠠᠮ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠦᠨ᠂ ᠬᠢᠯᠢ ᠠᠯᠤᠰᠯᠠᠭᠰᠠᠨ ᠭᠤᠤᠯ ᠨᠠᠭᠤᠷ ᠤᠨ ᠬᠡᠰᠡᠭ ᠭᠠᠵᠠᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠶᠢ ᠰᠠᠶᠢᠲᠤᠷ ᠠᠳᠬᠤᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠭᠠᠵᠠᠷ ᠰᠢᠷᠣᠶ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭ᠎ᠠ ᠠᠳᠬᠤᠨ᠂ ᠰᠢᠨ᠎ᠡ ᠪᠣᠬᠢᠷᠲᠤᠯ ᠡᠭᠦᠰᠬᠦ ᠶᠢ ᠴᠢᠩᠭ᠎ᠠ ᠰᠡᠷᠭᠡᠶᠢᠯᠡᠵᠦ᠂ ᠠᠮᠤᠷ ᠲᠦᠪᠰᠢᠨ ᠳᠠᠭᠠᠭᠠᠮᠠᠭᠠᠢ ᠴᠢᠨᠠᠷᠲᠠᠶ ᠠᠮᠢ ᠠᠬᠤᠶ ᠶᠢᠨ ᠣᠷᠣᠨ ᠵᠠᠶ ᠶᠢ ᠪᠤᠢ ᠪᠣᠯᠭᠠᠨ᠎ᠠ᠃      ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠤᠨ᠎ᠠ᠃ ᠮᠠᠯ ᠪᠡᠯᠴᠢᠭᠡᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠪᠠᠷ ᠤᠳᠤᠷᠢᠳᠤᠮᠵᠢ ᠪᠣᠯᠭᠠᠨ᠂ ᠬᠦᠨᠳᠦ ᠨᠣᠴᠢᠲᠠᠢ ᠡᠪᠳᠡᠭᠳᠡᠵᠦ ᠡᠯᠡᠰᠦᠷᠬᠡᠭᠵᠢᠭᠰᠡᠨ ᠨᠤᠲᠤᠭ ᠪᠡᠯᠴᠢᠭᠡᠷ᠂ ᠬᠥᠯᠥᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠵᠡᠭᠡᠷ᠎ᠡ ᠶᠢᠨ ᠬᠠᠮᠠᠭᠠᠯᠠᠯᠲᠠ ᠶᠢᠨ ᠣᠷᠣᠨ ᠤ ᠨᠤᠲᠤᠭ ᠪᠡᠯᠴᠢᠭᠡᠷ ᠢ ᠭᠤᠷᠪᠠᠳᠤᠭᠠᠷ ᠡᠭᠡᠯᠵᠢ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠤ ᠬᠠᠮᠢᠶᠠᠷᠤᠯᠲᠠ ᠳᠤ ᠵᠢᠭᠰᠠᠭᠠᠨ ᠣᠷᠣᠭᠤᠯᠤᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠨᠤᠲᠤᠭ ᠰᠡᠯᠭᠦᠬᠦ ᠲᠦᠷᠦᠯ ᠵᠦᠢᠯ ᠤᠨ ᠤᠯᠠᠨ ᠡᠰᠢᠵᠢᠬᠦᠯᠦᠨ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠣᠣᠷᠵᠢᠭᠤᠯᠤᠨ ᠬᠠᠮᠢᠶᠠᠷᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠬᠡᠭᠡᠷ᠎ᠡ ᠶᠢᠨ ᠠᠮᠢᠳᠠᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠨ᠂ ᠦᠷ᠎ᠡ ᠶᠢᠨ ᠦᠢᠯᠡᠰ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠤᠨ᠎ᠠ᠃ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠪᠦᠲᠦᠮᠵᠢᠲᠡᠶ ᠬᠢᠵᠠᠭᠠᠷᠯᠠᠵᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃      ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠬᠠᠮᠤᠭ ᠤᠨ ᠴᠢᠩᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠪᠠᠷ ᠠᠵᠤ ᠦᠢᠯᠡᠰ᠂ ᠲᠦᠷᠦᠯ ᠵᠦᠢᠯ ᠢ ᠲᠣᠭᠲᠠᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ︽ᠭᠤᠷᠪᠠᠨ ᠱᠤᠭᠤᠮ ᠨᠢᠭᠡ ᠳᠠᠩᠰᠠ︾᠎ ᠶᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠥᠯᠥᠨ ᠪᠤᠶᠢᠷ ᠤᠨ ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠯ ᠣᠯᠭᠤᠬᠤ ᠳᠥᠷᠪᠡᠨ ᠲᠠᠯ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠠᠭᠤᠷᠬᠠᠶ ᠶᠢᠨ ᠨᠡᠭᠡᠭᠡᠯᠲᠡ ᠶᠢᠨ ᠰᠢᠨ᠎ᠡ ᠲᠥᠷᠥᠯ ᠵᠦᠢᠯ ᠢ ᠴᠢᠩᠭ᠎ᠠ ᠡᠵᠡᠮᠳᠡᠵᠦ᠂ ︽ᠬᠤᠶᠠᠷ ᠥᠨᠳᠥᠷ︾ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠬᠢᠨᠠᠨ ᠬᠠᠮᠢᠶᠠᠷᠬᠤ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠵᠤ᠂ ᠠᠭᠤᠷᠬᠠᠶ ᠶᠢᠨ ᠠᠵᠤ ᠠᠬᠤᠶᠢᠯᠠᠯ ᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ ᠴᠢᠷᠮᠠᠶᠢᠨ ᠡᠭᠦᠳᠴᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠠᠮᠢ ᠠᠬᠤᠶ ᠣᠷᠴᠢᠨ ᠲᠣᠭᠤᠷᠢᠨ ᠤ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠶᠢ ᠠᠬᠢᠭᠤᠯᠤᠨ᠎ᠠ᠃     ︵ᠭᠤᠷᠪᠠ︶ ᠨᠡᠩ ᠦᠨᠳᠦᠷ ᠪᠠᠷᠢᠮᠵᠢᠶ᠎ᠠ ᠪᠠᠷ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠠᠭᠤᠰᠤᠯᠴᠠᠨ ᠬᠦᠭᠵᠢᠭᠰᠡᠨ ᠰᠢᠨ᠎ᠡ ᠬᠤᠳᠠ ᠬᠥᠳᠡᠭᠡ ᠶᠢ ᠬᠦᠴᠦᠯᠡᠨ ᠴᠣᠭᠴᠠᠯᠠᠨ᠎ᠠ      ᠬᠤᠳᠠ ᠬᠥᠳᠡᠭᠡ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠬᠤᠰᠢᠭᠤᠨ ᠤ ᠬᠡᠪᠴᠢᠶᠡᠨ ᠳᠠᠬᠢ ᠣᠷᠣᠨ ᠵᠠᠶ ᠶᠢᠨ ᠲᠥᠯᠥᠪᠵᠢᠭᠦᠯᠭᠡ ᠶᠢ ︽ᠨᠢᠭᠡ ᠯᠡ ᠵᠢᠷᠤᠭ︾᠎ ᠢᠶᠠᠷ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ︽ᠭᠤᠷᠪᠠᠨ ᠣᠷᠣᠨ ᠭᠤᠷᠪᠠᠨ ᠱᠤᠭᠤᠮ︾᠎ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠲᠦᠷᠭᠡᠳᠬᠡᠨ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠣᠷᠣᠨ ᠵᠠᠶ ᠶᠢᠨ ᠵᠠᠭᠠᠭ ᠬᠢᠵᠠᠭᠠᠷ ᠢ ᠬᠤᠪᠢᠶᠠᠷᠢᠯᠠᠨ ᠲᠣᠭᠲᠠᠭᠠᠵᠤ ᠨᠠᠶᠢᠳᠠᠪᠦᠷᠢᠵᠢᠭᠤᠯᠬᠤ ᠶᠢ ᠨᠢᠭᠡᠳᠦᠯᠲᠡᠶ ᠲᠥᠯᠥᠪᠯᠡᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠪᠠᠶᠢᠷᠢᠰᠢᠯ ᠪᠠ ᠣᠷᠣᠨ ᠵᠠᠶ ᠶᠢᠨ ᠡᠯᠧᠮᠧᠨ᠋ᠲ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠭᠰᠠᠨ᠂ ᠣᠷᠣᠨ ᠵᠠᠶ ᠶᠢᠨ ᠪᠠᠶᠢᠷᠢᠰᠢᠯ ᠢ ᠰᠢᠨᠵᠢᠯᠡᠬᠦ ᠤᠬᠠᠭᠠᠨᠴᠢᠯᠠᠭᠰᠠᠨ ᠬᠤᠲᠠ ᠬᠥᠳᠡᠭᠡ ᠶᠢᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠬᠤᠳᠠ ᠬᠥᠳᠡᠭᠡ ᠶᠢᠨ ᠲᠣᠭᠲᠠᠭᠠᠯ ᠠᠴᠠ ᠵᠥᠷᠢᠴᠡᠨ ᠪᠠᠷᠢᠯᠭ᠎ᠠ ᠪᠠᠷᠢᠬᠤ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠂ ᠲᠥᠯᠥᠪᠵᠢᠭᠦᠯᠭᠡ ᠶᠢ ᠳᠤᠷ᠎ᠠ ᠪᠠᠷ ᠬᠤᠪᠢᠷᠠᠭᠤᠯᠬᠤ᠂ ᠵᠦᠪᠰᠢᠶᠡᠷᠡᠯ ᠦᠭᠡᠢ ᠪᠠᠷ ᠤᠷᠢᠳᠠᠪᠠᠷ ᠪᠠᠶᠢᠭᠤᠯᠬᠤ᠂ ᠵᠥᠪᠰᠢᠶᠡᠷᠡᠯ ᠠᠴᠠ ᠬᠡᠲᠦᠷᠡᠲᠡᠯ᠎ᠡ ᠪᠠᠶᠢᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠤᠬᠢᠯᠳᠠ ᠦᠭᠬᠦᠨ᠎ᠡ᠃      ᠬᠤᠲᠠ ᠪᠠᠯᠭᠠᠰᠤ ᠶᠢᠨ ᠴᠢᠳᠠᠮᠵᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠠᠯᠭᠠᠰᠤᠨ ᠤ ᠲᠣᠭᠤᠷᠢᠭ ᠤᠨ ᠪᠤᠵᠠᠷ ᠤᠰᠤ᠂ ᠲᠦᠭᠡᠭᠡᠯ ᠤᠰᠤ᠂ ᠢᠯᠴᠢ ᠶᠢᠨ ᠬᠦᠴᠦᠨ᠂ ᠤᠰᠤ ᠬᠠᠩᠭᠠᠵᠤ ᠭᠠᠳᠠᠭᠰᠢᠯᠠᠭᠤᠯᠬᠤ ︽ᠳᠥᠷᠪᠡᠨ ᠶᠡᠭᠡ ᠬᠤᠭᠤᠯᠠᠶ ᠲᠣᠤᠷ︾᠎ ᠢ ᠵᠠᠰᠠᠨ ᠰᠢᠨᠡᠳᠬᠡᠬᠦ ᠶᠢ ᠲᠦᠷᠭᠡᠳᠬᠡᠵᠦ᠂ ᠪᠠᠯᠭᠠᠰᠤᠨ ᠤ ᠲᠣᠭᠤᠷᠢᠭ ᠤᠨ ᠬᠠᠭᠤᠴᠢᠨ ᠵᠢᠵᠢᠭ ᠰᠠᠭᠤᠭᠠᠯᠢ ᠲᠣᠭᠤᠷᠢᠭ ᠢ ᠵᠠᠰᠠᠨ ᠰᠢᠨᠡᠳᠬᠡᠬᠦ᠂ ᠶᠠᠪᠠᠭᠠᠨ ᠵᠠᠮ ᠢ ᠰᠡᠯᠪᠢᠨ ᠵᠠᠰᠠᠬᠤ᠂ ᠪᠣᠷᠣᠭᠠᠨ ᠤ ᠤᠰᠤ ᠶᠢ ᠵᠠᠯᠠᠬᠤ ᠵᠡᠷᠭᠡ ᠬᠤᠲᠠ ᠶᠢᠨ ᠶᠠᠪᠤᠳᠠᠯ ᠤᠨ ᠨᠢᠭᠡ ᠪᠦᠯᠦᠭ ᠲᠥᠷᠥᠯ ᠵᠦᠢᠯ ᠢ ᠬᠡᠷᠡᠭᠵᠢᠭᠦᠯᠦᠨ᠎ᠡ᠃ ᠥᠨᠳᠥᠷ ᠪᠠᠷᠢᠮᠵᠢᠶᠠᠲᠤ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ᠂ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠪᠥᠲᠥᠭᠡᠨ ᠪᠠᠶᠢᠭᠤᠯᠵᠤ᠂ ᠬᠤᠭ ᠨᠣᠪᠰᠢ ᠶᠢ ᠡᠬᠢ ᠪᠠᠶᠠᠯᠢᠭᠵᠢᠭᠤᠯᠤᠨ ᠡᠭᠡᠭᠦᠯᠦᠨ ᠠᠰᠢᠭᠯᠠᠬᠤ ᠪᠠ ᠬᠤᠤᠷ ᠦᠭᠡᠶᠢᠵᠢᠭᠦᠯᠦᠨ ᠰᠢᠢᠳᠪᠦᠷᠢᠯᠡᠬᠦ ᠶᠢ ᠴᠢᠩᠭᠠᠳᠬᠠᠨ᠂ ᠬᠤᠲᠠ ᠪᠠᠯᠭᠠᠰᠤ ᠶᠢᠨ ᠦᠨᠳᠦᠰᠦᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠲᠣ ᠶᠢᠨ ᠪᠠᠶᠢᠭ᠎ᠠ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠳᠠᠯ ᠠᠬᠤᠶ ᠶᠢᠨ ᠬᠠᠮᠢᠶᠠᠷᠤᠯᠲᠠ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 5G ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠪᠠᠭᠠᠨ᠎ᠠ᠂ ᠲᠣᠮᠣ ᠳ᠋ᠠᠶᠢᠲ᠋ᠠ ᠶᠢᠨ ᠲᠥᠪ᠂ ᠵᠤᠬᠢᠶᠠᠮᠠᠯ ᠣᠶᠣᠨᠴᠢ ᠲᠠᠪᠴᠠᠩ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢ ᠵᠦᠶ ᠵᠣᠬᠢᠰᠲᠠᠶ ᠪᠠᠶᠢᠷᠢᠰᠢᠭᠤᠯᠵᠤ᠂ ᠬᠤᠲᠠ ᠪᠠᠯᠭᠠᠰᠤ ᠶᠢᠨ ᠰᠢᠨ᠎ᠡ ᠳᠦᠷᠰᠦ ᠪᠠᠶᠢᠳᠠᠯ ᠢᠶᠠᠷ ᠣᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠬᠠᠷᠢᠭᠤᠯᠳᠠ ᠦᠭᠬᠦᠨ᠎ᠡ᠃      ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾᠎ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠣᠰᠬᠤᠨ ᠪᠣᠯᠭᠠᠨ ᠳᠤ ᠨᠡᠪᠲᠡᠷᠡᠬᠦ᠂ ᠵᠢᠭᠤᠯᠴᠢᠯᠠᠯ ᠤᠨ ᠵᠠᠮ ᠪᠤᠯᠤᠨ ᠬᠢᠯᠢ ᠶᠢᠨ  ᠬᠠᠮᠠᠭᠠᠯᠠᠯᠳᠠ ᠶᠢᠨ ᠵᠠᠮ ᠤᠨ ᠪᠠᠶᠢᠭᠤᠯᠤᠯᠳᠠ ᠶᠢ ᠲᠦᠷᠭᠡᠳᠭᠡᠨ᠂ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠵᠠᠮ ᠤᠨ ᠲᠣᠤᠷ ᠤᠨ ᠪᠣᠷᠣ ᠲᠥᠯᠥᠪ ᠤᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠪᠣᠭᠳᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠢᠳᠠᠮᠵᠢ ᠶᠢ ᠥᠷᠭᠡᠳᠬᠡᠨ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠢᠰᠲ᠋ᠧᠮ ᠢ ᠦᠷᠭᠦᠯᠵᠢᠯᠡᠨ ᠡᠭᠦᠳᠦᠨ ᠪᠠᠶᠢᠭᠤᠯᠤᠨ᠎ᠠ᠃ ᠣᠷᠣᠨ ᠨᠤᠲᠤᠭ ᠤᠨ ᠴᠠᠬᠢᠯᠭᠠᠨ ᠲᠣᠣᠷ ᠤᠨ ᠪᠦᠲᠦᠴᠡ ᠶᠢ ᠰᠢᠯᠢᠳᠡᠭᠵᠢᠭᠦᠯᠵᠦ᠂ ᠴᠠᠬᠢᠯᠭᠠᠨ ᠲᠣᠣᠷ ᠤᠨ ᠠᠵᠢᠯᠯᠠᠭᠠᠨ ᠤ ᠶᠡᠷᠦᠩᠬᠡᠶᠢᠯᠡᠭᠰᠡᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠵᠤ᠂ ᠤᠤᠭᠤᠬᠤ ᠤᠰᠤᠨ ᠤ ᠠᠮᠤᠷ ᠲᠦᠪᠰᠢᠨ ᠢ ᠲᠦᠭᠡᠮᠡᠯᠵᠢᠭᠦᠯᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠭᠤᠷᠠᠶ ᠭᠠᠵᠠᠷ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠭᠠᠨ ᠲᠠᠢ ᠳᠡᠮᠡᠴᠡᠬᠦ᠂ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃     ︵ᠲᠦᠷᠪᠡ︶ ᠨᠡᠩ ᠬᠦᠴᠦᠷᠬᠡᠭ ᠡᠷᠴᠢ ᠵᠣᠷᠢᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠯᠵᠢᠬᠤ ᠣᠷᠣᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ      ᠥᠨᠳᠥᠷ ᠴᠢᠨᠠᠷ ᠴᠢᠨᠰᠠᠭ᠎ᠠ ᠥᠨᠳᠥᠷ ᠪᠦᠲᠦᠮᠵᠢᠲᠡᠶ ᠬᠥᠭᠵᠢᠯᠲᠡ ᠶᠢ ᠠᠳᠬᠤᠬᠤ ᠠᠵᠢᠯ ᠤᠨ ᠲᠣᠭᠤᠷᠢᠨ ᠳᠤ᠃ ︽ᠠᠵᠤ ᠦᠢᠯᠡᠰ ᠢ ᠠᠮᠢ ᠠᠬᠤᠶᠢᠵᠢᠭᠤᠯᠬᠤ ᠂ ᠠᠮᠢ ᠠᠬᠤᠶ ᠶᠢ ᠠᠵᠤ ᠦᠢᠯᠡᠰᠵᠢᠭᠦᠯᠬᠦ︾᠎ ᠶᠢ ᠪᠠᠷᠢᠮᠲᠠᠯᠠᠵᠤ᠂ ᠠᠵᠤ ᠦᠢᠯᠡᠰ ᠤᠨ ᠨᠠᠷᠠᠲᠤ ᠲᠡᠮᠳᠡᠭᠵᠢᠭᠦᠯᠬᠦ᠂ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠢᠯᠡᠳᠬᠦᠨ ᠤ ᠨᠡᠮᠡᠯᠲᠡ ᠥᠷᠲᠡᠭ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠳᠤᠭᠤᠨ ᠤ ᠠᠵᠤ ᠦᠢᠯᠡᠰ ᠪᠠ ᠤᠯᠠᠮᠵᠢᠯᠠᠯᠲᠤ ᠴᠠᠭᠠᠨ ᠢᠳᠡᠭᠡ ᠪᠣᠯᠪᠠᠰᠤᠷᠠᠭᠤᠯᠬᠤ ᠦᠢᠯᠡᠰ ᠢ ᠢᠳᠡᠪᠬᠢᠲᠡᠶ ᠪᠤᠶᠢᠵᠢᠭᠤᠯᠤᠨ᠂ ᠠᠮᠢᠳᠤᠷᠠᠯ ᠤᠨ ᠠᠷᠭ᠎ᠠ ᠮᠠᠶ᠋ᠢᠭ᠂ ᠦᠢᠯᠡᠳᠪᠦᠷᠢᠯᠡᠯ ᠡᠵᠡᠩᠨᠡᠯᠲᠡ᠂ ᠠᠮᠢ ᠠᠬᠤᠶ ᠶᠢᠨ ᠬᠠᠮᠠᠭᠠᠯᠠᠯᠲᠠ ᠶᠢ ᠲᠠᠯ᠎ᠠ ᠨᠤᠲᠤᠭ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠠᠢ ᠵᠤᠬᠢᠴᠠᠭᠤᠯᠤᠨ ᠬᠦᠭᠵᠢᠬᠦᠯᠬᠦ ᠶᠢ ᠠᠬᠢᠭᠤᠯᠵᠤ᠂ ᠮᠠᠯ ᠠᠵᠤ ᠠᠬᠤᠶ ᠶᠢᠨ ᠰᠠᠭᠤᠷᠢ ᠲᠦᠬᠦᠭᠡᠷᠦᠮᠵᠢ ᠶᠢᠨ ᠪᠦᠷᠬᠦᠴᠡ ᠶᠢᠨ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠥᠲᠥᠴᠢ ᠠᠵᠤ ᠠᠬᠤᠶᠢᠯᠠᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ︽ᠬᠤᠷᠰᠢᠶᠠᠵᠢᠯ + ᠬᠥᠲᠥᠴᠢ ᠠᠵᠤ ᠠᠬᠤᠶᠢᠯᠠᠯ + ᠮᠥᠩᠭᠦᠨ ᠭᠦᠢᠯᠭᠡᠭᠡᠨ︾᠎ ᠤ ᠬᠤᠯᠪᠣᠭᠠᠯᠠᠭᠰᠠᠨ ᠲᠣᠭᠲᠠᠴᠠ ᠶᠢ ᠪᠣᠶ ᠪᠣᠯᠭᠠᠵᠤ᠂ ᠮᠠᠯᠴᠢᠳ ᠤᠨ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠪᠠᠲᠤᠯᠠᠨ᠎ᠠ᠃      ᠣᠷᠣᠰᠢᠨ ᠰᠠᠭᠤᠬᠤ ᠳᠤ ᠳᠤᠬᠢᠯᠢᠭ᠂ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠣᠭᠤᠷᠢᠨ ᠳᠤ᠃ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠵᠣᠷᠯᠣᠩ ᠤᠨ ᠬᠤᠪᠢᠰᠬᠠᠯ︾ ᠪᠠ ᠬᠤᠭ ᠨᠣᠪᠰᠢ᠂ ᠪᠤᠵᠠᠷ ᠤᠰᠤ᠂ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ ᠬᠤᠤᠷ ᠦᠭᠡᠶᠢᠵᠢᠭᠦᠯᠦᠨ ᠰᠢᠢᠳᠪᠦᠷᠢᠯᠡᠬᠦ ᠠᠬᠢᠴᠠ ᠶᠢ ᠴᠣᠴᠠᠯᠲᠠ ᠥᠬᠡᠶ ᠠᠬᠢᠭᠤᠯᠵᠤ᠂ ᠮᠠᠯᠵᠢᠬᠤ ᠣᠷᠣᠨ ᠤ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠤᠲᠠᠭᠤᠳᠠᠯ ᠢ ᠬᠦᠴᠦᠯᠡᠨ ᠨᠦᠬᠦᠪᠦᠷᠢᠯᠡᠵᠦ᠂ ᠭᠠᠴᠠᠭᠠᠨ ᠤ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠨᠣᠷᠮ᠎ᠠ᠂ ᠪᠤᠵᠠᠷ ᠤᠰᠤ ᠰᠢᠢᠳᠪᠦᠷᠢᠯᠡᠬᠦ ᠨᠣᠷᠮ᠎ᠠ᠂ ᠠᠷᠢᠭᠤᠨ ᠴᠡᠪᠡᠷ ᠤᠨ ᠵᠣᠷᠯᠣᠩ ᠢ ᠲᠦᠭᠡᠮᠡᠯᠵᠢᠭᠦᠯᠬᠦ ᠨᠣᠷᠮ᠎ᠠ ᠪᠠ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠠᠳᠠᠷᠠᠭᠤᠯᠤᠨ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠳᠦᠷᠢᠮᠵᠢᠭᠦᠯᠵᠦ᠂ ᠠᠷᠠᠳ ᠤᠯᠠᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠮᠡᠳᠡᠭᠳᠡᠮ᠎ᠡ ᠬᠤᠪᠢᠷᠠᠭᠤᠯᠬᠤ ᠶᠢ ᠠᠬᠢᠭᠤᠯᠤᠨ᠎ᠠ᠃      ᠮᠠᠯ ᠠᠵᠤ ᠠᠬᠤᠢ ᠶᠢ ᠬᠦᠴᠦᠷᠬᠡᠭᠵᠢᠭᠦᠯᠦᠨ ᠮᠠᠯᠴᠢᠳ ᠢ ᠬᠠᠷᠠᠭᠠᠯᠵᠠᠵᠤ ᠴᠢᠳᠠᠪᠤᠷᠢᠲᠠᠨ ᠢ ᠬᠥᠮᠦᠵᠢᠭᠦᠯᠬᠦ ᠠᠵᠢᠯ ᠤᠨ ᠲᠣᠭᠤᠷᠢᠨ ᠳᠤ᠃ ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠰᠠᠭᠤᠷᠢᠯᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ︽ᠨᠢᠭᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠳᠤ ᠨᠢᠭᠡ ᠣᠶᠤᠲᠠᠨ ᠡᠯᠰᠡᠬᠦ︾ ᠴᠢᠳᠠᠪᠤᠷᠢᠲᠠᠨ ᠤ ᠨᠦᠯᠦᠭᠡᠯᠡᠯ ᠢ ᠦᠷᠭᠦᠯᠵᠢᠯᠡᠨ ᠦᠷᠭᠡᠳᠭᠡᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠶᠢᠨ ᠴᠢᠳᠠᠪᠤᠷᠢ ᠳᠤ ᠰᠠᠭᠤᠷᠢᠯᠠᠨ᠂ ᠵᠠᠬ᠎ᠠ ᠳᠡᠯᠭᠡᠭᠦᠷ ᠤᠨ ᠬᠦᠴᠦᠨ ᠳᠤ ᠭᠦᠢᠴᠡᠳ ᠲᠦᠰᠢᠭᠯᠡᠵᠦ ᠂ ᠣᠬᠤᠷ ᠬᠤᠭᠤᠴᠠᠭᠠᠨ ᠤ ᠪᠣᠯᠪᠠᠰᠤᠷᠠᠯ ᠪᠠ ᠣᠷᠳᠣ ᠬᠤᠭᠤᠴᠠᠭᠠᠨ ᠤ ᠵᠢᠯᠣᠭᠤᠳᠣᠯᠭ᠎ᠠ ᠶᠢ ᠬᠠᠷᠢᠯᠴᠠᠨ ᠤᠶᠠᠯᠳᠤᠭᠤᠯᠤᠨ᠂ ᠣᠲᠣ ᠦᠶ᠎ᠡ ᠶᠢᠨ ᠮᠠᠯᠴᠢᠳ ᠢ ᠢᠳᠡᠪᠬᠢᠳᠠᠢ ᠬᠦᠮᠦᠵᠢᠬᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ ᠤᠷᠮᠠᠰᠢᠭᠤᠯᠬᠤ ᠮᠠᠶ᠋ᠢᠭ ᠤᠨ᠂ ᠠᠬᠢᠭᠤᠯᠬᠤ ᠮᠠᠶ᠋ᠢᠭ ᠤᠨ ᠪᠣᠯᠪᠠᠰᠤᠷᠠᠯ ᠤᠨ ᠰᠢᠰᠲ᠋ᠧᠮ ᠢ ᠪᠠᠶᠢᠭᠤᠯᠵᠤ᠂ ᠮᠠᠯ ᠠᠵᠤ ᠠᠬᠤᠶ ᠶᠢ ᠣᠶᠢᠯᠠᠭᠠᠬᠤ᠂ ᠮᠠᠯᠵᠢᠬᠤ ᠣᠷᠣᠨ ᠢᠶᠠᠨ ᠬᠠᠶᠢᠷᠠᠯᠠᠬᠤ᠂ ᠮᠠᠯᠴᠢᠳ ᠢᠶᠠᠨ ᠬᠠᠶᠢᠷᠠᠯᠠᠬᠤ ︽ᠮᠠᠯ ᠠᠵᠤ ᠠᠬᠤᠢ ᠮᠠᠯᠵᠢᠬᠤ ᠣᠷᠣᠨ ᠮᠠᠯᠴᠢᠳ︾᠎ ᠤᠨ ᠠᠵᠢᠯ ᠤᠨ ᠡᠩᠨᠡᠭᠡ ᠶᠢ ᠬᠥᠮᠦᠵᠢᠭᠦᠯᠦᠨ ᠪᠣᠶ ᠪᠣᠯᠭᠠᠨ᠎ᠠ᠃     ︵ᠲᠠᠪᠤ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠨᠡᠩ ᠭᠦᠨ ᠳᠡᠰ ᠳᠠᠪᠬᠤᠷᠭ᠎ᠠ ᠳᠤ ᠬᠡᠷᠡᠭᠵᠢᠭᠦᠯᠵᠦ᠂ ᠥᠭᠡᠷᠡᠴᠢᠯᠡᠯᠲᠡ ᠶᠢᠨ ᠪᠣᠭᠤᠮᠲᠠ ᠶᠢ ᠰᠢᠪᠲᠤᠯᠬᠤ ᠰᠢᠨ᠎ᠡ ᠰᠢᠪᠲᠤᠯᠤᠯᠲᠠ ᠶᠢ ᠬᠦᠴᠦᠯᠡᠨ ᠪᠡᠶᠡᠯᠡᠭᠦᠯᠦᠨ᠎ᠡ      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡ᠂ ᠬᠤᠳᠠᠯᠳᠤᠭᠠᠨ ᠤ ᠶᠠᠪᠤᠳᠠᠯ ᠤᠨ ᠳᠦᠷᠢᠮ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠦᠷᠨᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠭᠦᠨᠵᠡᠭᠡᠶ ᠠᠬᠢᠭᠤᠯᠤᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠦᠷᠢᠮ︾᠎ ᠢ ᠴᠢᠩᠭ᠎ᠠ ᠬᠡᠷᠡᠭᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠪᠠ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠳᠦᠷᠢᠮᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠨᠠᠵᠠᠭᠠᠶ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ  ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠢᠮᠠᠭᠲᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠠᠯ᠎ᠠ ᠠᠴᠠ ᠠᠰᠠᠭᠤᠳᠠᠯ ᠢ ᠪᠣᠳᠣᠯᠬᠢᠯᠠᠨ᠂ ᠲᠦᠷᠦ ᠶᠢᠨ ᠪᠤᠳᠤᠯᠭ᠎ᠠ ᠪᠠ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠂ ︽ᠳᠣᠲᠣᠨᠣ ᠮᠥᠷᠲᠡᠭᠡᠨ ᠬᠡᠮᠵᠢᠶ᠎ᠡ ᠲᠠᠢ᠂ ᠴᠡᠪᠡᠷ ᠮᠥᠷᠲᠡᠭᠡᠨ ᠣᠷᠣᠯᠳᠣᠯᠭ᠎ᠠ ᠲᠠᠢ︾ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠤᠨ᠎ᠠ᠃      ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ︽ᠲᠥᠷᠥᠯ ᠵᠦᠢᠯ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ︽ᠡᠯᠰᠡᠬᠦ᠂ ᠪᠠᠶᠢᠭᠤᠯᠬᠤ᠂ ᠨᠥᠭᠡᠴᠡᠯᠡᠬᠦ︾᠎ ᠶᠢ ᠵᠡᠷᠭᠡ ᠪᠠᠷ ᠠᠳᠬᠤᠬᠤ ᠶᠢ ᠪᠠᠷᠢᠮᠲᠠᠯᠠᠨ᠂ ᠠᠵᠤ ᠠᠬᠤᠶ ᠶᠢᠨ ᠬᠥᠭᠵᠢᠯᠲᠡ ᠶᠢᠨ ᠨᠦᠬᠡᠴᠡ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠲᠣᠮᠣ ᠠᠵᠤ ᠠᠬᠤᠶᠢᠯᠠᠯ ᠬᠦᠴᠦᠷᠬᠡᠭ ᠠᠵᠤ ᠠᠬᠤᠶᠢᠯᠠᠯ ᠢ ᠲᠠᠲᠠᠵᠤ ᠰᠢᠯᠢᠳᠡᠭ ᠢ ᠨᠢ ᠰᠣᠩᠭᠤᠬᠤ ᠠᠵᠢᠯ ᠤᠨ ᠲᠣᠭᠤᠷᠢᠨ ᠳᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠬᠤᠳᠠᠯᠳᠤᠭᠠᠴᠢᠨ ᠤᠷᠢᠬᠤ ᠭᠠᠷᠴᠠᠭ ᠢ ᠵᠣᠬᠢᠰᠲᠠᠢ ᠳᠣᠭᠢᠷᠠᠭᠤᠯᠤᠨ ᠲᠡᠭᠦᠯᠳᠡᠷᠵᠢᠭᠦᠯᠵᠦ᠂ ᠠᠮᠢ ᠠᠬᠤᠢ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠨᠠᠷᠢᠯᠢᠭ ᠣᠨᠣᠪᠴᠢᠲᠠᠢ ᠪᠠᠷ ᠬᠤᠳᠠᠯᠳᠤᠭᠠᠴᠢᠨ ᠤᠷᠢᠬᠤ᠂ ᠡᠭᠦᠳᠡ ᠲᠣᠭᠰᠢᠵᠤ ᠬᠤᠳᠠᠯᠳᠤᠭᠠᠴᠢᠨ ᠤᠷᠢᠬᠤ᠂ ᠬᠤᠯᠪᠣᠭᠠᠯᠠᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠬᠦᠴᠦᠲᠡᠶ ᠥᠷᠨᠢᠭᠦᠯᠦᠨ᠎ᠡ᠃ ᠨᠠᠷᠢᠯᠢᠭ ᠣᠨᠣᠪᠴᠢᠲᠠᠶ ᠪᠠᠷ ᠤᠷᠤᠨ ᠪᠠᠶᠢᠷᠢ ᠪᠠᠨ ᠲᠣᠭᠲᠠᠭᠠᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠤᠷᠢᠳᠴᠢᠯᠠᠨ ᠬᠢᠨᠠᠵᠤ ᠦᠨᠡᠯᠡᠨ ᠲᠣᠭᠲᠠᠭᠠᠬᠤ ᠶᠢ ᠴᠢᠩᠭᠠᠳᠬᠠᠨ᠂ ᠪᠠᠯᠠ ᠣᠷᠣᠭᠤᠯᠤᠯᠲᠠ ᠶᠢᠨ ᠡᠷᠴᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠶᠢᠨ ᠬᠤᠷᠣᠭᠳᠠᠯ ᠵᠡᠷᠭᠡ ᠭᠦᠢᠴᠡᠳᠬᠡᠬᠦ ᠲᠤᠭ᠎ᠠ ᠶᠢᠨ ᠬᠦᠯᠢᠶᠡᠰᠦᠯᠡᠯ ᠢ ᠴᠢᠩᠳᠠᠯᠠᠵᠤ᠂ ᠲᠥᠷᠥᠯ ᠵᠦᠢᠯ ᠢ ᠣᠷᠤᠭᠤᠯᠬᠤ ᠵᠥᠪᠰᠢᠶᠡᠷᠡᠯ ᠤᠨ ᠪᠠᠷᠢᠮᠵᠢᠶ᠎ᠠ ᠶᠢ ᠴᠢᠩᠭ᠎ᠠ ᠠᠳᠬᠤᠨ᠎ᠠ᠃ ᠤᠯᠤᠰ ᠤᠨ ᠭᠤᠤᠯᠳᠠᠯᠭ᠎ᠠ ᠲᠠᠢ ᠳᠡᠮᠵᠢᠬᠦ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠬᠦ ᠶᠢ ᠢᠳᠡᠪᠬᠢᠲᠡᠶ ᠰᠠᠶᠢᠲᠤᠷ ᠬᠢᠵᠦ᠂ ᠲᠥᠷᠥᠯ ᠵᠦᠢᠯ ᠤᠨ ᠬᠥᠮᠥᠷᠭᠡ ᠶᠢᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ ︽ᠨᠢᠭᠡ ᠪᠦᠯᠦᠭ ᠢ ᠲᠦᠯᠦᠪᠯᠡᠨ᠂ ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠪᠠᠶᠢᠭᠤᠯᠤᠨ᠂ ᠨᠢᠭᠡ ᠪᠦᠯᠦᠭ ᠢ ᠦᠷ᠎ᠡ ᠪᠦᠲᠦᠮᠵᠢ ᠲᠠᠢ ᠪᠣᠯᠭᠠᠬᠤ︾ ᠱᠠᠲᠤ ᠳᠠᠷᠠᠭ᠎ᠠ ᠲᠠᠢ ᠠᠬᠢᠭᠤᠯᠬᠤ ᠪᠠᠶᠢᠷᠢᠰᠢᠯ ᠢ ᠪᠣᠶ ᠪᠣᠯᠭᠠᠨ᠎ᠠ᠃      ᠰᠢᠨ᠎ᠡ ᠶᠢ ᠡᠭᠦᠳᠬᠦ ᠬᠥᠳᠡᠯᠭᠡᠭᠦᠷ ᠢ ᠦᠷᠭᠦᠯᠵᠢᠯᠡᠨ ᠲᠦᠷᠭᠡᠳᠬᠡᠨ᠎ᠡ᠃ ᠣᠶᠤᠲᠠᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠳᠠᠯ ᠦᠢᠯᠡᠰ ᠴᠣᠭᠴᠠᠯᠠᠨ ᠠᠵᠢᠯ ᠣᠯᠭᠤᠵᠤ ᠨᠡᠪᠴᠢᠭᠦᠯᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠲᠦᠷᠭᠡᠳᠬᠡᠨ᠂ ᠪᠦᠷᠢᠨ ᠪᠦᠲᠦᠨ ᠨᠡᠪᠴᠢᠭᠦᠯᠬᠦ ᠬᠡᠯᠬᠢᠶ᠎ᠡ ᠶᠢ ᠪᠣᠶ ᠪᠣᠯᠭᠠᠵᠤ᠂ ᠲᠠᠪᠤ ᠶᠢ ᠨᠢᠭᠡ ᠴᠤᠭᠴᠠᠵᠢᠭᠤᠯᠤᠭᠰᠠᠨ ᠠᠳᠠᠯ ᠦᠢᠯᠡᠰ ᠴᠣᠭᠴᠠᠯᠠᠬᠤ ᠠᠮᠢ ᠠᠬᠤᠶ ᠶᠢᠨ ᠲᠣᠭᠤᠷᠢᠭ ᠢ ᠪᠦᠲᠦᠭᠡᠯᠴᠢ ᠪᠠᠷ ᠪᠠᠶᠢᠭᠤᠯᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠭᠤᠣᠯᠳᠠᠯᠭ᠎ᠠ ᠲᠠᠢ ᠠᠵᠤ ᠠᠬᠤᠶᠢᠯᠠᠯ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠮᠡᠷᠭᠡᠵᠢᠯ ᠤᠨ ᠬᠦᠷᠢᠶᠡᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢ ᠪᠠᠶᠢᠭᠤᠯᠤᠨ᠎ᠠ᠃ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠬᠦᠴᠦᠨ ᠵᠦᠢᠯ ᠲᠥᠪᠯᠡᠷᠡᠭᠰᠡᠨ᠂ ᠦᠢᠯᠡᠴᠢᠯᠡᠭᠡ ᠲᠤᠰᠬᠠᠶᠢᠵᠢᠭᠰᠠᠨ᠂ ᠪᠠᠶᠢᠷᠢᠰᠢᠭᠤᠯᠤᠯᠲᠠ ᠰᠢᠯᠢᠳᠡᠭᠵᠢᠭᠰᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠨᠥᠬᠦᠴᠡᠯ ᠲᠠᠢ ᠬᠥᠲᠥᠴᠢ ᠠᠵᠤ ᠠᠬᠤᠶᠢᠯᠠᠯ ᠤᠨ ᠣᠨᠴᠠᠯᠢᠠᠠᠳᠣ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠬᠥᠲᠥᠯᠦᠨ ᠵᠢᠯᠣᠭᠤᠳᠬᠤ ᠪᠠ ᠳᠡᠮᠵᠢᠵᠦ᠂ ᠠᠳᠠᠯ ᠦᠢᠯᠡᠰ ᠴᠣᠭᠴᠠᠯᠠᠭᠴᠢ ᠳᠤ ᠪᠠᠯᠠ ᠮᠥᠩᠭᠦ᠂ ᠮᠡᠷᠭᠡᠵᠢᠯ ᠪᠠ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠨ᠎ᠠ᠃      ᠨᠡᠭᠡᠭᠡᠯᠲᠡᠲᠦ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠦᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠵᠦ᠂ ᠠᠷᠤᠬᠠᠰᠢᠶᠠᠲᠤ ᠪᠣᠭᠤᠮᠲᠠ ᠶᠢᠨ ᠵᠢᠯ ᠲᠤᠷᠰᠢᠳᠠ ᠨᠡᠭᠡᠭᠡᠬᠦ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠵᠠᠬ᠎ᠠ ᠶᠢᠨ ᠠᠷᠠᠯᠵᠢᠶᠠᠨ ᠤ ᠲᠣᠭᠤᠷᠢᠭ ᠢ ᠳᠦᠷᠢᠮᠵᠢᠭᠦᠯᠦᠨ ᠡᠵᠡᠩᠨᠡᠵᠦ᠂ ᠦᠢᠯᠡᠴᠢᠯᠡᠭᠡ᠂ ᠠᠷᠠᠯᠵᠢᠶ᠎ᠠ᠂ ᠪᠠᠷᠠᠭᠠᠨ ᠤ ᠭᠦᠢᠯᠭᠡᠭᠡ ᠶᠢᠨ ᠦᠢᠯᠡᠰ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠬᠢᠯᠢ ᠠᠯᠤᠰᠯᠠᠭᠰᠠᠨ ᠵᠢᠭᠤᠯᠴᠢᠯᠠᠯ ᠢ ᠶᠡᠬᠡᠪᠡᠷ ᠬᠦᠭᠵᠢᠭᠦᠯᠦᠨ᠂ ᠣᠷᠣᠰ ᠮᠣᠩᠭᠤᠯ ᠬᠤᠶᠠᠷ ᠤᠯᠤᠰ ᠤᠨ ᠲᠥᠷᠥ ᠶᠢᠨ ᠪᠣᠳᠣᠯᠭ᠎ᠠ ᠲᠠᠢ ᠨᠠᠷᠢᠯᠢᠭ ᠣᠨᠣᠪᠴᠢᠲᠠᠢ ᠪᠠᠷ ᠵᠣᠯᠭᠠᠭᠤᠯᠵᠤ᠂ ᠦᠪᠦᠷ ᠮᠣᠩᠭᠤᠯ ᠤᠨ ᠵᠡᠭᠦᠨ ᠬᠡᠰᠡᠭ ᠤᠨ ᠤᠰᠤᠨ ᠭᠠᠷᠤᠯᠲᠠ᠂ ᠮᠢᠬᠠᠨ ᠤ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠲᠣᠭᠲᠠᠭᠰᠠᠨ ᠪᠣᠭᠤᠮᠲᠠ ᠪᠣᠯᠭᠠᠬᠤ ᠪᠠᠷ ᠢᠳᠡᠪᠬᠢᠲᠡᠶ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠢ ᠵᠣᠷᠢᠭᠵᠢᠭᠤᠯᠤᠨ ᠮᠣᠩᠭᠤᠯ ᠤᠯᠤᠰ ᠤᠨ ᠠᠭᠤᠷᠬᠠᠶ ᠶᠢᠨ ᠭᠠᠷᠤᠯᠲᠠ ᠶᠢ ᠣᠷᠣᠭᠤᠯᠤᠨ ᠠᠪᠴᠢᠷᠠᠵᠤ ᠪᠤᠯᠪᠠᠰᠤᠷᠠᠭᠤᠯᠵᠦ᠂ ᠳᠣᠲᠣᠭᠠᠳᠤ ᠳᠠᠭᠠᠨ ᠬᠦᠲᠦᠯᠦᠨ ᠵᠢᠯᠣᠭᠤᠳᠴᠤ ᠭᠠᠳᠠᠭᠠᠳᠤ ᠳᠠᠭᠠᠨ ᠬᠤᠯᠪᠣᠭᠠᠯᠠᠭᠰᠠᠨ᠂ ᠪᠠᠶᠢᠷᠢ ᠰᠠᠭᠤᠷᠢ ᠳᠣᠪᠣᠶᠢᠭᠰᠠᠨ ᠪᠠ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠨ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠶ ᠪᠠᠶᠢᠭᠤᠯᠤᠨ᠎ᠠ᠃      ︵ᠵᠢᠷᠭᠤᠭ᠎ᠠ︶ ᠨᠡᠩ ᠰᠢᠯᠢᠳᠡᠭ ᠴᠢᠨᠠᠷ ᠴᠢᠨᠰᠠᠭ᠎ᠠ ᠪᠠᠷ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠢ ᠠᠯᠢ ᠴᠢᠳᠠᠬᠤ ᠪᠠᠷ ᠬᠠᠩᠭᠠᠨ᠎ᠠ      ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠡᠷᠴᠢᠮ ᠢ ᠴᠢᠩᠭᠠᠷᠠᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠ ᠲᠠᠬᠢᠨ ᠠᠵᠢᠯ ᠣᠯᠭᠤᠯᠲᠠ ᠳᠤ ᠲᠤᠰᠠᠯᠠᠮᠵᠢ ᠦᠵᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠬᠤᠳᠠ ᠪᠠᠯᠭᠠᠰᠤ ᠶᠢᠨ ᠳᠠᠩᠰᠠᠯᠠᠭᠤᠯᠤᠭᠰᠠᠨ ᠵᠢᠯ ᠤᠨ ᠠᠵᠢᠯ ᠠᠯᠳᠠᠭᠰᠠᠨ ᠨᠤᠷᠮ᠎ᠠ ᠶᠢ 4.5% ᠳᠣᠲᠣᠷ᠎ᠠ ᠬᠢᠵᠠᠭᠠᠷᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃ ᠤᠯᠠᠨ ᠡᠰᠢᠴᠢᠯᠡᠭᠰᠡᠨ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠰᠦᠪᠡᠭᠴᠢᠯᠡᠵᠦ᠂ ᠡᠮᠨᠡᠬᠦ ᠰᠤᠪᠢᠯᠠᠬᠤ ᠡᠷᠡᠭᠦᠯᠵᠢᠭᠦᠯᠬᠦ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠨᠠᠰᠤᠵᠢᠯ ᠤᠨ ᠠᠰᠠᠷᠠᠮᠵᠢ ᠬᠦᠷᠲᠡᠬᠦ ᠦᠢᠯᠡᠴᠢᠯᠡᠭᠡ ᠶᠢ ᠬᠡᠷᠡᠭᠵᠢᠭᠦᠯᠦᠨ᠎ᠡ᠃ ᠲᠡᠰ ᠳᠠᠪᠬᠤᠷᠭ᠎ᠠ ᠪᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠤ᠂ ᠨᠡᠶᠢᠭᠡᠮ ᠤᠨ ᠠᠪᠤᠷᠠᠨ ᠳᠤᠰᠠᠯᠠᠬᠤ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠵᠦ ᠂ ᠨᠡᠶᠢᠭᠡᠮ ᠤᠨ ᠠᠰᠠᠷᠠᠮᠵᠢ ᠶᠢᠨ ᠬᠠᠮᠤᠷᠬᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠨ᠎ᠡ᠃ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠪᠠᠲᠤᠯᠠᠬᠤ ᠶᠢ ᠴᠢᠩᠭᠠᠳᠬᠠᠨ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠬᠠᠮᠠᠭᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠶ ᠦᠢᠯᠡᠰ ᠵᠡᠷᠭᠡ ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠲᠡᠮᠵᠢᠨ᠎ᠡ᠃      ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠤᠨ᠂ ︽ᠬᠤᠶᠠᠷ ᠢ ᠬᠦᠩᠭᠡᠯᠡᠵᠦ ᠨᠢᠭᠡ ᠳᠤ ᠦᠢᠯᠡᠴᠢᠯᠡᠬᠦ︾ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠪᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠬᠦᠴᠦᠲᠡᠶ ᠲᠦᠯᠬᠢᠨ ᠠᠬᠢᠭᠤᠯᠤᠨ᠎ᠠ᠃ ︽ᠡᠷᠡᠭᠦᠯ ᠡᠩᠬᠡ ᠰᠢᠨ᠎ᠡ ᠪᠠᠷᠭᠤ ᠪᠠᠷᠠᠭᠤᠨ ᠬᠤᠰᠢᠭᠤ︾᠎ ᠶᠢᠨ ᠠᠵᠢᠯᠯᠠᠭ᠎ᠠ ᠶᠢ ᠭᠦᠨᠵᠡᠭᠡᠶ ᠦᠷᠨᠢᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ ᠨᠦᠬᠦᠪᠦᠷᠢᠯᠡᠨ᠎ᠡ᠃ ᠬᠦᠨᠳᠦ ᠶᠡᠭᠡ ᠬᠠᠯᠳᠠᠪᠤᠷᠢᠲᠤ ᠡᠪᠡᠳᠴᠢᠨ ᠪᠠ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠤᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠨ᠂ ᠰᠣᠶᠣᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠠᠶᠠᠷ ᠳᠤᠷᠠᠰᠬᠠᠯ ᠤᠨ ᠡᠳᠦᠷ ᠤᠨ ᠣᠬᠢ ᠰᠣᠶᠣᠯ ᠢ ᠢᠳᠡᠪᠬᠢᠲᠡᠶ ᠪᠣᠶ ᠪᠣᠯᠭᠠᠨ᠎ᠠ᠃ ᠪᠡᠶ᠎ᠡ ᠶᠢᠨ ᠲᠠᠮᠢᠷ ᠤᠨ ᠨᠡᠷᠡᠲᠦ ᠲᠦᠷᠦᠯ ᠲᠡᠮᠳᠡᠭᠲᠦ ᠪᠦᠬᠦᠢ ᠣᠨᠴᠠᠯᠢᠭᠲᠤ ᠤᠷᠤᠯᠳᠤᠭᠠᠨ ᠢ ᠦᠷᠬᠦᠯᠵᠢᠯᠡᠨ ᠰᠠᠶᠢᠲᠤᠷ ᠬᠢᠵᠦ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠶᠢ ᠠᠬᠢᠭᠤᠯᠵᠦ᠂ ᠪᠦᠬᠦ ᠠᠷᠠᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠨ᠎ᠠ᠃      ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠠᠮᠤᠷ ᠠᠮᠤᠭᠤᠯᠠᠩ ᠰᠢᠨ᠎ᠡ ᠪᠠᠷᠭᠤ ᠪᠠᠷᠠᠭᠤᠨ ᠬᠤᠰᠢᠭᠤ︾᠎ ᠶᠢᠨ ᠪᠠᠶᠢᠭᠤᠯᠤᠯᠲᠠ ᠶᠢ ᠦᠷᠬᠦᠯᠵᠢᠯᠡᠨ ᠠᠬᠢᠭᠤᠯᠵᠤ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾᠎ ᠶᠢ ᠪᠠᠶᠢᠩᠭᠤᠵᠢᠭᠤᠯᠤᠨ ᠳᠦᠷᠢᠮᠵᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠲᠡᠭᠦᠨ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠴᠡᠷᠢᠭ ᠵᠠᠰᠠᠭ᠂ ᠴᠡᠷᠢᠭ ᠠᠷᠠᠳ ᠤᠨ ᠬᠠᠷᠢᠴᠠᠭ᠎ᠠ ᠶᠢ ᠨᠢᠭᠲᠠᠷᠠᠭᠤᠯᠵᠤ᠂ ᠴᠡᠷᠢᠭ ᠠᠷᠠᠳ ᠤᠨ ᠠᠭᠤᠰᠤᠯᠴᠠᠨ ᠭᠦᠨᠵᠡᠭᠡᠶᠢᠷᠡᠬᠦ ᠬᠥᠭᠵᠢᠯᠲᠡ ᠶᠢ ᠠᠬᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠶᠢ ᠬᠡᠷᠡᠭᠵᠢᠭᠦᠯᠦᠨ᠂ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠪᠠ ᠡᠶᠡᠳᠡᠭᠦᠯᠦᠨ ᠰᠢᠢᠳᠪᠦᠷᠢᠯᠡᠵᠦ ᠠᠷᠢᠯᠭᠠᠬᠤ ᠲᠣᠭᠲᠠᠴᠠ ᠶᠢ ᠪᠠᠶᠢᠭᠤᠯᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠳᠡᠬᠦᠯᠳᠡᠷᠵᠢᠬᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ᠂ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠭᠦᠨᠵᠡᠭᠡᠶ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠨ ᠨᠠᠷᠢᠯᠢᠠᠠᠵᠢᠭᠤᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃      ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ      2022 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ ᠵᠠᠩᠭᠢᠯᠠᠭ᠎ᠠ ᠶᠢᠨ ᠵᠢᠯ ᠪᠣᠯᠤᠨ᠎ᠠ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠥᠨᠥ ᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠳᠡᠭ ᠢ 6% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4.1 ᠳ᠋ᠦᠩᠰᠢᠭᠤᠷ ᠲᠦᠬᠦᠷᠢᠭ ᠪᠡᠶᠡᠯᠡᠬᠦᠯᠦᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 7% ᠣᠷᠴᠢᠮ ᠨᠡᠮᠡᠭᠳᠡᠭᠦᠯᠵᠦ᠂ ᠨᠡᠶᠢᠬᠡᠮ ᠤᠨ ᠭᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠳᠤᠭ᠎ᠠ ᠶᠢ 4% ᠤᠷᠴᠢᠮ ᠨᠡᠮᠡᠭᠳᠡᠬᠦᠯᠦᠨ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 4.5% ᠳᠣᠲᠣᠷ᠎ᠠ ᠬᠢᠵᠠᠭᠠᠷᠯᠠᠨ᠂ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠪᠤᠯᠤᠨ ᠠᠵᠦ ᠠᠬᠤᠢ ᠶᠢᠨ ᠨᠡᠮᠡᠭᠳᠡᠯ ᠦᠨᠳᠦᠰᠦᠨ ᠳᠡᠭᠡᠨ ᠠᠯᠬᠤᠭ᠎ᠠ ᠨᠢᠭᠡᠳᠡᠢ ᠪᠤᠯᠵᠦ᠂ ᠪᠤᠬᠢᠷᠳᠤᠯ ᠦᠬᠡᠢ ᠬᠦᠭᠵᠢᠯᠳᠡ ᠶᠢᠨ ᠬᠦᠢᠴᠡᠳᠭᠡᠬᠦ ᠳᠤᠭ᠎ᠠ ᠶᠢ ᠪᠦᠬᠦ ᠳᠠᠯ᠎ᠠ ᠪᠠᠷ ᠪᠡᠶᠡᠯᠡᠬᠦᠯᠵᠦ᠂ ᠬᠤᠲᠠ ᠠᠴᠠ ᠪᠠᠭᠤᠯᠭᠠᠭᠰᠠᠨ ᠡᠨᠧᠷᠬᠢ ᠠᠷᠪᠢᠯᠠᠨ ᠪᠤᠬᠢᠷᠲᠤᠯ ᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃     ᠥᠨᠥ ᠵᠢᠯ ᠳᠤ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄      ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠪᠠᠶᠢᠩᠭᠤᠵᠢᠭᠤᠯᠤᠨ᠎ᠠ᠃ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠤᠳᠠᠳᠠᠢ ᠪᠦᠭᠡᠳ ᠨᠠᠷᠢᠯᠢᠭ ᠠᠳᠬᠤᠨ᠂ ︽ᠭᠠᠳᠠᠨ᠎ᠠ ᠠᠴᠠ ᠬᠠᠯᠳᠠᠪᠦᠷᠢᠯᠠᠨ ᠤᠷᠤᠵᠦ ᠢᠷᠡᠬᠦ ᠪᠠ ᠳᠤᠳᠤᠭᠠᠳᠦ ᠳᠤ ᠳᠠᠬᠢᠬᠤ ᠶᠢ ᠰᠡᠷᠭᠡᠶᠢᠯᠡᠬᠦ︾ ᠶᠡᠷᠦᠩᠭᠡᠢ ᠠᠷᠭ᠎ᠠ ᠪᠤᠳᠤᠯᠭ᠎ᠠ ᠶᠢ ᠪᠠᠷᠢᠮᠳᠠᠯᠠᠵᠦ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠤᠨ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠳᠤᠨᠢ ᠰᠡᠷᠭᠡᠶᠢᠯᠡᠬᠦ ᠶᠢ ᠴᠢᠩᠭᠠᠳᠬᠠᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠎ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠤᠨ᠂ ᠭᠤᠤᠯᠳᠠᠯᠭ᠎ᠠ ᠲᠠᠢ ᠲᠠᠯᠠᠪᠤᠷ᠂ ᠭᠤᠤᠯᠳᠠᠯᠭ᠎ᠠ ᠲᠠᠢ ᠪᠠᠶᠢᠭᠤᠯᠭ᠎ᠠ᠂ ᠭᠤᠤᠯᠳᠠᠯᠭ᠎ᠠ ᠲᠠᠢ ᠬᠥᠮᠦᠰ ᠪᠠ ᠭᠤᠤᠯᠳᠠᠯᠭ᠎ᠠ ᠲᠠᠢ ᠭᠤᠭᠴᠤᠭ᠎ᠠ ᠶᠢ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠵᠦ᠂ ᠲᠥᠪᠯᠡᠷᠡᠭᠦᠯᠦᠨ ᠲᠤᠰᠠᠭᠠᠷᠯᠠᠬᠤ᠂ ᠡᠳ᠋ ᠪᠤᠳᠠᠰ ᠢ ᠪᠠᠲᠤᠯᠠᠬᠤ᠂ ᠬᠠᠯᠳᠠᠪᠤᠷᠢᠲᠦ ᠡᠪᠡᠳᠴᠢᠨ ᠤ ᠢᠷᠡᠯᠲᠡ ᠶᠢ ᠮᠥᠷᠳᠡᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠡᠮᠨᠡᠭᠦᠯᠦᠨ ᠠᠪᠤᠷᠠᠨ ᠵᠠᠰᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠣᠭᠤᠮᠲᠠ ᠶᠢᠨ ᠣᠷᠣᠨ ᠤ ᠬᠢᠵᠢᠭ ᠢ ᠰᠡᠷᠭᠡᠶᠢᠯᠡᠨ ᠡᠵᠡᠮᠳᠡᠬᠦ ᠱᠤᠭᠤᠮ ᠢ ᠪᠠᠲᠤ ᠰᠠᠬᠢᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠦᠲᠦᠮᠵᠢᠲᠡᠶ ᠪᠠᠲᠤᠯᠠᠨ᠎ᠠ᠃      ︵ᠬᠤᠶᠠᠷ︶ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ ᠮᠠᠯᠵᠢᠬᠤ ᠣᠷᠣᠨ ᠤ ᠣᠳᠣᠬᠢᠴᠢᠯᠠᠭᠰᠠᠨ ᠰᠢᠰᠲ᠋ᠧᠮ ᠢ ᠦᠷᠭᠦᠯᠵᠢᠯᠡᠨ ᠪᠠᠶᠢᠭᠤᠯᠵᠤ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠳᠠᠪᠤᠷᠢ ᠪᠠ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠡᠭᠡᠲᠦ ᠶᠢᠨ ᠠᠭᠤᠯᠠ ᠶᠢᠨ ᠳᠣᠣᠷ᠎ᠠ ᠠᠭᠤᠯᠤᠭᠳᠠᠴᠠ ᠲᠠᠢ ᠵᠡᠰ ᠤᠨ ᠬᠠᠶᠠᠭᠳᠠᠮᠠᠯ ᠬᠦᠳᠡᠷ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠢ ᠲᠣᠭᠲᠠᠭᠤᠨ ᠪᠠᠶᠢᠯᠭᠠᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠪᠦᠯᠬᠦᠮ ᠨᠡᠶᠢᠲᠡ ᠶᠢ ᠣᠷᠣᠭᠤᠯᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠥᠷᠭᠡᠳᠬᠡᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠮᠠᠶ᠋ᠢᠭ ᠤᠨ ᠡᠯᠧᠺᠲᠷᠣᠨ ᠬᠤᠳᠠᠯᠳᠤᠭᠠᠨ ᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠵᠠᠬ᠎ᠠ ᠳᠡᠯᠭᠡᠭᠦᠷ ᠢ ᠨᠡᠭᠡᠭᠡᠬᠦ ᠴᠢᠳᠠᠪᠤᠷᠢ ᠲᠠᠢ ᠨᠢᠭᠡ ᠪᠦᠯᠦᠭ ᠭᠤᠤᠯᠯᠠᠭᠴᠢ ᠠᠵᠤ ᠠᠬᠤᠶᠢᠯᠠᠯ ᠢ ᠪᠣᠶᠢᠵᠢᠭᠤᠯᠤᠨ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠎ᠠ᠃       ︵ᠭᠤᠷᠪᠠ︶ ᠣᠷᠣᠰᠢᠨ ᠰᠠᠭᠤᠬᠤ ᠳᠤ ᠲᠣᠬᠢᠯᠢᠭ ᠰᠢᠨ᠎ᠡ ᠪᠠᠷᠭᠤ ᠪᠠᠷᠠᠭᠤᠨ ᠬᠤᠰᠢᠭᠤ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠶᠢᠨ ᠪᠠᠶᠢᠭᠤᠯᠤᠯᠲᠠ ᠲᠠᠢ ᠤᠶᠠᠯᠳᠤᠭᠤᠯᠤᠨ᠂ ᠰᠤᠮᠤ ᠪᠠᠯᠭᠠᠰᠤ ᠶᠢᠨ ᠠᠶᠢᠯ ᠲᠣᠰᠬᠤᠨ ᠤ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠪᠠ ᠪᠠᠶᠢᠷᠢᠰᠢᠭᠤᠯᠤᠯᠲᠠ ᠶᠢ ᠵᠦᠶ ᠵᠣᠬᠢᠰᠲᠠᠶ ᠳᠣᠭᠢᠷᠠᠭᠤᠯᠤᠨ᠎ᠠ᠃ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ ᠲᠤᠷᠰᠢᠯᠲᠠ ᠶᠢᠨ ᠴᠡᠭ ᠤᠨ ᠢᠨᠵᠧᠨᠧᠷᠢᠩ ᠢ ᠦᠷᠭᠦᠯᠵᠢᠯᠡᠨ ᠪᠠᠶᠢᠭᠤᠯᠵᠤ᠂ ᠲᠤᠷᠰᠢᠯᠲᠠ ᠶᠢᠨ ᠴᠡᠭ ᠤᠨ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠪᠠᠶᠢᠭᠤᠯᠤᠯᠲᠠ ᠵᠢᠴᠢ ᠲᠥᠬᠦᠭᠡᠷᠦᠮᠵᠢ ᠶᠢ ᠬᠤᠳᠠᠯᠳᠤᠨ ᠠᠪᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠢᠨᠵᠧᠨᠧᠷᠢᠩ ᠪᠠ ︽ᠲᠦᠷᠪᠡᠨ ᠰᠠᠶᠢᠲᠠᠢ ᠬᠥᠳᠡᠭᠡ ᠲᠣᠰᠬᠤᠨ ᠤ ᠵᠠᠮ︾᠎ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃      ︵ᠳᠥᠷᠪᠡ︶ ᠨᠡᠶᠢᠭᠡᠮ ᠤᠨ ᠥᠭᠡᠷᠡᠴᠢᠯᠡᠯᠲᠡ ᠶᠢᠨ ᠠᠰᠢᠭ ᠲᠤᠰᠠ ᠶᠢ ᠦᠷᠭᠦᠯᠵᠢᠯᠡᠨ ᠬᠥᠭᠵᠢᠭᠡᠨ᠎ᠡ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠬ᠎ᠠ ᠳᠡᠯᠭᠡᠭᠦᠷ ᠲᠤ ᠣᠷᠤᠭᠤᠯᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠳᠠᠩᠰᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠭᠤᠷᠪᠠᠨ ᠱᠠᠲᠤ ᠶᠢ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠣᠯᠠᠨ ᠵᠦᠢᠯ ᠤᠨ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠷᠭᠡᠯᠡᠵᠦ ᠪᠠᠶᠢᠭ᠎ᠠ ᠰᠠᠭᠤᠷᠢ ᠲᠥᠬᠦᠭᠡᠷᠦᠮᠵᠢ᠂ ᠨᠡᠶᠢᠲᠡ ᠶᠢᠨ ᠠᠰᠠᠷᠠᠮᠵᠢ ᠶᠢᠨ ᠦᠢᠯᠡᠰ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶᠡᠨ ᠤ ᠲᠦᠷᠦᠯ ᠵᠦᠢᠯ ᠳᠤ ᠨᠡᠶᠢᠭᠡᠮ ᠤᠨ ᠬᠦᠷᠦᠩᠭᠡ ᠶᠢᠨ ᠣᠷᠣᠯᠴᠠᠬᠤ ᠶᠢ ᠵᠣᠷᠢᠭᠵᠢᠭᠤᠯᠤᠨ᠎ᠠ᠃      ︵ᠲᠠᠪᠤ︶ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠬᠦ ᠶᠢ ᠪᠠᠷᠢᠮᠲᠠᠯᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠠᠯᠴᠢᠳ ᠤᠨ ᠲᠣᠬᠢᠯᠢᠭ ᠣᠷᠣᠨ ᠰᠠᠭᠤᠴᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠬᠤᠲᠠ ᠶᠢᠨ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠢ 7 ᠬᠡᠷᠡᠭᠵᠢᠭᠦᠯᠵᠦ᠂ ︽ᠳᠥᠷᠪᠡᠨ ᠨᠢᠭᠡ︾ ᠠᠵᠢᠯᠯᠠᠬᠤ ᠠᠷᠭ᠎ᠠ ᠶᠢ ᠬᠡᠷᠡᠭᠵᠢᠭᠦᠯᠦᠨ᠂ ︽ᠵᠢᠷᠭᠤᠭᠠᠨ ᠨᠢᠭᠡ︾ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠤᠨ ᠨᠦᠬᠡᠴᠡ ᠬᠦᠴᠦᠨ ᠢ ᠪᠠᠲᠤᠯᠠᠨ᠎ᠠ᠃ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠲᠦᠯᠬᠢᠨ ᠠᠬᠢᠭᠤᠯᠵᠤ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠲᠣᠭᠠᠴᠢᠯᠠᠯᠲᠠ ᠶᠢ ᠲᠡᠮᠵᠢᠵᠤ᠂ ᠬᠡᠷᠡᠭᠯᠡᠭᠡ ᠶᠢ ᠡᠭᠡᠭᠦᠯᠦᠨ ᠨᠥᠬᠦᠪᠥᠷᠢᠯᠡᠬᠦ ᠶᠢ ᠠᠬᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠠᠭᠠᠳ ᠦᠭᠡᠢ ᠨᠡᠪᠲᠡᠷᠡᠭᠦᠯᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠦᠷᠦᠯ ᠵᠦᠢᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠪᠣᠭᠤᠮᠲᠠ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠠᠬᠤᠢ ᠶᠢ ᠡᠮᠬᠢ ᠵᠢᠷᠤᠮ ᠲᠠᠢ ᠰᠡᠷᠭᠦᠭᠡᠬᠦ ᠶᠢ ᠪᠠᠲᠤᠯᠠᠨ᠎ᠠ᠃      ︵ᠵᠢᠷᠭᠤᠭ᠎ᠠ︶ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠮᠵᠢᠲᠡᠶ ᠪᠠᠬᠢᠵᠢᠭᠦᠯᠦᠨ᠎ᠡ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠢᠳᠡᠪᠬᠢᠲᠡᠶ ᠰᠠᠨᠠᠭᠠᠴᠢᠯᠠᠵᠤ᠂ ᠢᠨᠵᠧᠨᠧᠷᠢᠩ᠂ ᠲᠦᠷᠦᠯ ᠵᠦᠢᠯ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠶᠡᠬᠡᠪᠡᠷ ᠲᠦᠯᠬᠢᠨ ᠠᠬᠢᠭᠤᠯᠤᠨ᠎ᠠ᠃ ᠢᠳᠡᠭᠳᠡᠯ ᠤᠨ ᠭᠤᠤ ᠶᠢ ᠵᠠᠰᠠᠬᠤ ᠪᠠ ᠨᠠᠭᠤᠷ ᠳᠠᠭᠠᠤ ᠶᠢᠨ ᠰᠠᠭᠤᠭᠠᠯᠢ ᠠᠷᠠᠳ ᠤᠨ ᠦᠢᠯᠡᠳᠪᠦᠷᠢᠯᠡᠯ ᠢᠶᠠᠨ ᠬᠤᠪᠢᠷᠠᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠬᠥᠯᠥᠨ ᠨᠠᠭᠤᠷ ᠤᠨ ᠰᠠᠪᠠ ᠭᠠᠵᠠᠷ ᠤᠨ ᠤᠰᠤᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠳ᠋ᠤᠭᠠᠷ ᠬᠠᠰᠤᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠰᠢᠯᠭᠠᠨ ᠬᠤᠷᠢᠶᠠᠨ ᠠᠪᠬᠤ ᠶᠢ ᠥᠩᠭᠡᠷᠡᠭᠦᠯᠬᠦ ᠶᠢ ᠪᠠᠲᠤᠯᠠᠨ᠎ᠠ᠃ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠬᠤ᠂ ᠬᠠᠳᠤᠯᠠᠩ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠵᠡᠷᠭᠡ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ 10.5 ᠲᠦᠮᠡᠨ ᠮᠥ ᠨᠤᠲᠤᠭ ᠪᠡᠯᠴᠢᠭᠡᠷ ᠢ ᠵᠠᠰᠠᠨ ᠰᠡᠷᠭᠦᠭᠡᠨ᠎ᠡ᠃         ︵ᠳᠣᠯᠤᠭ᠎ᠠ︶ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠤᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠭᠦᠯᠳᠡᠭᠦᠦ ᠪᠠᠷᠠᠭᠠᠨ ᠤ ᠭᠦᠢᠯᠭᠡᠭᠡ᠂ ᠵᠡᠭᠡᠯᠢ ᠭᠤᠳᠤᠮᠵᠢ ᠶᠢᠨ ᠵᠠᠰᠠᠯᠲᠠ᠂ ᠵᠠᠰᠠᠮᠠᠯ ᠵᠠᠮ ᠢ ᠳᠡᠰ ᠳᠡᠪᠰᠢᠭᠦᠯᠦᠨ ᠵᠠᠰᠠᠨ ᠰᠢᠨᠡᠳᠬᠡᠬᠦ ᠵᠡᠷᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠨᠡᠶᠢᠲᠡ ᠣᠯᠠᠨ ᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠢ ᠪᠠᠲᠤᠯᠠᠨ᠎ᠠ᠃ ᠠᠷᠠᠳ ᠲᠦᠮᠡᠨ ᠤ ᠡᠷᠡᠭᠦᠯ ᠮᠡᠨᠳᠦ ᠶᠢ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠪᠠᠶᠢᠷᠢᠨ ᠳᠤ ᠲᠠᠯᠪᠢᠵᠤ᠂ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠶᠡᠷᠦᠩᠭᠡᠶᠢᠯᠡᠭᠰᠡᠨ ᠠᠰᠠᠷ ᠤᠨ ᠪᠠᠷᠢᠯᠭ᠎ᠠ ᠶᠢᠨ ᠲᠦᠷᠦᠯ ᠵᠦᠢᠯ ᠢ ᠠᠬᠢᠭᠤᠯᠵᠤ᠂ ︽ᠮᠣᠩᠭᠤᠯ ᠡᠮᠨᠡᠯᠭᠡ ᠶᠢᠨ ᠣᠷᠳᠣᠨ︾᠎ ᠤ ᠪᠦᠬᠦᠨ ᠢ ᠬᠠᠮᠤᠷᠬᠤ ᠠᠵᠢᠯᠯᠠᠭ᠎ᠠ ᠶᠢ ᠬᠡᠷᠡᠭᠵᠢᠭᠦᠯᠦᠨ᠂ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠡ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠨ᠂ ᠤᠯᠤᠰ ᠤᠨ ᠲᠤᠷᠰᠢᠯᠲᠠ ᠶᠢᠨ ᠰᠢᠶᠠᠨ ᠤ ᠪᠠᠷᠢᠮᠵᠢᠶᠠᠨ ᠳᠤ ᠭᠦᠷᠭᠡᠵᠦ ᠰᠢᠯᠭᠠᠨ ᠬᠤᠷᠢᠶᠠᠨ ᠠᠪᠬᠤ ᠶᠢ ᠠᠮᠵᠢᠯᠲᠠᠲᠠᠢ ᠥᠩᠭᠡᠷᠡᠭᠦᠯᠬᠦ ᠶᠢ ᠪᠠᠲᠤᠯᠠᠨ᠎ᠠ᠃     ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ      ᠲᠥᠯᠥᠭᠡᠯᠡᠭᠴᠢᠳ ᠡ︕ ᠰᠢᠨ᠎ᠡ ᠱᠠᠳᠤ ᠦᠶ᠎ᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠥᠷᠢᠰᠥᠯᠳᠦᠭᠡᠨ ᠨᠡᠩ ᠤᠯᠠᠨ ᠮᠦᠷᠲᠡᠭᠡᠨ ᠡᠭᠦᠷᠭᠡ ᠬᠠᠷᠢᠭᠤᠴᠠᠯᠭ᠎ᠠ ᠨᠡᠩ ᠬᠦᠨᠳᠦ᠃ ᠪᠢᠳᠡ ᠬᠢᠲᠤᠭᠠᠨ ᠢᠷ ᠢ ᠳᠣᠲᠣᠭᠰᠢ ᠬᠠᠨᠳᠤᠭᠤᠯᠬᠤ ᠶᠢ ᠪᠠᠷᠢᠮᠲᠠᠯᠠᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠠᠤᠯᠢ ᠪᠠᠷ ᠵᠠᠰᠠᠬᠤ᠂ ᠦᠨᠡᠨᠴᠢ ᠢᠲᠡᠭᠡᠮᠵᠢᠲᠡᠢ᠂ ᠥᠨᠳᠥᠷ ᠪᠦᠲᠦᠮᠵᠢᠲᠡᠢ᠂ ᠠᠷᠢᠭᠤᠨ ᠴᠢᠬᠡᠴᠢ ᠵᠠᠰᠠᠭ ᠤᠨ ᠣᠷᠳᠣᠨ ᠢ ᠬᠦᠴᠦᠯᠡᠨ ᠪᠠᠶᠢᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕      ᠦᠨᠡᠨᠴᠢ ᠰᠢᠳᠤᠷᠭᠤ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠢᠮᠠᠭᠲᠠ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾᠎ ᠢ ᠴᠢᠨᠠᠭᠰᠢᠳᠠ ᠴᠢᠩᠭᠠᠳᠬᠠᠨ᠂ ︽ᠲᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠵᠤ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠠ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ︽ᠨᠠᠮ ᠤᠨ ᠬᠤᠷᠢᠶ᠎ᠠ ᠪᠠᠶᠢᠷᠢᠯᠠᠭᠤᠯᠤᠯᠲᠠ ᠲᠠᠢ᠂ ᠵᠠᠰᠠᠭ ᠤᠨ ᠣᠷᠳᠣᠨ ᠣᠷᠣᠯᠳᠣᠯᠭ᠎ᠠ ᠲᠠᠢ ᠪᠠᠶᠢᠬᠤ︾᠎ ᠶᠢ ᠪᠡᠶᠡᠯᠡᠭᠦᠯᠦᠨ᠎ᠡ᠃ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠣᠳᠣᠯᠬᠢᠯᠠᠨ ᠲᠦᠯᠬᠢᠨ ᠠᠬᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ ᠪᠠ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠥᠨᠳᠥᠷ ᠪᠦᠲᠦᠮᠵᠢᠲᠡᠶ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠮᠠᠭᠲᠠ ᠪᠠᠷᠢᠮᠲᠠᠯᠠᠨ᠎ᠠ᠃ ᠰᠠᠨᠠᠭᠠᠰᠢᠷᠠᠨ ᠵᠣᠪᠠᠨᠢᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠴᠣᠩᠬᠤᠪᠴᠢ︾᠎ ᠶᠢᠨ ᠪᠠᠷᠢᠮᠵᠢᠶ᠎ᠠ᠂ ︽ᠤᠷᠢᠳᠠᠪᠠᠷ ᠬᠡᠷᠡᠭᠵᠢᠭᠦᠯᠬᠦ︾ ᠱᠠᠭᠠᠷᠳᠠᠯᠭ᠎ᠠ ᠪᠠᠷ ᠵᠠᠰᠠᠭ ᠤᠨ ᠣᠷᠳᠣᠨ ᠤ ᠠᠵᠢᠯ ᠢ ᠲᠦᠰᠦᠪᠯᠡᠨ ᠠᠬᠢᠭᠤᠯᠤᠨ᠎ᠠ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ︽ᠨᠢᠭᠡ ᠬᠥᠯᠭᠡ ᠰᠢᠳᠠᠷ᠎ᠠ︾᠎ ᠶᠢᠨ ᠰᠡᠳᠬᠢᠬᠦᠢ ᠶᠢ ᠴᠢᠩᠭᠠᠳᠬᠠᠨ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠬᠠᠷᠠᠯᠲᠠ ᠲᠠᠢ ᠬᠥᠳᠡᠯᠦᠩᠭᠦᠢ ᠪᠠᠶᠢᠳᠠᠯ ᠪᠦᠬᠦᠢ ᠲᠡᠩᠴᠡᠭᠦᠷᠢᠰᠢᠯ ᠤᠨ ᠳᠤᠮᠳᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ ︽ᠳᠠᠷᠦ᠋ᠢᠬᠠᠨ ᠭᠦᠢᠴᠡᠳᠬᠡᠬᠦ᠂ ᠭᠦᠢᠴᠡᠳᠬᠡᠪᠡᠯ ᠳᠠᠷᠤᠢ ᠰᠠᠶᠢᠲᠤᠷ ᠭᠦᠢᠴᠡᠳᠬᠡᠬᠦ︾᠎ ᠶᠢ ᠪᠠᠶᠢᠩᠭᠤᠵᠢᠭᠤᠯᠵᠤ᠂ ︽ᠬᠥᠮᠦᠨ ᠪᠦᠬᠦᠨ ᠦᠷ᠎ᠡ ᠪᠦᠲᠦᠮᠵᠢ ᠶᠢ ᠡᠷᠬᠢᠮᠯᠡᠬᠦ᠂ ᠴᠠᠭ ᠢᠮᠠᠭᠲᠠ ᠦᠷ᠎ᠡ ᠪᠦᠲᠦᠮᠵᠢ ᠶᠢ ᠬᠥᠭᠡᠭᠡᠴᠡᠯᠳᠦᠬᠦ᠂ ᠶᠠᠪᠤᠳᠠᠯ ᠪᠦᠬᠦᠨ ᠳᠤ ᠥᠨᠳᠥᠷ ᠦᠷ᠎ᠡ ᠪᠦᠲᠦᠮᠵᠢ ᠣᠯᠬᠤ᠂ ᠶᠠᠪᠤᠳᠠᠯ ᠪᠣᠯᠭᠠᠨ ᠳᠤ ᠦᠷ᠎ᠡ ᠪᠦᠲᠦᠮᠵᠢ ᠲᠠᠢ ᠪᠠᠶᠢᠬᠤ︾ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ ᠪᠠᠶᠢᠳᠠᠯ ᠢ ᠲᠦᠷᠭᠡᠳᠭᠡᠨ ᠪᠤᠢ ᠪᠣᠯᠭᠠᠨ᠎ᠠ᠃ ᠵᠠᠰᠠᠭ ᠤᠨ ᠣᠷᠳᠣᠨ ᠤ ᠡᠮᠦᠨᠡᠬᠢ ︽ᠠᠷᠠᠳ︾ ᠭᠡᠬᠦ ᠦᠰᠦᠭ ᠢ ᠢᠮᠠᠭᠲᠠ ᠪᠠᠲᠤ ᠴᠡᠭᠡᠵᠢᠯᠡᠵᠦ᠂ ︽ᠣᠯᠠᠨ ᠲᠦᠮᠡᠨ ᠪᠠ ᠠᠵᠤ ᠠᠬᠤᠶᠢᠯᠠᠯ ᠤᠨ ᠬᠦᠰᠡᠯ ᠡᠷᠡᠮᠡᠯᠵᠡᠯ︾᠎ ᠢ ︽ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠣᠷᠣᠯᠳᠣᠯᠭ᠎ᠠ ᠬᠢᠳᠡᠯ︾ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃      ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠮᠠᠭᠲᠠ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠪᠠᠷ ᠵᠠᠰᠠᠭ ᠤᠨ ᠣᠷᠳᠣᠨ ᠤ ᠠᠵᠢᠯᠯᠠᠭ᠎ᠠ ᠶᠢ ᠳᠦᠷᠢᠮᠵᠢᠭᠦᠯᠦᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠠᠵᠢᠯ ᠤᠨ ᠬᠠᠤᠯᠢ ᠪᠠᠷ ᠲᠣᠭᠲᠠᠭᠠᠭᠰᠠᠨ ᠳᠡᠰ ᠳᠠᠷᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠵᠢᠭᠰᠠᠭᠠᠨ ᠣᠷᠣᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠦᠨ᠎ᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢ ᠲᠣᠭᠲᠠᠭᠠᠯ ᠢ ᠡᠷᠡᠰ ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠢᠮᠠᠭᠲᠠ ᠢᠯᠡ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃      ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠮᠠᠭᠲᠠ ᠪᠠᠷᠢᠮᠲᠠᠯᠠᠨ᠎ᠠ᠃ ᠡᠭᠦᠷᠢᠳᠡ ᠵᠣᠭᠰᠣᠰᠢ ᠦᠭᠡᠢ ᠬᠠᠳᠠᠨ ᠵᠣᠷᠢᠭ ᠪᠠ ᠪᠠᠷᠢᠮᠲᠠᠯᠠᠯ ᠢᠶᠠᠷ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠪᠠᠷᠢᠮᠲᠠᠯᠠᠵᠤ᠂ ᠲᠥᠪ ᠬᠤᠷᠢᠶᠠᠨ ᠤ ᠨᠠᠢᠮᠠᠨ ᠵᠣᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠯᠢᠭ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠶᠡᠭᠡ ᠪᠠᠷ ᠵᠠᠯᠠᠷᠠᠭᠤᠯᠤᠨ ᠵᠠᠰᠠᠨ᠎ᠠ᠃ ︽ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠦᠷᠬᠦᠯᠵᠢᠯᠡᠨ ᠪᠠᠭᠠᠰᠬᠠᠨ᠂ ᠨᠡᠩ ᠤᠯᠠᠨ ᠡᠳ᠋ ᠤᠨ ᠵᠠᠰᠠᠭ ᠤᠨ ᠪᠡᠯᠡ ᠮᠥᠩᠭᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠯᠡᠨ᠎ᠡ᠃ ᠢᠯᠵᠠᠷᠠᠯ ᠢ ᠴᠢᠩᠭ᠎ᠠ ᠵᠠᠯᠬᠠᠭᠠᠨ ᠰᠢᠢᠳᠬᠡᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠴᠣᠭᠴᠠᠯᠠᠬᠤ᠂ ᠬᠠᠷᠢᠭᠤᠴᠠᠯᠭ᠎ᠠ ᠡᠭᠦᠷᠭᠡᠯᠡᠵᠦ ᠠᠵᠢᠯ ᠬᠢᠬᠦ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃      ᠲᠥᠯᠥᠭᠡᠯᠡᠭᠴᠢᠳ ᠡ︕ ᠭᠠᠶᠢᠬᠠᠮᠰᠢᠭᠲᠤ ᠤᠨ ᠰᠠᠷ᠎ᠠ ᠨᠢᠭᠡᠨᠳᠡ ᠳᠡᠤᠬᠡᠨ᠎ᠡ ᠳᠡᠮᠳᠡᠭᠯᠡᠭᠳᠡᠵᠦ᠂ ᠭᠡᠷᠡᠯ ᠰᠠᠴᠤᠷᠠᠩᠭᠤᠢ ᠤᠳᠤᠬᠠᠨ ᠤ ᠦᠢᠯᠡᠰ ᠳᠠᠰᠤᠷᠠᠯᠳᠠ ᠦᠬᠡᠢ ᠮᠠᠨᠳᠤᠨ ᠬᠦᠭᠵᠢᠵᠦ᠂ ᠭᠡᠭᠡᠨ ᠰᠠᠷᠠᠭᠤᠯ ᠢᠷᠡᠭᠡᠳᠦᠢ ᠪᠢᠳᠡᠨ ᠤ ᠯᠠᠪᠳᠠᠭᠤᠨ ᠳᠤᠭᠳᠠᠭᠤᠨ ᠢᠶᠠᠷ ᠨᠡᠭᠡᠭᠡᠨ ᠬᠦᠭᠵᠢᠬᠦᠯᠬᠦ ᠶᠢ ᠱᠠᠭᠠᠷᠳᠠᠵᠦ ᠪᠠᠶᠢᠨ᠎ᠠ︕ ᠠᠷᠠᠳ ᠤᠯᠠᠨ ᠤ ᠬᠦᠰᠡᠯ ᠡᠷᠡᠮᠡᠯᠵᠡᠯ ᠪᠣᠯᠪᠠᠰᠤ ᠵᠠᠰᠠᠭ ᠲᠦᠷᠦ ᠶᠢᠨ ᠬᠠᠨᠳᠤᠰᠢ ᠪᠣᠯᠤᠮᠤᠢ᠃ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ᠂ ︽ᠬᠡᠯᠡᠪᠡᠯ ᠦᠭᠡ ᠭᠢᠰᠬᠢᠪᠡᠯ ᠭᠠᠵᠠᠷ︾ ᠭᠡᠳᠡᠭ ᠢᠶᠠᠷ᠂ ᠪᠢᠳᠡ ᠠᠮᠠᠯᠠᠪᠠᠰᠤ ᠵᠠᠪᠠᠯ ᠭᠦᠢᠴᠡᠳᠬᠡᠵᠦ᠂ ᠭᠦᠢᠴᠡᠳᠬᠡᠪᠡᠰᠦ ᠯᠠᠪᠲᠠᠢ ᠪᠡᠶᠡᠯᠡᠭᠳᠡᠨ᠎ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠡᠭᠦᠷᠢᠳᠡ ᠪᠠᠲᠤᠯᠠᠵᠤ᠂ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠡᠭᠦᠷᠭᠡᠯᠡᠵᠦ᠂ ᠡᠷᠡᠰ ᠰᠢᠭᠤᠷᠬᠠᠢ ᠪᠠᠷ ᠵᠠᠮ ᠨᠡᠭᠡᠭᠡᠨ᠂ ᠯᠠᠪᠳᠠᠭᠤᠨ ᠪᠠᠲᠤᠲᠠᠢ ᠰᠢᠷᠭᠠᠭᠤ ᠠᠵᠢᠯᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕      ᠲᠠᠶᠢᠯᠪᠤᠷᠢ᠄      ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ᠄ ᠠᠵᠢᠯ ᠣᠯᠭᠤᠯᠲᠠ᠂ ᠮᠦᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠦ ᠪᠡᠯᠡ᠂ ᠪᠡᠯᠡ ᠣᠷᠤᠭᠤᠯᠤᠯᠲᠠ ᠪᠠ ᠵᠢᠱᠢᠭᠰᠡᠨ ᠬᠤᠭᠤᠴᠠᠭ᠎ᠠ ᠶᠢ ᠲᠣᠭᠲᠠᠪᠤᠷᠢᠵᠢᠭᠤᠯᠬᠤ ᠶᠢ ᠵᠢᠭᠠᠵᠤ ᠪᠣᠢ᠃      ︽ᠵᠢᠷᠭᠤᠭ᠎ᠠ ᠶᠢ ᠪᠠᠲᠤᠯᠠᠬᠤ︾ ᠡᠭᠦᠷᠭᠡ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠬᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ ᠵᠢᠭᠠᠵᠤ ᠪᠤᠢ᠃      ᠬᠤᠶᠠᠷ ᠣᠷᠣᠨ ᠨᠢᠭᠡ ᠴᠣᠩᠬᠤᠪᠴᠢ ᠭᠤᠷᠪᠠᠨ ᠰᠠᠭᠤᠷᠢᠨ ᠭᠠᠵᠠᠷ᠄ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠤᠰᠢᠭᠤᠴᠢ ᠣᠷᠣᠨ᠂ ᠦᠨᠳᠦᠰᠦᠲᠡᠨ ᠤ ᠪᠦᠯᠬᠦᠮᠳᠡᠯ ᠠᠮᠤᠷ ᠲᠣᠭᠲᠠᠭᠤᠨ ᠤ ᠵᠢᠱᠢᠶ᠎ᠡ ᠦᠵᠡᠭᠦᠯᠬᠦ ᠣᠷᠣᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤᠪᠴᠢ᠂ ᠪᠣᠬᠢᠷᠲᠤᠯ ᠥᠬᠡᠶ ᠡᠨᠧᠷᠭᠢ ᠪᠠ ᠡᠬᠢ ᠪᠠᠶᠠᠯᠢᠭ ᠤᠨ ᠪᠠᠶᠢᠯᠳᠤᠬᠤ ᠪᠣᠳᠣᠯᠭ᠎ᠠ ᠶᠢᠨ ᠨᠦᠬᠡᠴᠡ ᠰᠠᠭᠤᠷᠢᠨ ᠭᠠᠵᠠᠷ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠨ ᠪᠣᠯᠪᠠᠰᠤᠷᠠᠭᠤᠯᠬᠤ ᠰᠠᠭᠤᠷᠢᠨ ᠭᠠᠵᠠᠷ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠠᠮᠠᠷᠠᠵᠦ ᠰᠡᠯᠡᠬᠦᠴᠡᠬᠦ ᠰᠠᠭᠤᠷᠢᠨ ᠭᠠᠵᠠᠷ ᠢ ᠵᠢᠭᠠᠵᠤ ᠪᠣᠶ      ᠵᠡᠭᠦᠨ ᠠᠴᠠ ᠪᠠᠷᠠᠭᠤᠨᠰᠢ᠂ ᠬᠤᠶᠢᠨ᠎ᠠ ᠠᠴᠠ ᠡᠮᠦᠨᠡᠰᠢ ᠬᠤᠶᠠᠷ ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ᠄ ᠮᠠᠨᠵᠤᠤᠷ — ᠠᠯᠳ᠋ᠬᠠᠮᠡᠭᠡᠯ ᠪᠠᠯᠭᠠᠰᠤ — ᠠᠷᠤᠬᠠᠰᠢᠶᠠᠲᠤ ᠪᠣᠭᠤᠮᠲᠠ — ᠠᠳᠤᠭᠤᠨᠴᠢᠯᠠᠭᠤ — ᠬᠡᠷᠦᠯᠦᠨ ᠪᠠᠭᠤᠴᠠ ᠬᠦᠷᠬᠦ᠂ 0 ᠨᠣᠮᠧᠷᠲᠤ ᠬᠢᠯᠢ ᠶᠢᠨ ᠬᠥᠰᠢᠶ᠎ᠡ — ᠳᠠᠰᠢᠮᠠᠭ ᠤᠨ ᠷᠠᠰᠢᠶᠠᠨ — ᠬᠦᠢᠲᠡᠨ ᠤ ᠳᠠᠶᠢᠨ ᠤ ᠲᠠᠯᠠᠪᠤᠷ — ᠬᠥᠯᠥᠨ ᠨᠠᠭᠤᠷ ᠤᠨ ᠠᠯᠲᠠᠨ ᠳᠠᠯᠠᠢ ᠶᠢᠨ ᠡᠷᠭᠢ — ᠵᠡᠭᠦᠨ ᠰᠦᠮ᠎ᠡ ᠶᠢᠨ ᠵᠢᠭᠤᠯᠴᠢᠯᠠᠯ ᠤᠨ ᠲᠣᠰᠬᠤᠨ — ᠪᠣᠭᠳᠠᠠᠭᠤᠯᠠ ᠶᠢᠨ ᠵᠢᠭᠤᠯᠴᠢᠯᠠᠯ ᠤᠨ ᠤᠨᠴᠠᠯᠢᠬᠳᠤ ᠵᠢᠵᠢᠭ ᠪᠠᠯᠭᠠᠰᠤ — ᠪᠤᠶᠢᠷ ᠤᠨ ᠵᠢᠭᠤᠯᠴᠢᠯᠠᠯ ᠤᠨ ᠤᠨᠴᠠᠯᠢᠬᠳᠤ ᠵᠢᠵᠢᠭ ᠪᠠᠯᠭᠠᠰᠤ ᠬᠦᠷᠬᠦ ᠶᠢ ᠵᠢᠭᠠᠵᠤ ᠪᠤᠢ      ᠭᠤᠷᠪᠠᠨ ᠱᠤᠭᠤᠮ ᠨᠢᠭᠡ ᠳᠠᠩᠰᠠ᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠢ ᠠᠰᠢᠭᠯᠠᠬᠤ ᠬᠢᠵᠠᠭᠠᠷ ᠱᠤᠭᠤᠮ ᠪᠠ ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠳᠠᠩᠰᠠ ᠶᠢ ᠵᠢᠭᠠᠵᠤ ᠪᠣᠢ᠃      ᠭᠤᠷᠪᠠᠨ ᠣᠷᠣᠨ ᠭᠤᠷᠪᠠᠨ ᠱᠤᠭᠤᠮ᠄ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠲᠦᠷᠦᠯ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠵᠢᠴᠢ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠲᠠᠢ ᠳᠤᠰᠪᠦᠷᠢ ᠬᠠᠷᠠᠭᠠᠯᠵᠠᠭᠤᠯᠵᠦ ᠬᠤᠪᠢᠶᠠᠷᠢᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠵᠦᠢᠯ ᠤᠨ ᠬᠢᠵᠠᠭᠠᠷᠳᠦ ᠱᠤᠭᠤᠮ ᠢ ᠵᠢᠭᠠᠵᠤ ᠪᠣᠶ᠃      ︽ᠳᠥᠷᠪᠡᠨ ᠨᠢᠭᠡ︾ ᠠᠵᠢᠯᠯᠠᠬᠤ ᠠᠷᠭ᠎ᠠ᠄ ᠨᠢᠭᠡ ᠲᠤᠰᠬᠠᠶ ᠠᠵᠢᠯᠯᠠᠬᠤ ᠠᠩᠭᠢ᠂ ᠨᠢᠭᠡ ᠲᠥᠷᠥᠯ ᠵᠦᠢᠯ ᠤᠨ ᠡᠬᠡ ᠲᠠᠩᠰᠠ᠂ ᠲᠤᠬᠠᠶ ᠶᠢᠨ ᠲᠠᠯᠠᠪᠤᠷ ᠲᠤ ᠨᠢᠭᠡ ᠤᠳᠠᠭ᠎ᠠ ᠠᠵᠢᠯᠯᠠᠬᠤ᠂ ᠨᠢᠭᠡ ᠰᠠᠯᠠᠭ᠎ᠠ ᠰᠢᠮᠳᠠᠭᠤᠯᠤᠨ ᠪᠠᠶᠢᠴᠠᠭᠠᠬᠤ ᠬᠦᠴᠦᠨ ᠢ ᠵᠢᠭᠠᠵᠤ ᠪᠤᠢ᠃      ︽ᠵᠢᠷᠭᠤᠭᠠᠨ ᠨᠢᠭᠡ︾ ᠠᠵᠢᠯ ᠤᠨ ᠲᠣᠭᠲᠠᠴᠠ᠄ ᠨᠢᠭᠡ ᠵᠦᠢᠯ ᠤᠨ ᠭᠤᠤᠯᠳᠠᠯᠭ᠎ᠠ ᠲᠠᠢ ᠡᠭᠦᠷᠭᠡ᠂ ᠨᠢᠭᠡ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠂ ᠨᠢᠭᠡ ᠬᠠᠷᠢᠭᠤᠴᠠᠯᠭᠠᠲᠤ ᠨᠢᠭᠡᠴᠡ᠂ ᠨᠢᠭᠡ ᠢᠵᠢ ᠪᠦᠷᠢᠳᠦᠭᠰᠡᠨ ᠠᠵᠢᠯᠯᠠᠬᠤ ᠪᠠᠭ᠂ ᠨᠢᠭᠡ ᠠᠵᠢᠯ ᠤᠨ ᠬᠤᠭᠤᠴᠠᠭᠠᠨ ᠤ ᠲᠥᠯᠥᠪᠯᠡᠭᠡ᠂ ᠨᠢᠭᠡ ᠯᠠ ᠵᠡᠷᠭᠡ ᠳᠤ ᠠᠳᠬᠤᠨ ᠠᠬᠢᠭᠤᠯᠬᠤ ᠶᠢ ᠵᠢᠭᠠᠵᠤ ᠪᠤᠢ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ