2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2022/1/17
        — 2022 ᠣᠨ ᠤ 1 ᠰᠠᠷ᠎ᠠ ᠶᠢᠨ 13 ᠤ ᠡᠳᠦᠷ ᠤᠨ ᠰᠢᠨ᠎ᠡ ᠪᠠᠷᠭᠤ ᠪᠠᠷᠠᠭᠤᠨ         ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ         ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ              ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ                         ᠬᠤᠰᠢᠭᠤᠨ ᠳᠠᠷᠤᠭ᠎ᠠ   ᠴᠠᠩ ᠴᠢᠩ ᠲᠥᠯᠥᠭᠡᠯᠡᠭᠴᠢᠳ ᠡ᠄      ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠬᠤᠰᠢᠭᠤᠨ ᠤ ᠤᠯᠤᠰ ᠳᠦᠷᠤ ᠶᠢᠨ ᠵᠦᠪᠯᠡᠭᠡᠨ ᠤ ᠭᠡᠰᠢᠬᠦᠳ ᠵᠢᠴᠢ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ ᠥᠩᠭᠡᠷᠡᠭᠰᠡᠨ ᠲᠦᠷᠪᠡᠨ ᠵᠢᠯ ᠪᠠ 2021 ᠣᠨ ᠤ ᠠᠵᠢᠯ ᠤᠨ ᠡᠷᠭᠢᠴᠡᠭᠦᠯᠦᠯ      ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠨᠠᠰᠢᠬᠢ ᠳᠥᠷᠪᠡᠨ ᠵᠢᠯ ᠪᠣᠯ ᠰᠢᠨ᠎ᠡ ᠪᠠᠷᠭᠤ ᠪᠠᠷᠠᠭᠤᠨ ᠬᠤᠰᠢᠭᠤᠨ ᠤ ᠦᠷᠬᠦᠯᠵᠢᠯᠡᠨ ᠤᠷᠤᠭᠰᠢᠯᠠᠵᠦ᠂ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠴᠦ᠂ ᠡᠷᠡᠯᠭᠡᠭᠯᠡᠨ ᠳᠡᠮᠡᠴᠡᠵᠦ᠂ ᠭᠡᠷᠡᠯ ᠰᠠᠴᠤᠷᠠᠩᠭᠤᠢ ᠦᠢᠯᠡᠰ ᠢ ᠴᠤᠭᠴᠠᠯᠠᠬᠤ ᠪᠠᠷ ᠴᠢᠷᠮᠠᠶᠢᠭᠰᠠᠨ ᠳᠥᠷᠪᠡᠨ ᠵᠢᠯ ᠪᠤᠯᠤᠨ᠎ᠠ᠂ ᠪᠦᠬᠦ ᠬᠤᠰᠢᠭᠤᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠮᠡᠳᠡᠭᠳᠡᠮ᠎ᠡ ᠳᠡᠭᠡᠭᠰᠢᠯᠡᠵᠦ᠂ ᠬᠤᠲᠠ ᠬᠥᠳᠡᠭᠡ ᠶᠢᠨ ᠬᠥᠭᠵᠢᠯᠲᠡ ᠨᠠᠩ ᠠᠭᠤᠰᠤᠯᠴᠠᠨ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠦᠷᠬᠦᠯᠵᠢᠯᠡᠨ ᠴᠢᠩᠭᠠᠷᠠᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠲᠠᠰᠤᠷᠠᠯᠲᠠ ᠥᠬᠡᠶ ᠨᠡᠮᠡᠭᠳᠡᠪᠡ᠃      ᠡᠨᠡ ᠳᠥᠷᠪᠡᠨ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠵᠢᠷᠭᠤᠭ᠎ᠠ ᠶᠢ ᠳᠤᠠᠠᠳᠠᠪᠦᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠢᠶᠠᠷ ᠰᠠᠶᠢᠵᠢᠷᠠᠪᠠ᠃ ᠵᠢᠱᠢᠯᠳᠡ ᠪᠠᠷ᠂ ᠪᠥᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠳᠤᠮᠳᠠᠴᠢ ᠪᠠᠷ 3% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 15.82 ᠳ᠋ᠦᠩᠰᠢᠭᠤᠷ ᠲᠥᠭᠦᠷᠢᠭ ᠪᠡᠶᠡᠯᠡᠬᠦᠯᠦᠨ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 37 ᠳ᠋ᠦᠩᠰᠢᠭᠤᠷ ᠲᠥᠭᠦᠷᠢᠭ ᠪᠡᠶᠡᠯᠡᠬᠦᠯᠵᠦ᠂ ᠨᠡᠶᠢᠬᠡᠮ ᠤᠨ ᠭᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠳᠤᠭ᠎ᠠ 28.1 ᠳ᠋ᠦᠩᠰᠢᠭᠤᠷ ᠲᠦᠬᠦᠷᠢᠭ ᠲᠤ ᠬᠦᠷᠴᠦ᠂ ᠬᠤᠲᠠ ᠪᠠᠯᠭᠠᠰᠤ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ ᠲᠣᠰ ᠲᠣᠰ 6%᠂ 8.6%  ᠪᠠᠷ ᠨᠡᠮᠡᠭᠳᠡᠨ᠂ ᠭᠤᠷᠪᠠᠨ ᠠᠵᠤ ᠦᠢᠯᠡᠰ ᠤᠨ ᠪᠦᠲᠦᠴᠡ ᠶᠢ 27.3᠄ 55.2᠄ 17.5 ᠪᠣᠯᠭᠠᠨ ᠲᠣᠬᠢᠷᠠᠭᠤᠯᠵᠤ ᠂ ᠠᠵᠦ ᠠᠬᠤᠢ ᠶᠢᠨ ᠪᠦᠳᠦᠴᠡ ᠦᠷᠬᠦᠯᠵᠢᠯᠡᠨ ᠰᠢᠯᠢᠳᠡᠭᠵᠢᠪᠡ᠃      — — ᠲᠦᠷᠪᠡᠨ ᠵᠢᠯ ᠤᠨ ᠳᠡᠮᠡᠴᠡᠯ ᠳᠤ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠳᠠᠯᠠᠨ᠂ ᠬᠦᠴᠦ ᠡᠨᠧᠷᠭᠢ ᠬᠤᠷᠠᠮᠳᠤᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠨᠡᠩ ᠪᠠᠬᠢᠵᠢᠪᠡ      ᠠᠮᠢ ᠠᠬᠤᠶ ᠶᠢ ᠤᠷᠢᠳᠠᠪᠠᠷ ᠪᠤᠳᠤᠯᠬᠢᠯᠠᠨ᠂ ᠪᠣᠬᠢᠷᠲᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠢᠮᠠᠭᠲᠠ ᠪᠠᠷᠢᠮᠳᠠᠯᠠᠨ᠂ ᠮᠠᠯᠵᠢᠬᠤ ᠤᠷᠤᠨ ᠤ ᠬᠦᠭᠵᠢᠯᠳᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠬᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠪᠠ᠃ ᠮᠠᠯᠵᠢᠬᠤ ᠣᠷᠣᠨ ᠤ ᠤᠳᠤᠬᠢᠴᠢᠯᠠᠯᠳᠠ ᠶᠢᠨ ᠲᠤᠷᠰᠢᠯᠲᠠ ᠶᠢᠨ ᠴᠡᠭ ᠤᠨ ᠪᠥᠳᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠪᠠᠶᠢᠭᠤᠯᠤᠯ ᠤᠨ ᠰᠢᠨ᠎ᠡ ᠶᠢ ᠡᠭᠦᠳᠬᠦ ᠪᠠ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠬᠦ ᠪᠠᠷ ᠭᠠᠷᠳᠠᠨ ᠬᠢᠬᠦ ᠴᠡᠭ ᠪᠣᠯᠭᠠᠨ᠂ ᠪᠥᠬᠦ ᠣᠷᠣᠨ ᠳᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠳᠡᠷᠢᠬᠦᠯᠡᠨ ᠬᠢᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠲᠤᠷᠰᠢᠯᠲᠠ ᠶᠢᠨ ᠴᠡᠭ ᠤᠨ ᠭᠤᠷᠪᠠᠨ ᠵᠢᠯ ᠤᠨ ᠲᠥᠰᠦᠯ ᠵᠢᠴᠢ ᠳᠤᠮᠳᠠ ᠬᠤᠭᠤᠴᠠᠭᠠᠨ ᠤ ᠪᠠ ᠠᠯᠤᠰ ᠬᠡᠲᠦ ᠶᠢᠨ ᠲᠥᠯᠥᠪᠯᠡᠭᠡ ᠶᠢ ᠨᠡᠶᠢᠲᠡᠯᠡᠵᠦ᠂ ︽ᠮᠠᠩᠯᠠᠢ︾ ︽ᠲᠤᠯᠤᠭᠠᠨ ᠲᠣᠰᠬᠤᠨ︾ ᠭᠡᠬᠦ ᠬᠤᠶᠠᠷ ᠵᠦᠢᠯ ᠤᠨ ᠵᠠᠭᠪᠤᠷ ᠢ ᠰᠦᠪᠡᠭᠴᠢᠯᠡᠨ ᠪᠣᠶ ᠪᠤᠯᠭᠠᠪᠠ᠃ 19 ᠲᠤᠷᠰᠢᠯᠲᠠ ᠶᠢᠨ ᠭᠠᠴᠠᠭᠠᠨ ᠤ ᠬᠤᠷᠰᠢᠶᠠᠵᠢᠯ ᠪᠠ 1 ᠬᠤᠯᠪᠣᠭᠠᠲᠤ ᠬᠤᠷᠰᠢᠶ᠎ᠠ ᠶᠢ ᠪᠠᠶᠢᠭᠤᠯᠤᠨ ᠳᠠᠭᠤᠰᠬᠠᠵᠦ᠂ 286 ᠲᠦᠮᠡᠨ ᠮᠥ ᠪᠡᠯᠴᠢᠭᠡᠷ᠂ 3.6 ᠲᠦᠮᠡᠨ ᠲᠣᠯᠣᠭᠠᠶ ᠮᠠᠯ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ 11.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ ᠠᠮᠢ ᠠᠬᠤᠶ ᠶᠢ ᠬᠠᠮᠠᠭᠠᠯᠠᠬᠤ᠂ ᠬᠢᠯᠢ ᠶᠢ ᠮᠠᠨᠳᠤᠭᠤᠯᠤᠨ ᠠᠷᠠᠳ ᠢ ᠪᠠᠶᠠᠵᠢᠭᠤᠯᠬᠤ ᠵᠡᠷᠭᠡ ᠲᠥᠷᠥᠯ ᠵᠦᠢᠯ ᠢ 46 ᠬᠡᠷᠡᠭᠵᠢᠭᠦᠯᠪᠡ᠃ ᠠᠮᠢ ᠠᠬᠤᠶ ᠶᠢᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ ᠳᠥᠷᠪᠡᠨ ᠤᠯᠠᠷᠢᠯ ᠳᠤ ᠡᠭᠡᠯᠵᠢᠯᠡᠨ ᠮᠠᠯᠵᠢᠬᠤ᠂ ᠣᠶᠤᠨᠴᠢ ᠪᠠᠷ ᠲᠡᠵᠢᠭᠡᠨ ᠠᠷᠠᠴᠢᠯᠠᠬᠤ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠦᠨ᠂ ᠠᠮᠢ ᠠᠬᠤᠶ᠂ ᠦᠢᠯᠡᠳᠪᠦᠷᠢᠯᠡᠯ᠂ ᠠᠮᠢᠳᠤᠷᠠᠯ ᠢ ᠵᠣᠬᠢᠴᠠᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠪᠥᠬᠦ ᠣᠷᠣᠨ᠂ ᠪᠥᠬᠦ ᠬᠤᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠢ ᠲᠡᠭᠦᠰ ᠠᠮᠵᠢᠯᠲᠠ ᠲᠠᠢ ᠳᠠᠭᠠᠭᠠᠴᠢᠯᠠᠨ ᠡᠷᠬᠢᠯᠡᠪᠡ᠃ ᠰᠢᠨ᠎ᠡ ᠬᠡᠯᠪᠡᠷᠢ ᠶᠢᠨ ᠮᠠᠯ ᠠᠵᠤ ᠠᠬᠤᠶ ᠲᠣᠭᠲᠠᠭᠤᠨ ᠢᠶᠠᠷ ᠬᠥᠭᠵᠢᠪᠡ᠃ ᠬᠠᠮᠠᠭᠠᠯᠠᠵᠦ ᠠᠰᠢᠭᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠰᠠᠭᠤᠷᠢ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠶ ᠶᠢ ᠰᠢᠯᠢᠳᠡᠭᠵᠢᠭᠦᠯᠦᠨ᠂ ᠬᠦᠭᠵᠢᠯᠳᠡ ᠶᠢ ᠰᠦᠪᠡᠭᠴᠢᠯᠡᠵᠦ᠂ ᠮᠠᠯ ᠠᠵᠤ ᠠᠬᠤᠶ ᠶᠢᠨ ᠦᠢᠯᠡᠳᠬᠦᠨ ᠤ ᠶᠡᠷᠦᠩᠬᠡᠶ ᠥᠷᠲᠡᠭ ᠢ 40 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠫᠧᠩ ᠰᠠᠷᠠᠪᠴᠢ᠂ ᠤᠰᠤᠨ ᠬᠤᠳᠳᠤᠭ᠂ ᠪᠤᠷᠳᠤᠭᠠᠨ ᠤ ᠬᠥᠮᠥᠷᠭᠡ ᠵᠡᠷᠭᠡ ᠲᠥᠬᠦᠭᠡᠷᠦᠮᠵᠢ ᠶᠢ ᠰᠢᠨ᠎ᠡ ᠪᠠᠷ 1200 ᠭᠠᠷᠤᠶ ᠪᠠᠶᠢᠭᠤᠯᠵᠤ᠂ ᠡᠳ᠋ ᠪᠣᠳᠠᠰ ᠨᠥᠭᠡᠴᠡᠯᠡᠬᠦ ᠴᠢᠳᠠᠪᠤᠷᠢ 5.17 ᠲᠦᠮᠡᠨ ᠲᠣᠨ ᠳᠤ ᠬᠦᠷᠴᠦ᠂ ᠮᠠᠯ ᠤᠨᠤᠭ᠎ᠠ ᠶᠢᠨ ᠵᠢᠯ ᠤᠨ ᠳᠤᠮᠳᠠᠴᠢ ᠲᠤᠭ᠎ᠠ 105 ᠲᠦᠮᠡᠨ ᠳᠤᠯᠤᠭᠠᠢ ᠳᠤ ᠬᠦᠷᠴᠦ᠂ ᠤᠯᠤᠰ ᠤᠨ ᠦᠮᠴᠢᠯᠡᠯ ᠤᠨ ᠤᠮᠠᠷᠠᠳᠦ ᠭᠡᠰᠡᠭ ᠤᠨ ᠨᠤᠲᠤᠭ ᠪᠡᠯᠴᠢᠭᠡᠷ ᠢ ᠲᠦᠷᠢᠮᠵᠢᠬᠦᠨ ᠬᠠᠮᠢᠶᠠᠷᠬᠤ ᠶᠢ ᠪᠡᠶᠡᠯᠡᠬᠦᠯᠵᠦ᠂ ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ᠮᠠᠯ ᠠᠵᠤ ᠠᠬᠤᠶ ᠶᠢᠨ ᠬᠥᠭᠵᠢᠯᠲᠡ ᠶᠢ ᠪᠠᠳᠤᠯᠠᠬᠤ ᠴᠢᠳᠠᠪᠤᠷᠢ ᠢᠯᠡᠳᠲᠡ ᠳᠡᠭᠡᠭᠰᠢᠯᠡᠪᠡ᠃ ︽ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠤ ᠮᠢᠬᠠᠨ ᠤ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ︾ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠢᠳᠡᠪᠬᠢᠲᠡᠶ ᠪᠠᠷ ᠠᠭᠤᠰᠤᠯᠴᠠᠭᠤᠯᠤᠨ᠂ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠮᠠᠯ ᠰᠦᠷᠦᠭ ᠤᠨ ᠡᠭᠦᠯᠳᠡᠷ ᠢ ᠴᠡᠪᠡᠷᠰᠢᠬᠦᠯᠦᠨ ᠰᠠᠶᠢᠵᠢᠷᠠᠭᠤᠯᠬᠤ ᠶᠢ ᠥᠷᠨᠢᠭᠦᠯᠦᠨ᠂ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ᠂ ᠵᠢᠩ ᠳ᠋ᠦᠩ ᠪᠠᠷᠠᠭᠠᠨ ᠤ ᠬᠦᠢᠯᠭᠡᠭᠡᠨ ᠯᠦᠭᠡ ᠬᠦᠯᠳᠡᠬᠦᠦ ᠬᠡᠯᠬᠢᠶᠡᠲᠦ ᠲᠡᠭᠡᠭᠡᠪᠦᠷᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠶᠢᠭᠤᠯᠵᠦ᠂ ᠬᠤᠨᠢᠨ ᠤ ᠮᠢᠬᠠᠨ ᠤ ᠦᠨ᠎ᠡ ᠬᠠᠩᠰᠢ ᠶᠢᠨ ᠦᠷᠭᠦᠯᠵᠢᠯᠡᠨ ᠥᠰᠬᠦ ᠶᠢ ᠪᠡᠶᠡᠯᠡᠬᠦᠯᠪᠡ᠃ ᠪᠣᠬᠢᠷᠲᠤᠯ ᠥᠬᠡᠶ ᠠᠵᠤ ᠦᠢᠯᠡᠳᠪᠦᠷᠢ ᠶᠢᠨ ᠶᠠᠰᠤ ᠴᠢᠨᠠᠷ ᠳᠡᠭᠡᠭᠰᠢᠯᠡᠨ ᠦᠷ᠎ᠡ ᠠᠰᠢᠭ ᠨᠡᠮᠡᠭᠳᠡᠪᠡ᠃ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠤᠷᠲᠤᠳᠬᠠᠵᠤ᠂ ᠡᠨᠧᠷᠭᠢ ᠶᠢᠨ ᠶᠡᠷᠦᠩᠭᠡᠶᠢᠯᠡᠨ ᠠᠰᠢᠭᠯᠠᠬᠤ ᠨᠣᠷᠮ᠎ᠠ ᠪᠠ ᠬᠤᠪᠢᠷᠠᠭᠤᠯᠤᠯᠲᠠ ᠶᠢᠨ ᠨᠣᠷᠮ᠎ᠠ ᠳᠡᠭᠡᠭᠰᠢᠯᠡᠨ᠂ ᠨᠡᠶᠢᠲᠡ 20.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠷᠦᠩ ᠳ᠋ᠡ ᠠᠭᠤᠷᠬᠠᠶ ᠶᠢᠨ ᠦᠢᠯᠡᠰ ᠤᠨ ᠡᠬᠢ ᠪᠠᠶᠠᠯᠢᠭ ᠤᠨ ᠣᠷᠣᠯᠠᠬᠤ ᠮᠡᠷᠭᠡᠵᠢᠯ ᠢ ᠰᠠᠶᠢᠵᠢᠷᠠᠭᠤᠯᠬᠤ᠂ ᠳ᠋ᠠᠴᠢᠩ ᠤᠨ ᠴᠢᠯᠠᠭᠤᠨ ᠲᠣᠰᠣᠨ ᠤ ᠠᠭᠤᠷᠬᠠᠢ ᠶᠢ ᠦᠷᠬᠦᠯᠵᠢᠯᠡᠨ ᠨᠡᠭᠡᠭᠡᠨ ᠬᠥᠭᠵᠢᠭᠦᠯᠬᠦ ᠵᠡᠷᠭᠡ ᠮᠡᠷᠭᠡᠵᠢᠯ ᠢ ᠰᠠᠶᠢᠵᠢᠷᠠᠭᠤᠯᠬᠤ ᠲᠥᠷᠥᠯ ᠵᠦᠢᠯ ᠢ 4 ᠭᠡᠷᠡᠭᠵᠢᠬᠦᠯᠦᠨ᠂ ᠳᠤᠮᠳᠠᠳᠦ ᠤᠯᠤᠰ ᠤᠨ ᠬᠤᠸᠠᠩ ᠶᠢᠨ ᠪᠦᠯᠦᠭᠯᠡᠯ ᠤᠨ ᠠᠭᠤᠷᠬᠠᠶ ᠶᠢᠨ ᠦᠢᠯᠡᠰ ᠤᠨ ᠵᠢᠯᠣᠭᠤᠴᠢ ᠥᠬᠡᠶ ᠠᠵᠢᠯᠯᠠᠭᠤᠯᠬᠤ ᠰᠢᠰᠲ᠋ᠧᠮ ᠠᠰᠢᠭᠯᠠᠯᠲᠠ ᠳᠤ ᠤᠷᠤᠵᠦ᠂ ᠶᠢᠨ ᠱᠠᠨ ᠠᠭᠤᠷᠬᠠᠶ ᠶᠢᠨ ᠦᠢᠯᠡᠰ ᠤᠨ ᠮᠥᠩᠭᠦ ᠮᠠᠩᠭᠠᠨ ᠬᠤᠶᠠᠷ ᠢ ᠰᠠᠯᠭᠠᠵᠤ ᠬᠦᠳᠡᠷ ᠰᠢᠯᠢᠬᠦ ᠬᠦᠴᠢᠷ ᠠᠰᠠᠭᠤᠳᠠᠯ ᠢ ᠤᠷᠤᠭᠰᠢᠲᠠᠶ ᠰᠢᠢᠳᠪᠦᠷᠢᠯᠡᠪᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢᠨ ᠤᠷᠬᠢᠯ ᠳᠤ ᠬᠦᠷᠬᠦ ᠶᠠᠪᠤᠴᠠ ᠳᠠᠬᠢ ᠲᠦᠭᠰᠢᠭᠦᠷᠢ ᠶᠢ ᠢᠯᠭᠠᠨ ᠲᠠᠨᠢᠬᠤ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠰᠢᠨ᠎ᠡ ᠡᠭᠦᠳᠦᠯᠳᠡ ᠪᠠ ᠭᠡᠷᠡᠭᠯᠡᠯᠳᠡ ᠶᠢ ᠳᠡᠯᠭᠡᠷᠡᠭᠦᠯᠦᠨ᠂ ᠥᠩᠭᠡᠲᠦ ᠲᠡᠮᠦᠷᠯᠢᠭ ᠮᠠᠯᠲᠠᠵᠤ ᠰᠢᠯᠢᠬᠦ ᠦᠢᠯᠡᠰ ᠢᠶᠠᠷ ᠭᠤᠤᠯ ᠪᠤᠯᠭᠠᠭᠰᠠᠨ᠂ ᠲᠡᠮᠦᠷᠯᠢᠭ ᠪᠤᠰᠤ ᠶᠢ ᠮᠠᠯᠲᠠᠵᠤ ᠰᠢᠯᠢᠬᠦ ᠦᠢᠯᠡᠰ᠂ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ᠂ ᠴᠠᠬᠢᠯᠭᠠᠨ ᠪᠠ ᠢᠯᠴᠢ ᠶᠢᠨ ᠬᠦᠴᠦᠨ ᠤ ᠬᠠᠩᠭᠠᠯᠭ᠎ᠠ ᠶᠢᠨ ᠦᠢᠯᠡᠰ ᠢᠶᠠᠷ ᠬᠠᠪᠰᠤᠷᠤᠮᠵᠢ ᠪᠣᠯᠭᠠᠭᠰᠠᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠢ ᠢᠳᠡᠪᠬᠢᠲᠡᠶ ᠪᠠᠶᠢᠭᠤᠯᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠮᠢᠵᠢᠷᠠᠯ ᠤᠨ ᠬᠦᠴᠦᠨ ᠨᠡᠮᠡᠭᠳᠡᠪᠡ᠃  ᠳᠠᠯ᠎ᠠ ᠨᠤᠲᠤᠭ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠵᠤ᠂ ︽ᠪᠣᠭᠳᠠ ᠠᠭᠤᠯᠠ ᠶᠢᠨ ᠤᠯᠠᠨ ᠤᠯᠤᠰ  ᠤᠨ ᠵᠠᠩ ᠦᠢᠯᠡ ᠶᠢᠨ ᠰᠣᠶᠣᠯ ᠵᠢᠭᠤᠯᠴᠢᠯᠠᠯ ᠤᠨ ᠨᠠᠶᠢᠷ︾ ᠵᠡᠷᠭᠡ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠠᠮᠵᠢᠯᠲᠠ ᠲᠠᠢ ᠡᠭᠦᠳᠦᠨ᠂ ︽ᠬᠥᠯᠥᠨ ᠪᠤᠶᠢᠷ ᠤᠨ ᠣᠯᠠᠨ ᠤᠯᠤᠰ ᠤᠨ ᠪᠣᠬᠢᠷᠲᠤᠯ ᠥᠬᠡᠶ ᠬᠥᠭᠵᠢᠯᠲᠡ ᠶᠢᠨ ᠶᠡᠭᠡ ᠬᠤᠷᠠᠯ ᠤᠨ ᠲᠠᠯ᠎ᠠ ᠨᠤᠲᠤᠭ ᠤᠨ ᠬᠤᠪᠢᠶᠠᠷᠢ ᠶᠠᠷᠢᠶᠠᠨ ᠤ ᠲᠠᠪᠴᠠᠩ︾ ᠵᠡᠷᠭᠡ ᠴᠢᠬᠤᠯᠠ ᠶᠡᠭᠡ ᠰᠤᠶᠤᠯ ᠵᠢᠭᠤᠯᠴᠢᠯᠠᠯ ᠤᠨ ᠠᠵᠢᠯᠯᠠᠭ᠎ᠠ ᠶᠢ ᠳᠠᠭᠠᠭᠠᠴᠢᠯᠠᠨ ᠡᠷᠭᠢᠯᠡᠵᠦ᠂ ᠵᠤᠭᠠᠴᠠᠭᠰᠠᠳ ᠢ ᠨᠡᠶᠢᠲᠡ 169.6 ᠲᠦᠮᠡᠨ ᠬᠥᠮᠦᠨ ᠤᠳᠠᠭ᠎ᠠ ᠭᠥᠯᠢᠶᠡᠨ ᠵᠤᠴᠢᠯᠠᠵᠦ᠂ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ 13 ᠳ᠋ᠦᠩᠰᠢᠭᠤᠷ ᠲᠥᠭᠦᠷᠢᠭ ᠢ ᠳᠠᠪᠠᠪᠠ᠃ ᠰᠦᠯᠵᠢᠶ᠎ᠡ ᠶᠢᠨ ᠰᠢᠨ᠎ᠡ ᠠᠵᠤ ᠠᠬᠤᠶ ᠶᠢ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠰᠢᠭᠤ ᠪᠠᠷ ᠭᠤᠶᠤᠴᠢᠯᠠᠨ ᠮᠡᠳᠡᠭᠦᠯᠵᠦ᠂ ᠳᠤᠬᠠᠢ ᠶᠢᠨ ᠭᠠᠵᠠᠷ ᠤᠨ ᠨᠠᠷᠠᠲᠤ ᠰᠢᠯᠢᠳᠡᠭ ᠤᠨᠴᠠᠯᠢᠬᠳᠤ ᠦᠢᠯᠡᠳᠬᠦᠨ ᠢ ᠪᠤᠷᠤᠯᠠᠭᠤᠯᠬᠤ ᠠᠷᠭ᠎ᠠ ᠵᠠᠮ ᠳᠠᠰᠤᠷᠠᠯᠳᠠ ᠦᠬᠡᠢ ᠦᠷᠭᠡᠵᠢᠪᠡ᠃ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠬᠠᠮᠲᠤᠷᠠᠯᠴᠠᠭᠠᠨ ᠤ ᠬᠤᠰᠢᠭᠤᠴᠢ ᠣᠷᠣᠨ ᠤ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠦ᠂ ᠨᠡᠶᠢᠲᠡ 5.6 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠪᠠᠶᠢᠴᠠᠭᠠᠯᠳᠠ ᠶᠢᠨ ᠲᠣᠮᠣ ᠠᠰᠠᠷ᠂ ᠪᠠᠷᠠᠭ᠎ᠠ ᠶᠢᠨ ᠪᠠᠶᠢᠴᠠᠭᠠᠯᠳᠠ ᠶᠢᠨ ᠲᠣᠮᠣ ᠠᠰᠠᠷ ᠵᠡᠷᠭᠡ ᠰᠠᠭᠤᠷᠢ ᠲᠦᠬᠦᠭᠡᠷᠦᠮᠵᠢ ᠶᠢ ᠪᠠᠶᠢᠭᠤᠯᠤᠨ ᠳᠠᠭᠤᠰᠬᠠᠵᠤ᠂ ᠠᠷᠤᠬᠠᠰᠢᠶᠠᠳᠦ ᠪᠣᠭᠤᠮᠲᠠ ᠶᠢᠨ ᠵᠢᠯ ᠳᠤᠷᠰᠢᠳᠠ ᠴᠢᠯᠦᠭᠡᠳᠡᠢ ᠨᠡᠭᠡᠭᠡᠭᠳᠡᠬᠦ ᠠᠵᠢᠯ ᠤᠨ ᠰᠢᠯᠭᠠᠨ ᠬᠤᠷᠢᠶᠠᠨ ᠠᠪᠬᠤ ᠶᠢ ᠤᠷᠤᠭᠰᠢᠲᠠᠶ ᠦᠩᠭᠡᠷᠡᠬᠦᠯᠦᠨ᠂ ᠳᠤᠮᠳᠠᠳᠤ ᠤᠯᠤᠰ ᠤᠨ ᠠᠷᠤᠬᠠᠰᠢᠶᠠᠳᠦ ᠪᠣᠭᠤᠮᠲᠠ ᠫᠠᠶᠢᠰᠠ ᠡᠯᠬᠦᠨ ᠪᠠᠶᠢᠭᠤᠯᠤᠭᠳᠠᠵᠦ᠂ ᠪᠤᠭᠤᠮᠳᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠢ ᠪᠠᠶᠢᠭᠤᠯᠤᠨ᠂ ᠮᠣᠩᠭᠤᠯ ᠤᠯᠤᠰ ᠯᠤᠭ᠎ᠠ ᠶᠢᠨ ᠠᠷᠠᠯᠵᠢᠶᠠᠨ ᠤ ᠲᠥᠷᠥᠯ ᠵᠦᠢᠯ ᠳᠤ ᠰᠢᠨ᠎ᠡ ᠰᠢᠪᠲᠤᠯᠤᠯᠲᠠ ᠲᠠᠢ ᠪᠣᠯᠵᠤ᠂ ᠭᠠᠳᠠᠭᠠᠳᠤ ᠨᠡᠭᠡᠭᠡᠯᠲᠡ ᠶᠢᠨ ᠠᠯᠬᠤᠴᠠ ᠲᠠᠰᠤᠷᠠᠯᠲᠠ ᠥᠬᠡᠶ ᠲᠦᠷᠭᠡᠳᠪᠡ᠃      — — ᠳᠦᠷᠪᠡᠨ ᠵᠢᠯ ᠤᠨ ᠴᠢᠷᠮᠠᠶᠢᠯᠭ᠎ᠠ ᠳᠤ᠂ ᠪᠢᠳᠡ ᠡᠷᠡᠰ ᠰᠢᠭᠤᠷᠬᠠᠢ ᠪᠠᠶᠢᠯᠳᠤᠨ᠂ ᠰᠢᠢᠳᠪᠦᠷᠢᠲᠦ ᠳᠠᠶᠢᠨ ᠬᠢᠬᠦ ᠪᠠᠷ ᠬᠦᠴᠦᠯᠡᠨ ᠴᠢᠷᠮᠠᠶᠢᠵᠦ᠂ ᠴᠢᠬᠤᠯᠠ ᠶᠡᠭᠡ ᠪᠣᠭᠤᠮᠲᠠ ᠰᠢᠪᠲᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ      ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠳᠠᠶᠢᠯᠠᠯᠳᠤᠭᠠᠨ ᠤ ᠢᠯᠠᠯᠲᠠ ᠤᠯᠬᠤ ᠶᠠᠪᠤᠳᠠᠯ ᠢ ᠢᠮᠠᠭᠲᠠ ᠬᠠᠮᠤᠭ ᠤᠨ ᠶᠡᠭᠡ ᠤᠯᠤᠰ ᠲᠦᠷᠦ ᠶᠢᠨ ᠡᠭᠦᠷᠭᠡ᠂ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠬᠠᠮᠤᠭ ᠤᠨ ᠶᠡᠭᠡ ᠬᠥᠭᠵᠢᠯᠲᠡ ᠶᠢᠨ ᠠᠵᠠ ᠲᠣᠬᠢᠶᠠᠯ ᠪᠤᠯᠭᠠᠨ᠂ ᠪᠦᠬᠦ ᠲᠠᠯ᠎ᠠ ᠶᠢᠨ ᠢᠯᠠᠯᠲᠠ ᠶᠢ ᠤᠯᠬᠤ ᠦᠭᠡᠢ ᠪᠣᠯ ᠶᠠᠭᠠᠬᠢᠭᠰᠠᠨ ᠴᠤ ᠤᠬᠤᠷᠢᠬᠤ ᠦᠬᠡᠢ ᠪᠠᠷ ᠳᠡᠮᠡᠴᠡᠵᠦ᠂ ᠡᠯ᠎ᠡ ᠵᠦᠢᠯ ᠤᠨ ᠪᠣᠭᠤᠮᠲᠠ ᠰᠢᠪᠲᠤᠯᠬᠤ ᠡᠭᠦᠷᠭᠡ ᠤᠳᠠᠭ᠎ᠠ ᠳᠠᠷᠠᠭᠠᠯᠠᠨ ᠢᠯᠠᠯᠲᠠ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠰᠢᠢᠳᠪᠦᠷᠢᠯᠡᠬᠦ ᠴᠢᠨᠠᠷᠲᠠᠶ ᠢᠯᠠᠯᠲᠠ ᠤᠯᠪᠠ᠃ ᠨᠠᠷᠢᠯᠢᠭ ᠤᠨᠤᠪᠴᠢᠳᠠᠢ ᠶᠠᠳᠠᠭᠤ ᠶᠢ ᠲᠡᠳᠬᠦᠬᠦ᠂ ᠨᠠᠷᠢᠯᠢᠭ ᠤᠨᠤᠪᠴᠢᠳᠠᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ ᠦᠭᠡᠶ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠦᠪᠯᠡᠷᠡᠬᠦᠯᠦᠨ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠳᠡ 7100 ᠲᠦᠮᠡᠨ ᠲᠥᠭᠦᠷᠢᠭ᠂ ᠮᠥᠩᠭᠦᠨ ᠬᠦᠢᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ ᠶᠢ ᠨᠡᠶᠢᠳᠡ 4500 ᠲᠦᠮᠡᠨ ᠲᠥᠭᠦᠷᠢᠭ ᠣᠷᠣᠭᠤᠯᠵᠤ᠂ ︽ᠭᠤᠷᠪᠠ ᠶᠢ ᠲᠣᠰᠬᠤᠨ ᠪᠠ ᠡᠷᠦᠬᠡ ᠳᠤ ᠬᠦᠷᠭᠡᠬᠦ︾᠂ ᠳᠤᠬᠢᠷᠠᠮᠵᠢᠳᠠᠢ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠂ ᠰᠢᠨ᠎ᠡ ᠬᠡᠯᠪᠡᠷᠢ ᠶᠢᠨ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠲᠡᠳᠬᠦᠬᠦ ᠵᠡᠷᠭᠡ ᠲᠥᠷᠥᠯ ᠵᠦᠢᠯ ᠢ 121 ᠬᠡᠷᠡᠭᠵᠢᠭᠦᠯᠦᠨ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ  ᠤᠨ ᠨᠡᠶᠢᠳᠡᠮ ᠪᠠᠶᠢᠴᠠᠭᠠᠯᠲᠠ ᠶᠢ ᠤᠷᠤᠭᠰᠢᠲᠠᠶ ᠦᠩᠭᠡᠷᠡᠬᠦᠯᠵᠦ᠂ ᠪᠥᠬᠦ ᠬᠤᠰᠢᠭᠤᠨ ᠤ 391 ᠡᠷᠦᠬᠡ ᠶᠢᠨ 1037 ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠳᠠᠯᠪᠢᠪᠠ᠃ ᠠᠮᠢ ᠠᠬᠤᠶ ᠤᠷᠴᠢᠨ ᠳᠤᠭᠤᠷᠢᠨ ᠦᠷᠭᠦᠯᠵᠢᠯᠡᠨ ᠰᠠᠶᠢᠵᠢᠷᠠᠪᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠪᠠᠲᠤ ᠬᠦᠴᠦᠨ ᠤ ᠭᠤᠶᠢᠪᠠᠯᠵᠠᠬᠤ ᠦᠬᠡᠢ ᠪᠠᠶᠢᠬᠤ ᠶᠢ ᠪᠠᠷᠢᠮᠳᠠᠯᠠᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠵᠢᠴᠢ ︽ᠡᠷᠬᠢᠵᠦ ᠬᠠᠷᠠᠵᠦ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠬᠦᠯᠦᠨ᠂ ᠭᠤᠤᠯ ᠨᠠᠭᠤᠷ ᠢ ᠬᠠᠮᠢᠶᠠᠷᠬᠤ ᠳᠠᠷᠤᠭ᠎ᠠ ᠶᠢᠨ ᠲᠦᠷᠢᠮ᠂ ᠣᠶ ᠰᠢᠭᠤᠶ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ ᠂ 3.2 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠂ 231 ᠡᠷᠦᠬᠡ ᠶᠢ ᠨᠡᠭᠦᠯᠭᠡᠵᠦ᠂ ᠨᠠᠭᠤᠷ ᠲᠣᠭᠤᠷᠢᠭᠰᠠᠨ ᠡᠯᠡᠰᠦᠷᠬᠡᠭ ᠭᠠᠵᠠᠷ ᠢ 19 ᠲᠦᠮᠡᠨ ᠮᠥ ᠵᠠᠰᠠᠵᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ 2154 ᠪᠠᠶᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠢ 19 ᠨᠤᠷᠠᠭᠠᠵᠤ᠂ ᠬᠥᠯᠥᠨ ᠨᠠᠭᠤᠷ ᠤᠨ ᠠᠮᠢ ᠠᠬᠤᠶ ᠬᠢᠭᠡᠳ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︽ᠠᠷᠪᠠᠨ ᠭᠤᠷᠪᠠᠳᠤᠭᠠᠷ ᠳᠠᠪᠤᠨ ᠵᠢᠯ︾ ᠤᠨ ᠢᠨᠵᠧᠨᠧᠷᠢᠩ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠵᠦ᠂ ᠨᠦᠬᠦᠪᠦᠷᠢ ᠱᠠᠩᠨᠠᠯ  ᠤᠨ ᠪᠠᠯᠠ ᠮᠥᠩᠭᠦ ᠶᠢ 7.7 ᠳ᠋ᠦᠩᠰᠢᠭᠤᠷ ᠲᠥᠭᠦᠷᠢᠭ ᠳᠠᠷᠬᠠᠭᠠᠨ᠂ ᠭᠤᠷᠪᠠᠨ ᠤᠮᠠᠷᠠᠲᠤ ᠶᠢᠨ ᠬᠠᠯᠬᠠᠪᠴᠢ ᠤᠢ᠂ ᠪᠡᠯᠴᠢᠭᠡᠷᠯᠡᠬᠦᠯᠬᠦ ᠶᠢ ᠵᠣᠭᠰᠣᠭᠠᠵᠤ ᠨᠤᠲᠤᠭ ᠰᠡᠷᠭᠦᠭᠡᠬᠦ ᠵᠡᠷᠭᠡ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠤᠷᠴᠢᠨ ᠳᠤᠭᠤᠷᠢᠨ ᠮᠡᠳᠡᠭᠳᠡᠮ᠎ᠡ ᠰᠠᠶᠢᠵᠢᠷᠠᠪᠠ᠃ ᠴᠡᠯᠮᠡᠭ ᠲᠩᠷᠢ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠡᠷᠡᠰ ᠰᠠᠶᠢᠲᠤᠷ ᠬᠢᠪᠡ᠃ 10 ᠠᠭᠤᠷ ᠤᠨ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠰᠢᠭᠰᠢᠨ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠵᠠᠰᠠᠨ ᠰᠢᠨᠡᠳᠭᠡᠬᠦ ᠶᠢ ᠪᠡᠶᠡᠯᠡᠭᠦᠯᠵᠦ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠢ ᠪᠦᠲᠦᠮᠵᠢᠲᠡᠶ ᠥᠷᠨᠢᠭᠦᠯᠦᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠲᠡᠶᠢᠨ ᠤ ᠱᠠᠲᠤ ᠦᠶᠡᠴᠢ ᠴᠢᠨᠠᠷᠲᠠᠶ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠦᠭᠰᠢᠬᠦᠷᠢ ᠶᠢ ᠰᠡᠷᠭᠡᠶᠢᠯᠡᠬᠦ ᠠᠵᠢᠯ ᠰᠢᠨᠵᠢᠯᠡᠬᠦ ᠤᠬᠠᠭᠠᠨᠴᠢ ᠪᠦᠭᠡᠳ ᠪᠦᠳᠦᠮᠵᠢᠳᠠᠢ ᠶᠠᠪᠤᠭᠳᠠᠪᠠ᠃  ᠰᠠᠨᠠᠭᠠᠰᠢᠷᠠᠨ ᠵᠣᠪᠠᠨᠢᠬᠤ ᠤᠬᠠᠮᠰᠠᠷ ᠢ ᠳᠡᠭᠡᠭᠰᠢᠯᠡᠬᠦᠯᠵᠦ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠨ᠂ ᠮᠥᠩᠭᠦᠨ ᠬᠦᠢᠯᠭᠡᠭᠡᠨ ᠤ ᠲᠦᠭᠰᠢᠭᠦᠷᠢ ᠶᠢ ᠡᠮᠬᠢ ᠵᠢᠷᠤᠮ ᠲᠠᠢ ᠪᠠᠷ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠦᠯᠡᠳᠡᠪᠦᠷᠢ ᠥᠷᠢ ᠥᠭᠴᠡᠭᠡ ᠶᠢ 3.1 ᠳ᠋ᠦᠩᠰᠢᠭᠤᠷ ᠲᠥᠭᠦᠷᠢᠭ᠂ ᠮᠠᠯᠵᠢᠬᠤ ᠣᠷᠣᠨ ᠤ ᠠᠷᠠᠳ ᠤᠨ ᠳᠤᠮᠳᠠᠬᠢ ᠥᠨᠳᠥᠷ ᠬᠦᠤ ᠲᠠᠢ ᠵᠢᠭᠡᠯᠡᠯᠭᠡ ᠶᠢ 0.4 ᠳ᠋ᠦᠩᠰᠢᠭᠤᠷ ᠲᠥᠭᠦᠷᠢᠭ ᠠᠷᠢᠯᠭᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠷᠢᠳᠦᠭᠰᠡᠨ 1.3 ᠳ᠋ᠦᠩᠰᠢᠭᠤᠷ ᠲᠥᠭᠦᠷᠢᠭ ᠢ ᠳᠥᠯᠥᠵᠦ ᠳᠠᠭᠤᠰᠬᠠᠵᠦ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠬᠦᠢᠯᠭᠡᠭᠡᠨ ᠤ ᠲᠦᠭᠰᠢᠭᠦᠷᠢ ᠶᠢᠨ ᠰᠡᠷᠭᠡᠶᠢᠯᠡᠯᠲᠡ ᠶᠢᠨ ᠱᠤᠭᠤᠮ ᠨᠠᠩ ᠪᠠᠬᠢᠵᠢᠪᠡ᠃ ᠠᠶᠤᠯᠭᠦᠶ ᠦᠢᠯᠡᠳᠪᠦᠷᠢᠯᠡᠯ ᠪᠠ ᠢᠳᠡᠭᠡᠨ ᠤ ᠵᠦᠢᠯ ᠤᠨ ᠠᠮᠦᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠤᠨ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ  ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠬᠦᠷᠢᠶ᠎ᠡ ᠬᠡᠪᠴᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠬᠢᠷᠢ ᠲᠦᠪᠰᠢᠨ ᠲᠠᠰᠤᠷᠠᠯᠳᠠ ᠦᠭᠡᠢ ᠳᠡᠭᠡᠭᠰᠢᠯᠡᠪᠡ᠃      — — ᠳᠥᠷᠪᠡᠨ ᠵᠢᠯ ᠤᠨ ᠨᠡᠭᠡᠭᠡᠯᠲᠡ ᠶᠢᠨ ᠳᠤᠮᠳᠠ᠂ ᠪᠢᠳᠡ ᠬᠤᠲᠠ ᠬᠥᠳᠡᠭᠡ ᠶᠢ ᠵᠡᠷᠭᠡ ᠪᠠᠷ ᠴᠢᠬᠤᠯᠠᠴᠢᠯᠠᠨ᠂ ᠨᠢᠭᠡᠳᠦᠯᠲᠡᠶ ᠲᠥᠯᠥᠪᠵᠢᠭᠦᠯᠦᠨ ᠠᠭᠤᠰᠤᠯᠴᠠᠭᠤᠯᠬᠤ ᠶᠢ ᠪᠠᠷᠢᠮᠳᠠᠯᠠᠵᠦ᠂ ᠬᠤᠲᠠ ᠬᠥᠳᠡᠭᠡ ᠶᠢᠨ ᠳᠦᠷᠰᠦ ᠪᠠᠶᠢᠳᠠᠯ ᠳᠤ ᠠᠩᠬᠠᠷᠤᠯ ᠢ ᠲᠠᠲᠠᠭᠰᠠᠨ ᠬᠤᠪᠢᠷᠠᠯᠲᠠ ᠭᠠᠷᠪᠠ      ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠢᠮᠠᠭᠲᠠ ᠬᠤᠳᠠ ᠪᠠᠯᠭᠠᠰᠤᠵᠢᠯᠳᠠ ᠶᠢᠨ ᠬᠥᠭᠵᠢᠯᠲᠡ ᠶᠢᠨ ᠪᠦᠬᠦ ᠶᠠᠪᠤᠴᠠ ᠳᠤ ᠳᠤᠤᠱᠯᠠᠭᠤᠯᠤᠨ᠂ ᠬᠦᠴᠦ ᠪᠠᠨ ᠲᠥᠪᠯᠡᠷᠡᠭᠦᠯᠦᠨ ᠣᠷᠣᠰᠢᠨ ᠰᠠᠭᠤᠬᠤ ᠳᠤ ᠳᠤᠬᠢᠯᠢᠭ ᠪᠥᠭᠡᠳ ᠦᠢᠯᠡᠰ ᠪᠤᠰᠬᠠᠬᠤ ᠳᠤ ᠲᠣᠬᠢᠷᠠᠮᠵᠢᠲᠠᠢ ᠥᠨᠳᠥᠷ ᠶᠠᠰᠤ ᠴᠢᠨᠠᠷ ᠪᠦᠬᠦᠢ ᠠᠮᠢᠳᠤᠷᠠᠯ ᠤᠨ ᠣᠷᠣᠨ ᠵᠠᠢ ᠶᠢ ᠴᠣᠭᠴᠠᠯᠠᠵᠤ᠂ ᠬᠤᠳᠠ ᠬᠥᠳᠡᠭᠡ ᠶᠢᠨ ᠨᠢᠭᠡ ᠴᠤᠭᠴᠠᠵᠢᠭᠰᠠᠨ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠤᠢ ᠪᠤᠯᠭᠠᠪᠠ᠃ ᠬᠤᠲᠠ ᠪᠠᠯᠭᠠᠰᠦ ᠶᠢᠨ ᠴᠢᠨᠠᠷ ᠴᠢᠨᠰᠠᠭ᠎ᠠ ᠲᠠᠰᠤᠷᠠᠯᠲᠠ ᠥᠬᠡᠶ ᠳᠡᠭᠡᠭᠰᠢᠯᠡᠪᠡ᠃ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠵᠦ᠂ ᠨᠡᠶᠢᠲᠡ 13.8 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠂ ᠤᠰᠤᠨ ᠤ ᠦᠢᠯᠡᠳᠪᠦᠷᠢ ᠶᠢ ᠵᠠᠰᠠᠨ ᠰᠢᠨᠡᠳᠭᠡᠵᠦ ᠥᠷᠭᠡᠳᠬᠡᠨ ᠪᠠᠶᠢᠭᠤᠯᠬᠤ᠂ ᠢᠯᠴᠢ ᠶᠢᠨ ᠰᠤᠷᠪᠤᠯᠵᠢ ᠶᠢᠨ ᠭᠠᠵᠠᠷ ᠢ ᠰᠢᠨ᠎ᠡ ᠪᠠᠷ ᠪᠠᠶᠢᠭᠤᠯᠬᠤ᠂ ᠪᠤᠵᠠᠷ ᠤᠰᠤᠨ ᠤ ᠬᠤᠭᠤᠯᠠᠶ ᠲᠣᠤᠷ ᠢ ᠵᠠᠰᠠᠨ ᠰᠢᠨᠡᠳᠭᠡᠬᠦ ᠵᠡᠷᠭᠡ ᠰᠠᠶᠢᠵᠢᠷᠠᠭᠤᠯᠬᠤ ᠴᠢᠨᠠᠷᠲᠠᠶ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠥᠪ᠂ ᠪᠠᠷᠭᠤ ᠠᠮᠢ ᠠᠬᠤᠶ ᠶᠢᠨ ᠣᠷᠳᠣᠨ᠂ ᠠᠷᠠᠳ ᠤᠨ ᠵᠠᠩ ᠦᠢᠯᠡ ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠴᠢᠳᠠᠮᠵᠢ ᠶᠢᠨ ᠴᠢᠨᠠᠷᠲᠠᠶ ᠳᠠᠯᠠᠪᠤᠷ ᠣᠷᠳᠣᠨ ᠵᠠᠯᠭᠠᠭ᠎ᠠ ᠪᠠᠷ ᠠᠰᠢᠭᠯᠠᠯᠲᠠ ᠳᠤ ᠣᠷᠣᠪᠠ᠃ ᠲᠦᠬᠦᠮ ᠪᠦᠳᠦᠴᠡᠳᠦ ᠤᠷᠤᠨ ᠰᠠᠭᠤᠴᠠ ᠶᠢᠨ ᠳᠤᠭᠤᠷᠢᠭ ᠤᠨ 1500 ᠡᠷᠦᠭᠡ᠂ ᠬᠠᠭᠤᠴᠢᠨ ᠵᠢᠵᠢᠭ ᠰᠠᠭᠤᠭᠠᠯᠢ ᠳᠤᠭᠤᠷᠢᠭ ᠤᠨ 956 ᠡᠷᠦᠭᠡ ᠶᠢᠨ ᠵᠠᠰᠠᠨ ᠰᠢᠨᠡᠳᠭᠡᠬᠦ ᠠᠵᠢᠯ ᠢ ᠪᠡᠶᠡᠯᠡᠬᠦᠯᠵᠦ᠂ ᠵᠢᠵᠢᠭ ᠰᠠᠭᠤᠭᠠᠯᠢ ᠳᠤᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠯᠭᠠᠰᠦᠨ ᠤ ᠲᠣᠭᠤᠷᠢᠭ ᠲᠠᠬᠢ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ᠂ ᠭᠤᠶᠤᠵᠢᠭᠤᠯᠤᠯᠲᠠ᠂ ᠭᠡᠷᠡᠯᠲᠦᠭᠦᠯᠭᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠬᠤᠳᠠ ᠶᠢᠨ ᠬᠠᠮᠢᠶᠠᠷᠤᠯᠲᠠ ᠡᠳᠦᠷ ᠢᠷᠡᠬᠦᠶ᠎ᠡ ᠰᠢᠨᠵᠢᠯᠡᠬᠦ ᠤᠬᠠᠭᠠᠨᠴᠢᠯᠠᠨ᠂ ᠨᠠᠷᠢᠯᠢᠠᠠᠵᠢᠨ ᠤᠶᠤᠨᠴᠢᠯᠠᠪᠠ᠃ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠲᠠᠰᠤᠷᠠᠯᠲᠠ ᠥᠬᠡᠶ ᠪᠠᠬᠢᠵᠢᠪᠡ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠦᠶᠡᠷ ᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠪᠠᠶᠢᠭᠤᠯᠤᠯᠲᠠ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠢ 3 ᠭᠡᠷᠡᠭᠵᠢᠬᠦᠯᠦᠨ᠂ 27 ᠴᠠᠬᠢᠯᠭᠠᠨ ᠳᠤᠤᠷ᠂ 18 ᠴᠢᠮᠡᠭᠡ ᠨᠡᠪᠲᠡᠷᠡᠯᠭᠡ ᠶᠢᠨ ᠰᠠᠭᠤᠷᠢ ᠥᠷᠲᠡᠭᠡ᠂ 54 ᠮᠠᠯᠵᠢᠬᠤ ᠣᠷᠣᠨ ᠤ ᠤᠶᠤᠨᠲᠤ ᠷᠠᠳᠢᠣ᠋ ᠲᠧᠯᠸᠢᠰ ᠤᠨ ᠰᠦᠯᠵᠢᠶ᠎ᠡ ᠶᠢᠨ ᠬᠠᠷᠢᠯᠴᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ ᠪᠠ ᠵᠠᠰᠠᠨ ᠰᠢᠨᠡᠳᠭᠡᠵᠦ᠂ ᠲᠥᠪᠯᠡᠷᠡᠨ ᠰᠠᠭᠤᠭ᠎ᠠ ᠭᠠᠵᠠᠷ ᠤᠨ ᠭᠡᠷᠡᠯ ᠰᠢᠷᠬᠡᠭ ᠤᠨ ᠰᠦᠯᠵᠢᠶ᠎ᠡ ᠶᠢᠨ ᠪᠦᠷᠬᠦᠴᠡ ᠶᠢ ᠪᠡᠶᠡᠯᠡᠭᠦᠯᠪᠡ᠃ G331 ᠱᠤᠭᠤᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠰᠡᠭ ᠲᠠᠬᠢ ᠨᠢᠭᠡᠳᠦᠭᠡᠷ ᠳᠡᠰ ᠤᠨ ᠵᠠᠰᠠᠮᠠᠯ ᠵᠠᠮ ᠤᠷᠤᠭᠰᠢᠲᠠᠶ ᠪᠠᠷ ᠲᠡᠷᠭᠡ ᠨᠡᠪᠲᠡᠷᠡᠵᠦ᠂ ᠵᠠᠰᠠᠮᠠᠯ ᠵᠠᠮ ᠤᠨ  ᠶᠡᠷᠦᠩᠭᠡᠢ ᠣᠷᠳᠣ 1315 ᠺᠢᠯᠣᠮᠧᠲᠷ ᠲᠤ ᠬᠦᠷᠴᠦ᠂ ᠵᠠᠰᠠᠮᠠᠯ ᠵᠠᠮ ᠤᠨ ᠰᠦᠯᠵᠢᠶᠡᠨ ᠤ ᠰᠢᠰᠲ᠋ᠧᠮ ᠦᠨᠳᠦᠰᠦᠨ ᠳᠡᠭᠡᠨ ᠪᠦᠷᠢᠯᠳᠦᠪᠡ᠃ ᠪᠣᠭᠳᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠦᠢᠯᠡᠰ ᠰᠢᠨ᠎ᠡ ᠨᠢᠭᠡ ᠠᠯᠬᠤᠮ ᠢ ᠠᠯᠬᠤᠪᠠ᠃ ᠮᠠᠯᠵᠢᠬᠤ ᠣᠷᠣᠨ ᠤ ᠪᠠᠶᠢᠭᠤᠯᠤᠯᠲᠠ ᠲᠠᠰᠤᠷᠠᠯᠲᠠ ᠥᠬᠡᠶ ᠭᠦᠨᠵᠡᠭᠡᠶᠢᠷᠡᠪᠡ᠃ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠵᠦ᠂ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠵᠤ ᠰᠢᠢᠳᠪᠦᠷᠢᠯᠡᠬᠦ ᠪᠠ ᠢᠯᠭᠠᠳᠠᠰᠤᠨ ᠤ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠲᠦᠮᠵᠢᠲᠡᠶ ᠦᠷᠨᠢᠬᠦᠯᠦᠨ᠂ 1638 ᠡᠷᠦᠬᠡ ᠶᠢᠨ ᠵᠣᠷᠯᠣᠩ ᠢ ᠵᠠᠰᠠᠨ ᠰᠢᠨᠡᠳᠭᠡᠵᠦ᠂ ᠰᠤᠮᠤ ᠪᠠᠯᠭᠠᠰᠤ ᠶᠢᠨ ᠬᠤᠭ ᠨᠣᠪᠰᠢ ᠪᠤᠵᠠᠷ ᠤᠰᠤ ᠶᠢ ᠵᠠᠰᠠᠵᠤ ᠬᠠᠮᠢᠶᠠᠷᠤᠨ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ 6 ᠰᠤᠮᠤ ᠪᠠᠯᠭᠠᠰᠤ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠳᠤ ᠰᠣᠩᠭᠤᠨ ᠤᠷᠤᠭᠤᠯᠪᠠ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠲᠦᠷᠭᠡᠳᠴᠦ᠂ ᠬᠤᠲᠠ ᠬᠥᠳᠡᠭᠡ ᠶᠢᠨ ᠨᠢᠭᠡ ᠴᠤᠭᠴᠠᠵᠢᠨ ᠬᠠᠮᠵᠢᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃      — — ᠲᠦᠷᠪᠡᠨ ᠵᠢᠯ ᠤᠨ ᠯᠠᠪᠳᠠᠭᠤᠨ ᠪᠠᠳᠤᠳᠠᠢ ᠭᠡᠷᠡᠭᠵᠢᠬᠦᠯᠦᠯᠳᠡ ᠳᠤᠮᠳᠠ᠂ ᠪᠢᠳᠡ ᠠᠷᠠᠳ ᠲᠦᠮᠡᠨ ᠢ ᠳᠡᠭᠡᠳᠦᠯᠡᠬᠦ᠂ ᠲᠦᠭᠡᠮᠡᠯ ᠬᠠᠷᠠᠭᠠᠯᠵᠠᠵᠦ ᠬᠠᠮᠲᠤᠪᠠᠷ ᠡᠳ᠋ᠯᠡᠬᠦ ᠶᠢ ᠪᠠᠷᠢᠮᠳᠠᠯᠠᠨ᠂ ᠠᠷᠠᠳ ᠤᠨ ᠠᠮᠢᠳᠤᠷᠠᠯ ᠤᠨ ᠪᠤᠶᠠᠨ ᠭᠡᠰᠢᠭ ᠤᠨ ᠰᠢᠨ᠎ᠡ ᠳᠡᠭᠡᠭᠰᠢᠯᠡᠯᠳᠡ ᠶᠢ ᠪᠡᠶᠡᠯᠡᠬᠦᠯᠪᠡ      ᠴᠢᠨᠠᠷ ᠰᠠᠶᠢᠲᠠᠢ ᠬᠥᠭᠵᠢᠯᠲᠡ ᠶᠢ ᠢᠮᠠᠭᠲᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠣᠶᠠᠯᠳᠤᠭᠤᠯᠤᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠨᠡᠶᠢᠳᠡ 38.9 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 70%  ᠶᠢ ᠡᠵᠡᠯᠡᠪᠡ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠴᠠᠭᠠᠨ ᠢᠳᠡᠭᠡ ᠡᠳ᠋ᠰᠢᠭᠦᠯᠬᠦ᠂ ᠴᠠᠬᠢᠯᠭᠠᠨ ᠢᠶᠠᠷ ᠭᠠᠩᠨᠠᠬᠤ᠂ ᠠᠷᠠᠰᠤᠨ ᠰᠡᠶᠢᠯᠦᠮᠡᠯ ᠰᠡᠶᠢᠯᠬᠦ ᠵᠡᠷᠭᠡ ᠠᠵᠢᠯ ᠮᠡᠷᠭᠡᠵᠢᠯ ᠤᠨ ᠪᠣᠯᠪᠠᠰᠤᠷᠠᠯ  ᠢ 112 ᠤᠳᠠᠭ᠎ᠠ ᠡᠷᠬᠢᠯᠡᠨ᠂ ᠬᠤᠲᠠ ᠪᠠᠯᠭᠠᠰᠤ ᠶᠢᠨ ᠠᠵᠢᠯ ᠠᠯᠳᠠᠭᠰᠠᠨ ᠨᠤᠷᠮ᠎ᠠ ᠶᠢ 4% ᠠᠴᠠ ᠲᠤᠷᠤᠭᠰᠢ ᠪᠠᠶᠢᠯᠭᠠᠬᠤ ᠶᠢ ᠦᠷᠭᠦᠯᠵᠢᠯᠡᠨ ᠪᠠᠳᠤᠯᠠᠵᠦ᠂ ᠨᠠᠰᠤᠵᠢᠯ ᠤᠨ ᠳᠠᠭᠠᠳᠬᠠᠯ᠂  ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠤᠷᠮ᠎ᠠ ᠶᠡᠭᠡ ᠬᠡᠮᠵᠢᠶ᠎ᠡ ᠪᠠᠷ ᠨᠡᠮᠡᠭᠳᠡᠨ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠤᠲᠠ ᠪᠠᠯᠭᠠᠰᠤ᠂ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠲᠤᠰ ᠲᠤᠰ 33%᠂ 54% ᠪᠠᠷ ᠳᠡᠭᠡᠭᠰᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ︽ᠠᠷᠠᠳ ᠤᠨ ᠲᠥᠯᠥᠭᠡᠯᠡᠭᠴᠢᠳ ᠪᠢᠯᠧᠲ ᠦᠭᠴᠦ ᠲᠣᠭᠲᠠᠭᠠᠬᠤ ᠳᠦᠷᠢᠮ︾᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ 12 ᠭᠡᠷᠡᠭᠵᠢᠬᠦᠯᠵᠦ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠠᠷᠠᠳ ᠤᠨ ᠠᠮᠢᠳᠤᠷᠠᠯ ᠳᠤ ᠦᠨᠡᠨ ᠬᠦ ᠬᠦᠴᠦ ᠰᠡᠳᠬᠢᠯ ᠳᠠᠯᠪᠢᠵᠦ ᠪᠠᠲᠤᠯᠠᠨ ᠰᠠᠶᠢᠵᠢᠷᠠᠭᠤᠯᠪᠠ᠃ ᠨᠡᠶᠢᠭᠡᠮ ᠤᠨ ᠦᠢᠯᠡᠰ ᠲᠠᠰᠤᠷᠠᠯᠲᠠ ᠦᠭᠡᠶ ᠳᠡᠪᠰᠢᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠲᠦᠯᠬᠢᠨ ᠠᠬᠢᠭᠤᠯᠵᠤ᠂ ᠬᠦᠯ ᠪᠥᠮᠪᠦᠭᠡ᠂ ᠵᠢᠦᠳᠣᠣ᠂ ᠮᠥᠰᠥᠨ ᠪᠥᠮᠪᠦᠭᠡ ᠵᠡᠷᠭᠡ ᠤᠨᠴᠠᠯᠢᠭᠳᠤ ᠰᠤᠷᠭᠠᠭᠤᠯᠢ ᠦᠷᠨᠢᠬᠦᠨ ᠬᠥᠭᠵᠢᠵᠦ᠂ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠵᠦ᠂ ᠰᠤᠷᠭᠠᠨ ᠬᠦᠮᠦᠵᠢᠯ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ᠃ ᠦᠨᠳᠦᠰᠦᠨ ᠱᠠᠲᠤᠨ ᠤ ᠰᠣᠶᠣᠯ ᠤᠨ ᠦᠢᠯᠡᠴᠢᠯᠡᠭᠡᠨ ᠤ ᠲᠥᠪ ᠤᠨ ᠪᠦᠷᠬᠦᠴᠡ ᠶᠢ ᠪᠡᠶᠡᠯᠡᠭᠦᠯᠵᠦ᠂ ᠰᠡᠭᠡᠭᠡᠳᠡᠨ᠂ ᠪᠠᠷᠭᠤ ᠮᠦᠽᠧᠶ ᠶᠢ ᠲᠠᠰ ᠳᠡᠪᠰᠢᠭᠦᠯᠦᠨ ᠵᠠᠰᠠᠨ ᠰᠢᠨᠡᠳᠭᠡᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠢ 25 ᠵᠦᠢᠯ ᠭᠤᠶᠤᠴᠢᠯᠠᠵᠤ᠂ ᠤᠯᠠᠭᠠᠨᠮᠥ᠋ᠴᠢᠷ ᠤᠨ ︽ᠬᠤᠪᠢᠰᠬᠠᠯᠲᠤ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠤᠯᠠᠨ ᠵᠦᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠬᠦᠯᠵᠢᠯ ᠤᠨ ᠭᠠᠵᠠᠷ᠂ PCR ᠲᠤᠷᠰᠢᠯᠲᠠ ᠶᠢᠨ ᠲᠠᠰᠤᠭ ᠠᠰᠢᠭᠯᠠᠯᠲᠠ ᠳᠤ ᠣᠷᠣᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠨ᠂ ᠬᠥᠮᠦᠨ ᠳᠤᠮᠳᠠᠴᠢ ᠶᠢᠨ ᠬᠦᠰᠡᠵᠦ ᠪᠠᠶᠢᠭ᠎ᠠ ᠨᠠᠰᠤᠨ ᠬᠤᠲᠤᠭ 78.6 ᠨᠠᠰᠦᠨ ᠳᠤ ᠬᠦᠷᠴᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃      — — ᠳᠥᠷᠪᠡᠨ ᠵᠢᠯ ᠤᠨ ᠪᠣᠯᠭᠤᠮᠵᠢᠲᠠᠶ ᠠᠵᠢᠯᠯᠠᠬᠤ ᠳᠤᠮᠳᠠ᠂ ᠪᠢᠳᠡ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠶᠢ ᠪᠠᠷᠢᠮᠳᠠᠯᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠥᠬᠦ ᠲᠠᠯ᠎ᠠ ᠪᠠᠷ ᠴᠢᠩᠭᠠᠷᠠᠪᠠ      ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠬᠦ ᠶᠢ ᠢᠮᠠᠭᠲᠠ ᠲᠡᠷᠢᠭᠦᠨ ᠪᠠᠶᠢᠷᠢᠨ ᠳᠤ ᠳᠠᠯᠪᠢᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ ᠪᠠ ᠬᠡᠷᠡᠭᠵᠢᠭᠦᠯᠬᠦ ᠴᠢᠳᠠᠪᠦᠷᠢ ᠲᠠᠰᠤᠷᠠᠯᠲᠠ ᠦᠭᠡᠢ ᠳᠡᠭᠡᠭᠰᠢᠯᠡᠪᠡ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠰᠢᠪᠲᠤᠯᠤᠯᠲᠠ ᠲᠠᠢ ᠪᠤᠯᠪᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠬᠤᠷᠳᠤᠴᠠ ᠶᠢ ᠲᠦᠷᠭᠡᠳᠬᠡᠬᠦ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠥᠭᠡᠷᠡᠴᠢᠯᠡᠯᠲᠡ ᠶᠢ ᠪᠥᠬᠦ ᠬᠤᠲᠠ ᠳᠤ ᠲᠡᠷᠢᠬᠦᠯᠡᠨ ᠪᠡᠶᠡᠯᠡᠬᠦᠯᠵᠦ᠂᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ᠂ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠥᠬᠦ ᠲᠠᠯ᠎ᠠ ᠪᠠᠷ ᠰᠢᠯᠢᠳᠡᠭᠵᠢᠵᠦ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ᠂ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠬᠠᠰᠤᠵᠦ ᠬᠡᠯᠳᠦᠷᠢᠬᠦᠯᠦᠭᠰᠡᠨ ᠵᠤᠭᠤᠰ ᠰᠢᠨ᠎ᠡ ᠪᠠᠷ 2.28 ᠳ᠋ᠦᠩᠰᠢᠭᠤᠷ ᠲᠥᠭᠦᠷᠢᠭ ᠨᠡᠮᠡᠭᠳᠡᠨ᠂ ᠳ᠋ᠦᠩ ᠹᠠᠩ ᠯᠦᠩ ᠬᠤᠳᠠᠯᠳᠤᠭᠠᠨ ᠤ ᠶᠠᠪᠤᠳᠠᠯ ᠤᠨ ᠪᠦᠯᠦᠭᠯᠡᠯ᠂ ᠢ ᠦ᠋ ᠬᠤᠲᠠ ᠶᠢᠨ ᠪᠦᠯᠦᠭᠯᠡᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠵᠧᠵᠢᠶᠠᠩ ᠶᠡᠭᠡ ᠰᠤᠷᠭᠠᠭᠤᠯᠢ ᠯᠤᠭ᠎ᠠ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ 10.1 ᠳ᠋ᠦᠩᠰᠢᠭᠤᠷ ᠲᠥᠭᠦᠷᠢᠭ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠤᠨ᠂ 278 ᠴᠢᠳᠠᠪᠤᠷᠢᠲᠠᠨ ᠪᠠ ᠣᠶᠤᠨ ᠤ ᠬᠦᠴᠦᠨ ᠢ ᠡᠯᠰᠡᠵᠦ᠂ ᠭᠠᠵᠠᠷ ᠣᠷᠣᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠯᠢᠶᠡᠰᠦᠯᠡᠯ ᠢ ᠪᠦᠲᠦᠮᠵᠢᠲᠡᠶ ᠰᠢᠢᠳᠪᠦᠷᠢᠯᠡᠪᠡ᠃ ᠤᠯᠤᠰ ᠲᠦᠷᠦ ᠶᠢᠨ ᠠᠮᠢ ᠠᠬᠤᠢ ᠦᠷᠭᠦᠯᠵᠢᠯᠡᠨ ᠰᠠᠶᠢᠵᠢᠷᠠᠪᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ ᠪᠠ ︽ᠭᠤᠷᠪᠠᠨ ᠭᠤᠤᠯᠳᠠᠯᠭ᠎ᠠ ᠨᠢᠭᠡ ᠳᠤᠮᠤ ᠪᠡᠯᠡ ᠮᠦᠩᠬᠦᠨ ᠤ ᠭᠡᠷᠡᠭᠯᠡᠯᠳᠡ︾ ᠶᠢᠨ ᠨᠡᠶᠢᠳᠡ ᠪᠠᠷ ᠭᠡᠷᠡᠭ ᠵᠦᠪᠯᠡᠵᠦ ᠰᠢᠢᠳᠪᠦᠷᠢ ᠭᠠᠷᠭᠠᠬᠤ ᠲᠣᠭᠲᠠᠴᠠ ᠶᠢ ᠴᠢᠩᠭ᠎ᠠ ᠬᠡᠷᠡᠭᠵᠢᠭᠦᠯᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠳᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠰᠠᠨᠠᠯ ᠵᠦᠪᠯᠡᠯᠭᠡ ᠶᠢ 274 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 253 ᠬᠤᠪᠢ ᠡᠷᠬᠢᠯᠡᠨ ᠬᠦᠢᠴᠡᠳᠭᠡᠵᠦ᠂ ᠬᠦᠢᠴᠡᠳᠭᠡᠵᠦ ᠬᠠᠷᠢᠭᠤᠯᠳᠠ ᠦᠭᠬᠦᠭᠰᠡᠨ ᠨᠣᠷᠮ᠎ᠠ 100% ᠳᠤ ᠬᠥᠷᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠤᠶᠢᠪᠢᠰᠢ ᠦᠭᠡᠶ ᠠᠬᠢᠭᠤᠯᠤᠨ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ︽ᠤᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠡᠭᠦᠷᠡᠰᠦᠨ ᠤ ᠬᠦᠷᠢᠶ᠎ᠡ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯ ᠪᠣᠳᠠᠲᠤ ᠦᠷ᠎ᠡ ᠪᠦᠲᠦᠮᠵᠢ ᠤᠯᠪᠠ᠃ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠦᠷᠭᠡᠳᠭᠡᠨ᠂ ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠᠨ ᠨᠤᠷᠮ᠎ᠠ︾ ᠳᠡᠭᠡᠭᠰᠢᠯᠡᠵᠦ᠂ ᠨᠢᠭᠡ ᠪᠦᠯᠦᠭ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠪᠤᠯᠤᠨ ᠨᠡᠶᠢᠬᠡᠮ ᠤᠨ ᠵᠦᠷᠢᠴᠡᠯ ᠵᠢᠭᠤᠷᠠᠯᠳᠤᠭᠠᠨ ᠢ ᠪᠦᠳᠦᠮᠵᠢᠳᠡᠢ ᠰᠢᠢᠳᠪᠦᠷᠢᠯᠡᠨ ᠨᠠᠮᠳᠠᠭᠤᠯᠪᠠ᠃ ︽ᠥᠴᠦᠬᠡᠨ ᠴᠦ ᠢᠯᠳᠠᠷ ᠬᠠᠶᠠᠬᠤ ᠦᠭᠡᠢ︾ ᠣᠪᠣᠷ ᠢᠶᠠᠷ ᠢᠯᠵᠠᠷᠠᠯ ᠢ ᠵᠠᠯᠬᠠᠭᠠᠨ ᠰᠢᠢᠳᠭᠡᠵᠦ᠂ ᠵᠠᠰᠠᠭ ᠤᠨ ᠣᠷᠳᠣᠨ ᠳᠠᠬᠢ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠲᠠᠰᠤᠷᠠᠯᠳᠠ ᠦᠭᠡᠢ ᠳᠡᠭᠡᠭᠰᠢᠯᠡᠪᠡ᠃ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠤᠭᠴᠠᠯᠠᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠨ᠂ ︽ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢᠨ ᠴᠣᠯᠠ ᠶᠢ ᠬᠦᠷᠳᠡᠵᠤ᠂ ᠦᠨᠳᠦᠰᠦᠲᠡᠨ ᠨᠦᠭᠦᠳ ᠤᠨ ᠠᠨᠠᠷ ᠤᠨ ᠦᠷ᠎ᠡ ᠮᠡᠳᠦ ᠨᠢᠭᠲᠠᠷᠠᠨ ᠪᠦᠯᠬᠦᠮᠳᠡᠬᠦ ᠶᠢ ᠠᠬᠢᠭᠤᠯᠪᠠ᠃ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ︾ ᠶᠢᠨ ᠪᠠᠶᠢᠭᠤᠯᠤᠯᠲᠠ ᠶᠢᠨ ᠰᠠᠶᠢᠨ ᠪᠠᠶᠢᠳᠠᠯ ᠢ ᠪᠠᠲᠤᠯᠠᠵᠤ᠂ ᠪᠥᠬᠦ ᠣᠷᠣᠨ ᠳᠤ ︽ᠵᠠᠯᠭᠠᠭ᠎ᠠ ᠪᠠᠷ ᠳᠥᠷᠪᠡ ᠤᠳᠠᠭ᠎ᠠ ᠮᠠᠩᠯᠠᠶᠢᠯᠠᠪᠠ︾᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ︽ᠪᠥᠬᠦ ᠤᠯᠤᠰ ᠤᠨ ᠭᠠᠵᠢᠭᠤ ᠨᠣᠮᠯᠠᠯ ᠥᠬᠡᠶ ᠵᠢᠱᠢᠶ᠎ᠡ ᠦᠵᠡᠭᠦᠯᠬᠦ ᠬᠤᠰᠢᠭᠤ︾ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠵᠢᠱᠢᠶ᠎ᠡ ᠦᠵᠡᠭᠦᠯᠬᠦ ᠨᠢᠭᠡᠴᠡ︾ ᠶᠢᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠵᠦ᠂ ︽ᠳᠤᠯᠤᠳᠤᠭᠠᠷ ᠳᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠶᠢ ᠤᠷᠤᠭᠰᠢᠳᠠᠢ ᠪᠡᠶᠡᠯᠡᠬᠦᠯᠵᠦ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠳᠠᠰᠤᠷᠠᠯᠳᠠ ᠦᠬᠡᠢ ᠳᠡᠭᠡᠭᠰᠢᠯᠡᠪᠡ᠃ ᠡᠭᠦᠨ ᠤ ᠬᠠᠮᠲᠤ᠂ ᠳᠥᠷᠪᠡᠨ ᠵᠢᠯ ᠤᠨ ᠳᠣᠲᠣᠷ᠎ᠠ ᠮᠢᠵᠢᠳᠳᠤᠷᠵᠢ᠂ ᠮᠢᠳᠡᠭᠮ᠎ᠠ᠂ ᠴᠢᠶᠣᠤ ᠶᠦᠨ᠂ ᠲᠦᠮᠡᠨ ᠵᠡᠷᠭᠡ ᠪᠥᠬᠦ ᠤᠯᠤᠰ᠂ ᠪᠥᠬᠦ ᠣᠷᠣᠨ ᠤ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠴᠤ᠂ ᠰᠢᠨ᠎ᠡ ᠮᠠᠯᠵᠢᠬᠤ ᠣᠷᠣᠨ ᠤ ᠪᠥᠲᠥᠭᠡᠨ ᠪᠠᠶᠢᠭᠤᠯᠤᠯᠲᠠ ᠳᠤ ᠨᠠᠩ ᠭᠤᠶᠢᠳᠠ ᠰᠠᠶᠢᠬᠠᠨ ᠭᠡᠷᠡᠯ ᠬᠢᠯᠪᠠᠭ᠎ᠠ ᠶᠢ ᠨᠡᠮᠡᠷᠢᠯᠡᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ ᠪᠢᠳᠡ ᠣᠯᠠᠨ ᠲᠦᠮᠡᠨ ᠤ ᠴᠢᠨᠠᠷᠳᠠᠢ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠶ ᠳᠡᠮᠵᠢᠵᠦ᠂ ᠬᠢᠨᠠᠨ ᠪᠤᠳᠤᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠴᠠᠭ ᠠᠭᠤᠷ᠂ ᠨᠠᠰᠤᠵᠢᠯ ᠤᠨ ᠠᠰᠠᠷᠠᠮᠵᠢ᠂ ᠵᠡᠮᠳᠡᠭᠴᠦᠳ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠱᠠᠰᠢᠨ ᠰᠤᠷᠲᠠᠬᠤᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠰᠢᠭᠤᠨ ᠤ ᠳᠡᠤᠭᠡ ᠣᠶᠢᠯᠠᠯᠭ᠎ᠠ᠂ ᠬᠠᠩᠭᠠᠨ ᠪᠣᠷᠣᠯᠠᠭᠤᠯᠬᠤ ᠵᠡᠷᠭᠡ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠪᠠ᠃      ᠲᠥᠯᠥᠭᠡᠯᠡᠭᠴᠢᠳ ᠡ︕ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ᠂ ᠮᠥᠨ ᠴᠦ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠪᠤᠴᠠ ᠳᠠᠬᠢ ᠳᠤᠶᠢᠯ ᠤᠨ ᠴᠢᠬᠤᠯᠠ ᠨᠢᠭᠡ ᠵᠢᠯ ᠪᠣᠯᠤᠨ᠎ᠠ᠃ ᠬᠡᠳᠦ᠋ᠢᠪᠡᠷ ᠬᠦᠨᠳᠦ ᠨᠣᠴᠢᠲᠠᠶ ᠬᠢᠵᠢᠭ ᠤᠨ ᠲᠠᠭᠠᠷᠢᠯᠲᠠ ᠳᠤ ᠤᠴᠠᠷᠠᠭᠰᠠᠨ ᠪᠣᠯᠪᠠᠴᠤ ᠪᠦᠭᠦ ᠬᠤᠰᠢᠭᠤᠨ ᠤ ᠠᠵᠤ ᠠᠬᠤᠶ ᠳᠤ ᠮᠦᠨ ᠲᠣᠭᠲᠠᠭᠤᠨ ᠤ ᠳᠤᠮᠳᠠ ᠤᠷᠤᠭᠰᠢᠯᠠᠬᠤ ᠪᠠᠶᠢᠳᠠᠯ ᠢᠯᠡᠷᠡᠵᠦ᠂ ᠵᠢᠱᠢᠯᠳᠠ ᠪᠠᠷ᠂ ᠪᠦᠭᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠲᠡᠭ 4% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 37.9% ᠪᠠᠷ ᠨᠡᠮᠡᠭᠳᠡᠵᠦ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 8.5% ᠪᠠᠷ ᠨᠡᠮᠡᠭᠳᠡᠨ ᠂ ᠨᠡᠶᠢᠬᠡᠮ ᠤᠨ ᠭᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠭᠰᠠᠨ ᠳᠤᠭ᠎ᠠ 6.8 ᠳ᠋ᠦᠩᠰᠢᠭᠤᠷ ᠲᠦᠬᠦᠷᠢᠭ ᠲᠤ ᠬᠦᠷᠴᠦ᠂ ᠬᠤᠳᠠ ᠪᠠᠯᠭᠠᠰᠦ᠂ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠡᠵᠡᠮᠳᠡᠵᠦ ᠪᠤᠯᠬᠤ ᠤᠷᠤᠯᠭ᠎ᠠ ᠳᠤᠰ ᠳᠤᠰ 6.5%᠂ 8% ᠪᠠᠷ ᠨᠡᠮᠡᠭᠳᠡᠨ᠂ ᠪᠣᠬᠢᠷᠲᠤᠯ ᠦᠭᠡᠢ ᠭᠦᠢᠴᠡᠳᠬᠡᠬᠦ ᠲᠤᠭ᠎ᠠ ᠪᠠ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄      ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠤᠯᠪᠠ᠃ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ ᠂ ᠲᠦᠢᠯ ᠤᠨ ᠬᠦᠨᠳᠦ ᠰᠦᠷᠡᠬᠡᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠪᠢᠳᠡ ᠵᠠᠷᠯᠢᠭ ᠶᠤᠰᠤᠭᠠᠷ ᠬᠦᠳᠡᠯᠦᠯᠴᠡᠨ ᠢᠳᠡᠪᠬᠢᠲᠡᠶ ᠠᠷᠭᠠᠴᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ︽ᠴᠠᠭ ᠲᠤᠬᠠᠶ ᠳᠤᠨᠢ ᠢᠯᠡᠷᠡᠭᠦᠯᠬᠦ᠂ ᠳᠠᠷᠤᠢ ᠲᠦᠷᠭᠡᠨ ᠰᠢᠢᠳᠪᠦᠷᠢᠯᠡᠬᠦ᠂ ᠨᠠᠷᠢᠯᠢᠭ ᠤᠨᠤᠪᠴᠢᠳᠠᠢ ᠬᠠᠮᠢᠶᠠᠷᠤᠨ ᠡᠵᠡᠮᠳᠡᠬᠦ᠂ ᠪᠦᠲᠦᠮᠵᠢᠲᠡᠶ ᠡᠮᠨᠡᠨ ᠵᠠᠰᠠᠬᠤ︾ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ᠂ ︽ᠲᠦᠷᠪᠡᠨ ᠡᠷᠳᠡᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠦᠷ ᠲᠦᠪᠰᠢᠨ ᠤ ᠬᠠᠯᠬᠠᠪᠴᠢ ᠶᠢ ᠪᠠᠬᠢᠵᠢᠬᠦᠯᠦᠨ᠂ ᠬᠢᠵᠢᠭ ᠳᠠᠷᠬᠠᠨ ᠳᠡᠯᠭᠡᠷᠡᠬᠦ ᠶᠢ ᠲᠦᠷᠭᠡᠨ ᠬᠤᠷᠢᠭᠯᠠᠪᠡ᠃ ︽ᠲᠡᠭ ᠪᠣᠯᠭᠠᠬᠤ ᠠᠵᠢᠯᠯᠠᠭ᠎ᠠ︾ ᠪᠠ ︽ᠡᠭᠦᠳᠡ ᠲᠣᠭᠰᠢᠬᠤ ᠠᠵᠢᠯᠯᠠᠭ᠎ᠠ︾ ᠶᠢ ᠪᠥᠬᠦ ᠲᠠᠯ᠎ᠠ ᠪᠠᠷ ᠦᠷᠨᠢᠬᠦᠯᠦᠨ᠂ 2 ᠡᠳᠦᠷ ᠤᠨ ᠳᠣᠲᠣᠷ᠎ᠠ ᠬᠤᠰᠢᠭᠤᠨ ᠤ ᠬᠡᠪᠴᠢᠶᠡᠨ ᠳᠠᠬᠢ ᠪᠣᠶ ᠪᠥᠬᠦᠶ ᠬᠥᠮᠦᠰ ᠤᠨ ᠶᠡᠭᠡ ᠪᠠᠶᠢᠴᠠᠭᠠᠯᠲᠠ ᠶᠢ ᠪᠡᠶᠡᠯᠡᠭᠦᠯᠵᠦ᠂ ᠪᠦᠬᠦᠢ ᠬᠦᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ 6 ᠤᠳᠠᠭ᠎ᠠ ᠲᠥᠪᠯᠡᠷᠡᠭᠦᠯᠦᠨ ᠥᠷᠨᠢᠭᠦᠯᠵᠦ᠂ ᠨᠡᠶᠢᠲᠡ 21.6 ᠲᠦᠮᠡᠨ ᠬᠥᠮᠦᠨ ᠤᠳᠠᠭ᠎ᠠ ᠶᠢᠨ ᠥᠯᠢᠭᠡᠷ ᠡᠳ᠋ ᠠᠪᠴᠤ᠂ ᠬᠠᠮᠤᠭ ᠤᠨ ᠤᠬᠤᠷᠬᠠᠨ ᠬᠤᠭᠤᠴᠠᠭᠠᠨ ᠳᠤ 11 ᠲᠤᠰᠠᠭᠠᠷᠯᠠᠬᠤ ᠴᠡᠭ᠂ 241 ᠲᠤᠰᠠᠭᠠᠷᠯᠠᠬᠤ ᠬᠡᠷ ᠢ ᠵᠠᠰᠠᠨ ᠦᠭᠡᠷᠡᠴᠢᠯᠡᠵᠦ᠂ 87 ᠵᠢᠵᠢᠭ ᠰᠠᠭᠤᠭᠠᠯᠢ ᠲᠣᠭᠤᠷᠢᠭ ᠪᠤᠯᠤᠨ 23 ᠪᠠᠶᠢᠰᠢᠩ ᠭᠡᠷ ᠤᠨ ᠣᠷᠣᠨ ᠰᠠᠭᠤᠴᠠ ᠶᠢᠨ ᠲᠣᠭᠤᠷᠢᠭ ᠢ ᠰᠢᠨᠵᠢᠯᠡᠬᠦ ᠤᠬᠠᠭᠠᠨᠴᠢ ᠨᠠᠷᠢᠯᠢᠭ ᠤᠨᠤᠪᠴᠢᠳᠠᠢ ᠬᠠᠮᠢᠶᠠᠷᠤᠨ ᠡᠵᠡᠮᠳᠡᠬᠦ ᠶᠢ ᠪᠦᠬᠦ ᠳᠠᠯ᠎ᠠ ᠪᠠᠷ ᠭᠡᠷᠡᠭᠵᠢᠬᠦᠯᠪᠡ᠃ ᠨᠢᠳᠦᠨ ᠡᠮᠦᠨᠡᠬᠢ ᠬᠦᠴᠢᠷ ᠪᠡᠷᠬᠡ ᠶᠢ ᠬᠠᠮᠲᠤ ᠪᠠᠷ ᠲᠤᠭᠤᠯᠤᠭᠰᠠᠨ ᠡᠳᠦᠷ ᠤᠳ ᠲᠤ᠂ ᠥᠷᠭᠡᠨ ᠤᠯᠠᠨ ᠡᠮᠴᠢᠯᠡᠭᠡᠨ ᠤ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠳᠠᠨ᠂ ᠨᠠᠮ ᠤᠨ ᠭᠡᠰᠢᠭᠦᠨ ᠭᠠᠪᠰᠢᠭᠠᠶᠢᠯᠠᠭᠴᠢ᠂ ᠦᠨᠳᠦᠰᠦᠨ ᠱᠠᠲᠤᠨ ᠤ ᠺᠠᠳ᠋ᠷ᠂ ᠰᠠᠶᠢᠨ ᠳᠤᠷᠠᠴᠤᠳ ᠵᠤᠷᠢᠭᠳᠠᠢ ᠪᠠᠷ ᠡᠭᠦᠷᠭᠡᠯᠡᠨ ᠠᠵᠢᠯᠯᠠᠵᠤ᠂ ᠬᠠᠬᠢᠷ ᠡᠪᠦᠯ ᠤᠨ ᠬᠦᠢᠳᠡᠨ ᠠᠴᠠ ᠰᠦᠷᠳᠡᠬᠦ ᠦᠭᠡᠢ ᠪᠠᠷ ᠡᠮᠦᠨ᠎ᠡ ᠹᠷᠣᠨᠲ ᠢ ᠪᠠᠲᠤ ᠰᠠᠬᠢᠵᠤ᠂ ᠬᠦᠮᠦᠨ ᠠᠷᠠᠳ ᠢ ᠰᠡᠷᠭᠡᠶᠢᠯᠡᠨ ᠡᠵᠡᠮᠳᠡᠬᠦ ᠪᠠ ᠡᠳ᠋ ᠪᠣᠳᠠᠰ ᠢ ᠪᠠᠲᠤᠯᠠᠬᠤ ᠵᠡᠷᠭᠡ ᠠᠵᠢᠯ ᠢ ᠨᠠᠷᠢᠨ ᠨᠢᠮᠪᠠᠶ ᠦᠷᠨᠢᠬᠦᠯᠦᠨ᠂ ᠥᠷᠭᠡᠨ ᠣᠯᠠᠨ ᠬᠠᠶᠢᠷ᠎ᠠ ᠬᠠᠯᠠᠮᠵᠢᠳᠦ ᠠᠵᠤ ᠠᠬᠤᠶᠢᠯᠠᠯ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠦ ᠰᠡᠳᠬᠢᠯ ᠨᠢᠭᠡᠳᠦᠨ᠂ ᠰᠠᠨᠠᠭᠠᠴᠢᠯᠠᠭ᠎ᠠ ᠠᠴᠠ ᠪᠠᠨ ᠵᠣᠭᠤᠰ ᠮᠦᠩᠬᠦ ᠡᠳ᠋ ᠪᠤᠳᠠᠰ ᠬᠠᠨᠳᠢᠪᠯᠠᠵᠤ᠂ ᠬᠢᠵᠢᠭ ᠢ ᠡᠰᠡᠷᠭᠦᠴᠡᠬᠦ ᠠᠵᠢᠯ ᠳᠤ ᠢᠳᠡᠪᠬᠢᠲᠡᠶ ᠤᠷᠤᠯᠴᠠᠭᠰᠠᠨ ᠶᠤᠮ᠃ ᠡᠲᠡᠭᠡᠷ ᠨᠢ ᠴᠥᠮ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠴᠦᠨ ᠢ ᠬᠠᠷᠠᠭᠤᠯᠵᠤ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠯᠤᠰ ᠬᠡᠷ ᠤᠨ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠶᠤᠮ᠃ ᠬᠤᠰᠢᠭᠤ ᠳᠠᠶᠠᠭᠠᠷ ᠤᠨ ᠰᠢᠷᠭᠠᠭᠤ ᠴᠢᠷᠮᠠᠶᠢᠯᠭ᠎ᠠ ᠪᠠ ᠬᠠᠮᠳᠤᠷᠠᠨ ᠪᠠᠶᠢᠯᠳᠤᠬᠤ ᠪᠠᠷ ᠲᠠᠮᠵᠢᠵᠤ᠂ ᠪᠢᠲᠠ ᠴᠠᠭ ᠢ ᠠᠮᠵᠢᠨ᠂ ᠸᠢᠷᠦ᠋ᠰ ᠲᠠᠢ ᠳᠡᠮᠡᠴᠡᠵᠦ᠂ ᠬᠢᠵᠢᠭ ᠢ ᠡᠰᠡᠷᠭᠦᠴᠡᠬᠦ ᠠᠵᠢᠯ ᠤᠨ ᠱᠠᠲᠤᠴᠢ ᠴᠢᠨᠠᠷᠲᠠᠶ ᠢᠯᠠᠯᠲᠠ ᠶᠢ ᠣᠯᠵᠤ᠂ ᠡᠨᠡ ᠤᠳᠠᠭᠠᠨ ᠤ ᠬᠢᠵᠢᠭ ᠢ ᠡᠰᠡᠷᠬᠦᠴᠡᠬᠦ ᠶᠡᠭᠡ ᠰᠢᠯᠭᠠᠯᠲᠠ ᠳᠤ ᠬᠢᠷᠢ ᠲᠡᠩᠴᠡᠭᠰᠡᠨ ᠬᠠᠭᠤᠳᠠᠰᠤ ᠲᠤᠰᠢᠶᠠᠵᠤ᠂ ᠪᠦᠭᠦ ᠵᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠦᠲᠦᠮᠵᠢᠲᠡᠶ ᠪᠠᠲᠤᠯᠠᠭ᠎ᠠ ᠬᠠᠩᠭᠠᠪᠠ᠃     ︵ᠬᠤᠶᠠᠷ︶ ᠠᠵᠤ ᠠᠬᠤᠶ ᠶᠢᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠰᠢᠭ ᠳᠤᠰᠠ ᠶᠢ ᠦᠷᠭᠦᠯᠵᠢᠯᠡᠨ ᠪᠠᠳᠠᠷᠠᠭᠤᠯᠦᠨ᠂ ᠠᠳᠤᠭᠤᠨ ᠤ ᠠᠵᠤ  ᠦᠢᠯᠡᠰ ᠤᠨ ᠰᠣᠶᠣᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠡᠬᠢᠯᠡᠬᠦᠯᠵᠦ᠂ ᠮᠠᠯ ᠠᠵᠤ ᠠᠬᠤᠶ ᠶᠢᠨ ᠰᠢᠨ᠎ᠡ ᠬᠡᠯᠪᠡᠷᠢ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ 50 ᠪᠤᠶᠢᠵᠢᠭᠤᠯᠦᠨ᠂ ᠮᠢᠬᠠᠨ ᠤ ᠬᠤᠨᠢᠨ ᠤ ᠠᠵᠤ ᠦᠢᠯᠡᠰ ᠤᠨ ᠰᠦᠷᠦᠭᠵᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯ ᠤᠨᠤᠭ᠎ᠠ ᠶᠢᠨ ᠤᠳᠤ ᠶᠢᠨ ᠪᠠᠶᠢᠭ᠎ᠠ ᠳᠤᠭ᠎ᠠ 110 ᠲᠦᠮᠡᠨ ᠳᠤᠯᠤᠭᠠᠢ ᠳᠤ ᠬᠦᠷᠴᠦ᠂ ᠮᠠᠯ ᠠᠵᠤ ᠠᠬᠤᠶ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃ ᠠᠵᠤ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠳᠠ ᠶᠢᠨ ᠲᠡᠰ ᠤᠨ ᠭᠤᠣᠯᠳᠠᠯᠭ᠎ᠠ ᠲᠠᠢ ᠲᠦᠷᠦᠯ ᠵᠦᠢᠯ ᠢ 6 ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ 32% ᠢᠶᠠᠷ ᠨᠡᠮᠡᠭᠳᠡᠪᠡ᠃ ᠵᠢᠭᠤᠯᠴᠢᠯᠠᠯ ᠤᠨ ᠠᠷᠠᠯᠵᠢᠶ᠎ᠠ ᠶᠢᠨ ᠠᠵᠤ ᠦᠢᠯᠡᠰ ᠳᠡᠰ ᠳᠡᠪᠰᠢᠵᠦ᠂ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠲᠠᠰ ᠤᠨ ᠵᠢᠭᠤᠯᠴᠢᠯᠠᠯ ᠤᠨ ᠭᠥᠯᠢᠶᠡᠨ ᠵᠤᠴᠢᠯᠠᠬᠤ ᠡᠷᠦᠬᠡ ᠶᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ︽ᠬᠡᠷᠦᠯᠦᠨ︾  ᠪᠠᠭᠤᠴᠠ ᠶᠢᠨ ᠵᠢᠭᠤᠯᠴᠢᠯᠠᠯ ᠤᠨ ᠲᠥᠷᠥᠯ ᠵᠦᠢᠯ ᠡᠵᠡᠩᠨᠡᠯᠲᠡ ᠳᠤ ᠣᠷᠣᠪᠠ᠃ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠳᠡᠰ ᠳᠡᠪᠰᠢᠭᠦᠯᠦᠨ ᠵᠠᠰᠠᠨ ᠰᠢᠨᠡᠳᠭᠡᠬᠦ ᠶᠢ ᠲᠦᠯᠬᠢᠨ ᠠᠬᠢᠭᠤᠯᠵᠤ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠰᠢᠶᠠᠨ ᠳᠤ ᠠᠮᠵᠢᠯᠲᠠ ᠲᠠᠢ ᠪᠠᠷ ᠵᠥᠪᠰᠢᠶᠡᠷᠡᠭᠳᠡᠪᠡ᠃      ︵ᠭᠤᠷᠪᠠ︶ ᠠᠮᠢ ᠠᠬᠤᠶ ᠤᠷᠴᠢᠨ ᠳᠤᠭᠤᠷᠢᠨ ᠦᠷᠭᠦᠯᠵᠢᠯᠡᠨ ᠰᠠᠶᠢᠵᠢᠷᠠᠪᠠ᠃ 2394 ᠲᠦᠮᠡᠨ ᠮᠥ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯᠵᠢᠬᠤ ᠶᠢ ᠵᠣᠭᠰᠣᠭᠠᠵᠤ ᠨᠤᠲᠤᠭ ᠰᠡᠯᠬᠦᠬᠦ᠂ ᠪᠠᠶᠢᠭᠠᠯᠢᠯᠢᠭ ᠨᠤᠲᠤᠭ ᠪᠡᠯᠴᠢᠭᠡᠷ ᠢ ᠬᠠᠮᠠᠭᠠᠯᠠᠬᠤ ᠶᠢ ᠬᠡᠷᠡᠭᠵᠢᠭᠦᠯᠵᠦ᠂ ᠪᠤᠶᠢᠷ ᠨᠠᠭᠤᠷ ᠵᠢᠴᠢ ᠣᠷᠱᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠂ ᠪᠠᠷᠭᠤ ᠵᠡᠭᠡᠷ᠎ᠡ ᠶᠢᠨ ᠬᠠᠮᠠᠭᠠᠯᠠᠯᠲᠠ ᠶᠢᠨ ᠣᠷᠣᠨ ᠤ ᠲᠥᠷᠥᠯ ᠵᠦᠢᠯ ᠤᠨ ᠪᠠᠶᠢᠭᠤᠯᠤᠯᠲᠠ ᠶᠢ ᠪᠡᠶᠡᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠭᠡᠷᠡᠭᠵᠢᠬᠦᠯᠦᠨ᠂ ᠬᠤᠰᠢᠭᠤ ᠳᠠᠶᠠᠭᠠᠷ ᠤᠨ ᠬᠦᠴᠦᠨ ᠢ ᠳᠠᠶᠢᠴᠢᠯᠠᠨ ᠨᠠᠮᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠬᠤᠯᠤᠭᠠᠨ᠎ᠠ ᠤᠰᠠᠳᠬᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠨᠢᠬᠦᠯᠪᠡ᠃ ᠬᠦᠯᠦᠨ ᠪᠤᠶᠢᠷ ᠬᠤᠳᠠ ᠶᠢᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠ ᠤᠯᠤᠰ ᠤᠨ ᠴᠡᠴᠡᠷᠯᠢᠭ ᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠶ ᠠᠭᠤᠰᠤᠯᠴᠠᠵᠤ᠂ ᠬᠤᠲᠠ ᠪᠠᠯᠭᠠᠰᠤ ᠶᠢᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠨ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠬᠠᠶᠠᠭᠳᠠᠮᠠᠯ ᠨᠦᠬᠡ ᠶᠢ 35.5 ᠾᠧᠺᠲ᠋ᠠᠷ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃      ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠥᠬᠦ ᠲᠠᠯ᠎ᠠ ᠪᠠᠷ ᠠᠬᠢᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠶᠢᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ᠠᠶᠢᠯ ᠲᠣᠰᠬᠤᠨ ᠤ ᠪᠠᠶᠢᠷᠢᠰᠢᠭᠤᠯᠤᠯᠲᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠪᠡᠶᠡᠯᠡᠭᠦᠯᠦᠨ᠂ 0.21 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠰᠢᠨ᠎ᠡ ᠬᠡᠯᠪᠡᠷᠢ ᠶᠢᠨ ᠮᠠᠯ ᠠᠵᠦ ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ  ᠶᠢ ᠳᠤᠰᠠᠯᠠᠨ ᠳᠡᠮᠵᠢᠬᠦ᠂ ᠨᠡᠶᠢᠳᠡ ᠶᠢᠨ ᠠᠰᠠᠷᠠᠮᠵᠢ ᠶᠢᠨ ᠲᠦᠷᠦᠯ ᠤᠨ ᠰᠠᠭᠤᠷᠢ ᠲᠦᠬᠦᠭᠡᠷᠦᠮᠵᠢ ᠶᠢ ᠪᠠᠶᠢᠭᠤᠯᠬᠤ ᠵᠡᠷᠭᠡ ᠲᠦᠷᠦᠯ ᠵᠦᠢᠯ ᠢ 28 ᠭᠡᠷᠡᠭᠵᠢᠬᠦᠯᠪᠡ᠃ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠶᠡᠬᠡᠪᠡᠷ ᠥᠷᠨᠢᠭᠦᠯᠵᠦ᠂ ᠰᠤᠮᠤ ᠪᠠᠯᠭᠠᠰᠦ ᠶᠢᠨ ᠬᠤᠭ ᠨᠣᠪᠰᠢ ᠪᠤᠯᠤᠨ ᠪᠤᠵᠠᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠥᠷᠲᠡᠭᠡ ᠶᠢ ᠰᠢᠨ᠎ᠡ ᠪᠠᠷ 4 ᠪᠠᠶᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠣᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠪᠡ᠃      ︵ᠲᠠᠪᠤ︶ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠳᠠᠰᠤᠷᠠᠯᠳᠠ ᠦᠬᠡᠢ ᠭᠦᠨᠵᠡᠭᠡᠶᠢᠷᠡᠪᠡ᠃ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠦᠷᠬᠦᠯᠵᠢᠯᠡᠨ ᠰᠢᠯᠢᠳᠡᠭᠵᠢᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠭᠦᠨᠵᠡᠭᠡᠶᠢᠷᠡᠵᠦ᠂ ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠡᠯᠴᠡᠭᠡ︾ ︽ᠮᠦᠩᠭᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠥᠷᠭᠡᠨ ᠢᠶᠠᠷ ᠬᠡᠷᠡᠭᠯᠡᠨ᠂ ᠪᠠᠷᠢᠯᠭ᠎ᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠦᠪᠰᠢᠶᠡᠷᠡᠬᠦᠯᠬᠦ ᠶᠢ ᠪᠡᠶᠡᠯᠡᠭᠦᠯᠵᠦ᠂ ᠪᠠᠯᠠ ᠤᠷᠤᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠡᠬᠡᠪᠡᠷ ᠳᠡᠭᠡᠭᠰᠢᠯᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠤᠯᠤᠰ ᠤᠨ ᠥᠮᠴᠢᠯᠡᠯ ᠤᠨ ᠬᠦᠷᠦᠩᠭᠡ ᠦᠷᠭᠦᠯᠵᠢᠯᠡᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠪᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠲᠠᠰᠤᠷᠠᠯᠲᠠ ᠦᠭᠡᠢ ᠬᠦᠨᠵᠡᠭᠡᠶᠢᠷᠡᠨ᠂ ᠠᠯᠪᠠᠨ ᠤ ᠭᠤᠷᠪᠠᠨ ᠵᠠᠷᠤᠳᠠᠯ ᠪᠦᠲᠦᠮᠵᠢᠲᠡᠶ ᠪᠠᠭᠤᠷᠠᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ 0.95 ᠳ᠋ᠦᠩᠰᠢᠭᠤᠷ ᠲᠥᠭᠦᠷᠢᠭ ᠠᠷᠢᠯᠭᠠᠨ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠶᠢ ᠡᠷᠡᠰ ᠬᠤᠷᠢᠭᠯᠠᠪᠠ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠬᠡᠰᠢᠭ ᠮᠡᠳᠡᠭᠳᠡᠮ᠎ᠡ ᠨᠡᠮᠡᠭᠳᠡᠪᠡ᠃ ᠨᠠᠮ ᠤᠨ ᠳᠡᠤᠭᠡ ᠶᠢᠨ ᠰᠤᠷᠤᠯᠴᠠᠯᠭ᠎ᠠ ᠬᠦᠮᠦᠵᠢᠯ ᠤᠨ ︽ᠪᠢ ᠤᠯᠠᠨ ᠲᠦᠮᠡᠨ ᠳᠤ ᠪᠤᠳᠠᠳᠦ ᠶᠠᠪᠤᠳᠠᠯ ᠬᠢᠵᠦ ᠦᠭᠬᠦ︾ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ 297 ᠰᠢᠢᠳᠪᠦᠷᠢᠯᠡᠪᠡ᠃ ︽ᠣᠯᠠᠨ ᠲᠦᠮᠡᠨ ᠳᠤᠷᠠᠳᠬᠤ᠂ ᠲᠥᠯᠥᠭᠡᠯᠡᠭᠴᠢ ᠲᠣᠭᠲᠠᠭᠠᠬᠤ᠂ ᠵᠠᠰᠠᠭ ᠤᠨ ᠣᠷᠳᠣᠨ ᠬᠢᠬᠦ︾ ᠶᠢ ᠪᠠᠷᠢᠮᠲᠠᠯᠠᠵᠤ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶ᠎ᠡ ᠶᠢ ᠵᠠᠰᠠᠨ ᠰᠢᠨᠡᠳᠭᠡᠵᠦ ᠥᠷᠭᠡᠳᠬᠡᠨ ᠪᠠᠶᠢᠭᠤᠯᠬᠤ᠂ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠯᠭᠠᠨ ᠪᠠᠶᠢᠴᠠᠭᠠᠬᠤ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠬᠦᠯᠪᠡ᠃ ᠰᠠᠭᠤᠬᠤ ᠳᠤ ᠳᠤᠬᠢᠯᠢᠭ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠨ᠂ ᠨᠠᠰᠤᠲᠠᠶᠢᠴᠤᠳ ᠤᠨ ᠰᠤᠪᠢᠯᠠᠯᠲᠠ ᠶᠢᠨ ᠬᠦᠷᠢᠶᠡᠯᠡᠩ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠭᠤᠤᠯ ᠪᠠᠷᠢᠯᠭ᠎ᠠ ᠶᠢ ᠪᠠᠷᠢᠵᠦ ᠳᠠᠭᠤᠰᠬᠠᠨ᠂ ᠵᠡᠭᠡᠯᠢ ᠭᠤᠳᠤᠮᠵᠢ ᠵᠢᠴᠢ ᠶᠠᠪᠠᠭᠠᠨ ᠵᠠᠮ ᠢ ᠵᠠᠰᠠᠨ ᠰᠢᠨᠡᠳᠭᠡᠬᠦ ᠂ ᠤᠶᠤᠨᠲᠤ ᠤᠰᠤᠨ ᠤ ᠶᠠᠪᠤᠳᠠᠯ ᠤᠨ ᠰᠢᠰᠲ᠋ᠧᠮ ᠵᠡᠷᠭᠡ 8  ᠵᠦᠢᠯ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠢ ᠦᠷᠬᠦᠯᠵᠢᠯᠡᠨ ᠠᠬᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠬᠦᠯᠬᠦ ᠶᠢ ᠨᠠᠷᠢᠨ ᠬᠢᠨᠠᠮᠠᠭᠠᠢ ᠰᠠᠶᠢᠳᠦᠷ ᠠᠳᠬᠤᠵᠦ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠵᠢᠴᠢ ᠪᠠᠴᠢᠮ ᠳᠤᠲᠠᠭᠳᠠᠵᠤ ᠪᠠᠶᠢᠭ᠎ᠠ ᠰᠢᠨᠵᠢᠯᠡᠭᠡᠨ ᠤ ᠰᠠᠯᠠᠭ᠎ᠠ ᠶᠢᠨ ᠪᠠᠭᠰᠢ ᠶᠢ 34 ᠨᠥᠬᠦᠪᠥᠷᠢᠯᠡᠵᠦ᠂ ᠤᠷᠱᠤᠨ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠤᠯᠠᠨ ᠴᠢᠳᠠᠮᠵᠢᠳᠤ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠲᠦᠷᠦᠯ ᠵᠦᠢᠯ ᠨᠠᠶᠢᠳᠠᠪᠦᠷᠢᠵᠢᠠᠠᠳᠠᠨ ᠪᠠᠷᠢᠯᠭ᠎ᠠ ᠶᠢᠨ ᠠᠵᠢᠯ ᠡᠬᠢᠯᠡᠪᠡ᠃ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠢᠯᠡ ᠪᠠᠷ ᠰᠣᠩᠭᠤᠨ ᠤᠷᠢᠬᠤ ᠠᠵᠢᠯ ᠢ ᠪᠡᠶᠡᠯᠡᠭᠦᠯᠵᠦ᠂ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠬᠢᠨᠠᠨ ᠬᠡᠮᠵᠢᠬᠦ ᠴᠡᠭ ᠪᠠ ᠠᠯᠳ᠋ᠬᠠᠮᠡᠭᠡᠯ ᠪᠠᠯᠭᠠᠰᠦ ᠶᠢᠨ ᠵᠡᠭᠦᠨ ᠰᠦᠮ᠎ᠡ ᠡᠷᠡᠭᠦᠯ ᠬᠠᠮᠠᠭᠠᠯᠠᠯ ᠤᠨ ᠬᠤᠷᠢᠶ᠎ᠠ ᠠᠰᠢᠭᠯᠠᠯᠲᠠ ᠳᠤ ᠤᠷᠤᠵᠦ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠳᠠᠷᠢᠯᠭ᠎ᠠ ᠶᠢᠨ ᠱᠠᠳᠦ ᠦᠶᠡᠴᠢ ᠴᠢᠨᠠᠷᠳᠠᠢ ᠡᠭᠦᠷᠭᠡ ᠶᠢ ᠪᠡᠶᠡᠯᠡᠬᠦᠯᠪᠡ᠃ ᠰᠣᠶᠣᠯ ᠢᠶᠠᠷ ᠠᠷᠠᠳ ᠢ ᠬᠠᠷᠠᠭᠠᠯᠵᠠᠬᠤ ᠶᠢ ᠶᠡᠬᠡᠪᠡᠷ ᠲᠦᠯᠬᠢᠨ ᠠᠬᠢᠭᠤᠯᠵᠤ᠂ ᠮᠦᠽᠧᠶ ᠶᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠪᠠ᠃ ᠨᠡᠶᠢᠬᠡᠮ ᠤᠨ ᠡᠮᠬᠢ ᠲᠢᠭᠯᠢᠮ ᠳᠤᠭᠳᠠᠭᠤᠨ ᠡᠮᠬᠢ ᠵᠢᠷᠤᠮ ᠲᠠᠢ ᠪᠠᠶᠢᠵᠦ᠂ ᠴᠠᠬᠢᠯᠭᠠᠨ ᠬᠤᠯᠪᠤᠭᠠᠨ ᠤ ᠮᠡᠬᠡᠯᠡᠯ ᠳᠤ ᠴᠤᠬᠢᠯᠳᠠ ᠦᠭᠬᠦ᠂ ᠬᠤᠤᠷ ᠠᠷᠠᠯᠵᠢᠶᠠᠯᠠᠬᠤ ᠶᠢ ᠴᠠᠭᠠᠵᠠᠯᠠᠵᠦ ᠠᠷᠢᠯᠭᠠᠬᠤ᠂ ᠬᠢᠯᠢ ᠶᠢ ᠬᠦᠴᠦᠷᠭᠡᠭᠵᠢᠬᠦᠯᠦᠨ ᠬᠢᠯᠢ ᠶᠢ ᠪᠠᠬᠢᠵᠢᠬᠦᠯᠬᠦ ᠵᠠᠭᠤᠨ ᠡᠳᠦᠷ ᠤᠨ ᠪᠤᠭᠤᠮᠳᠠ ᠰᠢᠪᠳᠤᠯᠤᠯᠳᠠ ᠵᠡᠷᠭᠡ ᠳᠤᠰᠬᠠᠢ ᠠᠵᠢᠯᠯᠠᠭ᠎ᠠ ᠶᠢ ᠦᠷᠨᠢᠬᠦᠯᠵᠦ᠂ ᠬᠢᠯᠢ ᠬᠢᠵᠠᠭᠠᠷ ᠤᠨ ᠬᠠᠮᠢᠶᠠᠷᠤᠯᠳᠠ ᠡᠵᠡᠮᠳᠡᠯ᠂ ᠨᠡᠶᠢᠬᠡᠮ ᠤᠨ ᠵᠠᠰᠠᠯᠳᠠ ᠶᠢᠨ ᠬᠢᠷᠢ ᠲᠦᠪᠰᠢᠨ ᠳᠠᠰᠤᠷᠠᠯᠳᠠ ᠦᠬᠡᠢ ᠳᠡᠭᠡᠭᠰᠢᠯᠡᠪᠡ᠃      ᠲᠥᠯᠥᠭᠡᠯᠡᠭᠴᠢᠳ ᠡ︕ ᠳᠥᠷᠪᠡᠨ ᠵᠢᠯ ᠤᠨ ᠲᠤᠷᠰᠢ᠂ ᠪᠥᠬᠦ ᠬᠤᠰᠢᠭᠤᠨ ᠤ ᠠᠷᠠᠳ ᠲᠦᠮᠡᠨ ᠬᠦᠴᠦ ᠬᠥᠯᠥᠰᠥ ᠪᠠᠨ ᠤᠷᠤᠰᠬᠠᠨ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠥᠷᠢᠰᠥᠯᠳᠦᠭᠡᠨ ᠢ ᠨᠢᠭᠡ ᠨᠢᠭᠡ ᠪᠠᠷ ᠠᠷᠭᠠᠴᠠᠨ᠂ ᠪᠤᠳᠠᠳᠦ ᠶᠠᠪᠤᠳᠠᠯ ᠢ ᠨᠢᠭᠡ ᠨᠢᠭᠡ ᠪᠠᠷ ᠬᠢᠵᠦ ᠪᠦᠲᠦᠭᠡᠵᠦ᠂ ᠠᠮᠠᠯᠠᠯᠲᠠ ᠪᠠᠨ ᠨᠢᠭᠡ ᠨᠢᠭᠡ ᠪᠠᠷ ᠪᠡᠶᠡᠯᠡᠬᠦᠯᠦᠭᠰᠡᠨ ᠶᠤᠮ᠃ ᠤᠨᠴᠠᠭᠠᠶᠢᠯᠠᠨ ᠬᠤᠲᠠ ᠶᠢᠨ ᠶᠠᠰᠤ ᠴᠢᠨᠠᠷ ᠢ ᠳᠡᠭᠡᠭᠰᠢᠯᠡᠬᠦᠯᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ ᠵᠡᠷᠭᠡ ᠣᠯᠠᠨ ᠲᠠᠯ᠎ᠠ ᠳᠤ ︽ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠷᠳᠤᠴᠠ︾ ᠶᠢ ᠡᠭᠦᠳᠴᠦ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠨᠡᠷᠡᠲᠦ ᠲᠡᠮᠳᠡᠭ︾ ᠢ ᠳᠠᠭᠤᠷᠢᠰᠤᠭᠤᠯᠤᠭᠰᠠᠨ ᠪᠠᠶᠢᠨ᠎ᠠ᠃ ᠡᠳᠡᠭᠡᠷ ᠠᠮᠵᠢᠯᠲᠠ ᠪᠦᠲᠦᠮᠵᠢ ᠶᠢ ᠣᠯᠤᠭᠰᠠᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ᠂ ᠮᠥᠨ ᠴᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠳᠠ ᠳᠠᠯᠪᠢᠨ ᠳᠡᠮᠵᠢᠯᠭᠡ ᠦᠵᠡᠬᠦᠯᠵᠦ᠂ ᠢᠳᠡᠪᠬᠢᠲᠡᠶ ᠣᠷᠣᠯᠴᠠᠭᠰᠠᠨ ᠤ ᠦᠷ᠎ᠡ ᠳ᠋ᠦᠩ᠂ ᠪᠠᠰᠠ ᠴᠦ ᠪᠥᠬᠦ ᠬᠤᠰᠢᠭᠤᠨ ᠤ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ ᠪᠣᠳᠠᠲᠠᠶ ᠶᠢ ᠡᠷᠬᠢᠮᠯᠡᠨ ᠤᠷᠤᠭᠰᠢᠯᠠᠭᠰᠠᠨ ᠤ ᠦᠷ᠎ᠡ ᠳ᠋ᠦᠩ ᠪᠤᠯᠤᠨ᠎ᠠ᠂ ᠨᠠᠩ ᠴᠤ ︽ᠰᠢᠨ᠎ᠡ ᠪᠠᠷᠭᠤ ᠪᠠᠷᠠᠭᠤᠨ ᠬᠤᠰᠢᠭᠤᠨ ᠤ ᠡᠭᠦᠷᠭᠡᠯᠡᠯ︾ ᠢ ᠴᠢᠩᠭᠠᠳᠬᠠᠨ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠴᠦᠨ︾ ᠢ ᠨᠢᠠᠠᠳᠠᠷᠠᠭᠤᠯᠤᠭᠰᠠᠨ ᠪᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠳᠠᠲᠤ ᠦᠷ᠎ᠡ ᠪᠦᠲᠦᠮᠵᠢ︾ ᠶᠢ ᠳᠣᠪᠤᠶᠢᠯᠭᠠᠭᠰᠠᠨ ᠦᠯᠡᠮᠵᠢ ᠠᠮᠵᠢᠯᠳᠠ ᠶᠢ ᠢᠯᠡᠷᠡᠭᠦᠯᠦᠭᠰᠡᠨ ᠪᠠᠶᠢᠨ᠎ᠠ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ᠂ ᠦᠢᠯᠡᠳᠪᠦᠷᠢ ᠬᠤᠳᠠᠯᠳᠤᠭᠠᠨ ᠤ ᠬᠤᠯᠪᠤᠭᠠᠳᠦ ᠬᠤᠷᠠᠯ ᠪᠠ ᠡᠯ᠎ᠡ ᠠᠷᠠᠳ ᠤᠨ ᠪᠦᠯᠬᠦᠮ᠂ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠪᠠ ᠬᠤᠰᠢᠭᠤᠨ ᠳᠤ ᠰᠠᠭᠤᠭ᠎ᠠ ᠡᠯ᠎ᠡ ᠱᠠᠲᠤᠨ ᠤ ᠨᠢᠭᠡᠴᠡ᠂ ᠳᠡᠷᠡᠴᠢᠯᠡᠨ ᠰᠢᠨ᠎ᠡ ᠪᠠᠷᠭᠤ ᠪᠠᠷᠠᠭᠤᠨ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠱᠠᠲᠤᠨ ᠤ ᠤᠳᠤᠷᠢᠳᠤᠯᠭ᠎ᠠ᠂ ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠥᠩᠭᠡᠷᠡᠭᠰᠡᠨ ᠢᠶᠠᠨ ᠳ᠋ᠦᠩᠨᠡᠬᠦ ᠳᠤ᠂ ᠪᠢᠳᠡ᠄ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠪᠠᠷ ᠦᠨᠳᠦᠰᠦᠨ ᠪᠠᠲᠤᠯᠠᠭ᠎ᠠ ᠪᠣᠯᠭᠠᠬᠤ ᠶᠢ ᠡᠷᠬᠡᠪᠰᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠬᠡᠷᠡᠭᠵᠢᠭᠦᠯᠦᠯᠲᠡ ᠶᠢ ᠴᠢᠩᠭᠠᠳᠬᠠᠬᠤ ᠪᠠ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠤᠮᠳᠠ ᠬᠦᠴᠢᠷ ᠪᠡᠷᠬᠡ ᠶᠢ ᠢᠯᠠᠨ ᠳᠠᠪᠠᠭ᠋ᠤ ᠬᠡᠷᠡᠭᠲᠡᠶ︔ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠭᠴᠢ ᠬᠦᠴᠦᠨ ᠪᠣᠯᠭᠠᠬᠤ ᠶᠢ ᠡᠷᠬᠡᠪᠰᠢ ᠪᠠᠷᠢᠮᠲᠠᠯᠠᠵᠤ᠂ ᠵᠣᠷᠢᠭᠲᠠᠶ ᠪᠠᠷ ᠦᠵᠡᠯ ᠰᠠᠨᠠᠭ᠎ᠠ ᠪᠠᠨ ᠴᠢᠯᠥᠭᠡᠯᠡᠨ᠂ ᠤᠷᠢᠳᠠᠪᠠᠷ ᠬᠢᠵᠦ ᠤᠷᠢᠳᠠᠪᠠᠷ ᠲᠤᠷᠰᠢᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤᠮᠳᠠ ᠲᠠᠰᠤᠷᠠᠯᠳᠠ ᠦᠭᠡᠢ ᠵᠠᠮ ᠨᠡᠭᠡᠭᠡᠨ ᠤᠷᠤᠭᠰᠢᠯᠠᠬᠤ ᠬᠡᠷᠡᠭᠲᠡᠶ︔ ᠴᠢᠯᠦᠭᠡᠳᠡᠢ ᠨᠡᠬᠡᠬᠡᠯᠳᠡ ᠬᠢᠵᠦ ᠬᠥᠭᠵᠢᠭᠦᠯᠬᠦ ᠪᠠᠷ ᠦᠨᠳᠦᠰᠦᠨ ᠠᠷᠭ᠎ᠠ ᠵᠠᠮ ᠪᠣᠯᠭᠠᠬᠤ ᠶᠢ ᠡᠷᠬᠡᠪᠰᠢ ᠪᠠᠷᠢᠮᠲᠠᠯᠠᠵᠤ᠂ ᠨᠡᠬᠡᠬᠡᠯᠳᠡ ᠬᠢᠬᠦ ᠶᠠᠪᠤᠴᠠ ᠳᠤ ᠬᠥᠭᠵᠢᠯᠲᠡ ᠶᠢᠨ ᠣᠷᠣᠨ ᠵᠠᠢ ᠶᠢ ᠦᠷᠭᠡᠳᠭᠡᠨ᠂ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠭᠵᠢᠯᠲᠡ ᠶᠢᠨ  ᠨᠦᠬᠡᠴᠡ ᠬᠦᠴᠦᠨ ᠢ ᠨᠡᠮᠡᠭᠳᠡᠭᠦᠯᠬᠦ ᠬᠡᠷᠡᠭᠲᠡᠢ︔ ︽ᠠᠮᠢ ᠠᠬᠤᠶ ᠶᠢ ᠤᠷᠢᠳᠠᠪᠠᠷ ᠪᠤᠳᠤᠯᠬᠢᠯᠠᠨ᠂ ᠪᠣᠬᠢᠷᠲᠤᠯ ᠥᠬᠡᠶ ᠬᠥᠭᠵᠢᠭᠦᠯᠬᠦ︾ ᠪᠠᠷ ᠦᠨᠳᠦᠰᠦᠨ ᠤᠳᠤᠷᠢᠳᠤᠮᠵᠢ ᠪᠣᠯᠭᠠᠬᠤ ᠶᠢ ᠡᠷᠬᠡᠪᠰᠢ ᠪᠠᠷᠢᠮᠲᠠᠯᠠᠵᠤ᠂ ︽ᠬᠦᠭᠡ ᠠᠭᠤᠯᠠ ᠬᠥᠬᠡᠮᠳᠦᠭ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠳᠡᠭ ᠢ ᠪᠠᠷᠢᠮᠲᠠᠯᠠᠨ᠂ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠡᠬᠢ ᠪᠠᠶᠠᠯᠢᠭ ᠤᠨ ᠲᠥᠷᠥᠯᠬᠢ ᠠᠪᠢᠶᠠᠰ᠂ ᠠᠮᠢ ᠠᠬᠤᠶ ᠣᠷᠴᠢᠨ ᠲᠣᠭᠤᠷᠢᠨ ᠤ ᠳᠠᠪᠠᠭᠤᠯᠢᠭ ᠢ ᠪᠠᠳᠠᠷᠠᠭᠤᠯᠬᠤ ᠳᠤᠮᠳᠠ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠶ︔ ᠠᠷᠠᠳ ᠲᠦᠮᠡᠨ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠠᠨ ᠪᠣᠯᠭᠠᠬᠤ ᠶᠢ ᠡᠷᠬᠡᠪᠰᠢ ᠪᠠᠷᠢᠮᠲᠠᠯᠠᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠢᠮᠠᠭᠲᠠ ᠪᠢᠳᠡᠨ ᠤ ᠳᠡᠮᠡᠴᠡᠬᠦ ᠬᠠᠷᠠᠯᠲᠠ ᠪᠠᠨ ᠪᠣᠯᠭᠠᠵᠤ᠂ ᠤᠭ ᠰᠠᠨᠠᠭ᠎ᠠ ᠪᠠᠨ ᠦᠯᠦ ᠮᠠᠷᠲᠠᠨ᠂ ᠡᠷᠡᠮᠡᠬᠡᠶᠢᠯᠡᠨ ᠤᠷᠤᠭᠰᠢᠯᠠᠵᠤ᠂ ᠠᠷᠠᠳ ᠤᠯᠠᠨ ᠢ ᠨᠡᠩ ᠳᠠᠪᠠᠳᠠᠢ᠂ ᠲᠠᠭᠠᠯᠠᠮᠵᠢᠲᠠᠢ᠂ ᠬᠠᠨᠤᠮᠵᠢᠳᠠᠢ ᠠᠮᠢᠳᠤᠷᠠᠭᠤᠯᠬᠤ ᠬᠡᠷᠡᠭᠲᠡᠢ ᠭᠡᠳᠡᠭ  ᠢ ᠪᠢᠳᠡ ᠬᠦᠨᠵᠡᠭᠡᠢ ᠤᠶᠢᠯᠠᠭᠠᠪᠠ᠃      ᠡᠭᠦᠨ ᠤ ᠬᠠᠮᠲᠤ᠂ ᠪᠢᠳᠡ ᠪᠠᠰᠠ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠳᠠᠨᠢᠵᠦ ᠤᠯᠪᠠ᠂ ᠡᠳᠡᠭᠡᠷ ᠨᠢ ᠭᠤᠣᠯᠳᠠᠭᠤ᠄ ᠠᠵᠤ ᠠᠬᠤᠶ ᠶᠢᠨ ᠰᠢᠨ᠎ᠡ ᠬᠡᠪ ᠪᠠᠶᠢᠳᠠᠯ ᠤᠨ ᠬᠠᠨᠳᠤᠰᠢ ᠶᠢᠨ ᠴᠢᠨᠠᠷᠲᠠᠶ ᠬᠤᠪᠢᠷᠠᠯᠲᠠ ᠶᠢᠨ ᠲᠤᠬᠠᠶ ᠲᠠᠨᠢᠯᠲᠠ ᠳᠤᠲᠠᠮᠠᠭ᠂ ᠴᠥᠭᠡᠨ ᠲᠣᠭᠠᠨ ᠤ ᠺᠠᠳ᠋ᠷᠴᠤᠳ ᠤᠨ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠠᠨᠠᠢ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠬᠢ ᠠᠷᠭ᠎ᠠ ᠬᠢᠳᠡᠯ ᠴᠦᠬᠡᠨ ᠮᠦᠷᠲᠡᠭᠡᠨ ᠠᠷᠭ᠎ᠠ ᠬᠡᠮᠵᠢᠶ᠎ᠡ ᠶᠢᠨ ᠬᠦᠴᠦᠨ ᠪᠠᠭᠤᠷᠠᠢ︔ ᠠᠵᠤ ᠠᠬᠤᠶ ᠶᠢᠨ ᠶᠡᠷᠦᠩᠬᠡᠶ ᠬᠡᠮᠵᠢᠶ᠎ᠡ ᠬᠠᠷᠢᠴᠠᠩᠭᠤᠶ ᠪᠠᠷ ᠨᠡᠯᠢᠶᠡᠳ ᠳᠤᠤᠷ᠎ᠠ᠂ ᠠᠵᠤ ᠦᠢᠯᠡᠰ ᠤᠨ ᠪᠦᠲᠦᠴᠡ ᠠᠨᠠᠢ᠂ ᠠᠵᠤ ᠠᠬᠤᠶ ᠶᠢᠨ ᠬᠥᠭᠵᠢᠯᠲᠡ ᠶᠢ ᠳᠤᠯᠭᠠᠭᠤᠷᠢᠯᠠᠵᠦ ᠪᠠᠶᠢᠭ᠎ᠠ ᠲᠤᠮᠤ ᠠᠵᠤ ᠦᠢᠯᠡᠰ᠂ ᠲᠤᠮᠤ ᠠᠵᠤ ᠠᠬᠤᠶᠢᠯᠠᠯ᠂ ᠲᠤᠮᠤ ᠲᠦᠷᠦᠯ ᠵᠦᠢᠯ ᠴᠦᠬᠡᠨ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠳᠤᠤᠷ᠎ᠠ᠂ ᠬᠦᠳᠡᠯᠭᠡᠬᠦ ᠴᠢᠳᠠᠪᠦᠷᠢ ᠶᠢᠨ ᠰᠣᠯᠢᠭᠳᠠᠯ ᠤᠳᠠᠭᠠᠨ᠂ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠡᠭᠦᠷᠭᠡ ᠳᠤ ᠪᠦᠳᠦᠮᠵᠢᠳᠡᠢ ᠰᠢᠨ᠎ᠡ ᠰᠢᠪᠳᠤᠯᠤᠯᠳᠠ ᠭᠠᠷᠭᠠᠬᠤ ᠶᠠᠪᠤᠳᠠᠯ ᠪᠠᠴᠢᠮ ᠱᠠᠭᠠᠷᠳᠠᠭᠳᠠᠵᠦ ᠪᠤᠢ︔ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠪᠠ ᠣᠷᠴᠢᠨ ᠳᠤᠭᠤᠷᠢᠨ ᠤ ᠰᠠᠭᠤᠷᠢ ᠬᠡᠪᠡᠷᠡᠭ ᠪᠠᠶᠢᠵᠤ᠂ ᠠᠮᠢ ᠠᠬᠤᠶ ᠶᠢᠨ ᠦᠷᠳᠡᠭ ᠢ ᠠᠵᠤ ᠠᠬᠤᠶ ᠶᠢᠨ ᠦᠷᠳᠡᠭ ᠪᠤᠯᠭᠠᠨ ᠬᠤᠪᠢᠷᠠᠭᠤᠯᠬᠤ ᠨᠤᠷᠮ᠎ᠠ ᠳᠤᠤᠷ᠎ᠠ︔ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠦᠴᠦᠨ ᠮᠡᠬᠦᠰᠳᠡᠵᠦ᠂ ᠵᠠᠰᠠᠭ ᠵᠠᠬᠢᠷᠭᠠᠨ ᠤ ᠬᠦᠴᠦᠨ ᠬᠠᠷᠢᠴᠠᠩᠭᠤᠶ ᠪᠠᠷ ᠨᠡᠯᠢᠶᠡᠳ ᠳᠣᠤᠷ᠎ᠠ᠂ ᠬᠤᠲᠠ ᠪᠠᠯᠭᠠᠰᠦ  ᠶᠢᠨ ᠬᠠᠮᠢᠶᠠᠷᠤᠯᠲᠠ ᠶᠢᠨ ᠬᠢᠷᠢ ᠲᠦᠪᠰᠢᠨ ᠳᠤᠤᠷ᠎ᠠ ᠪᠠᠶᠢᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠠ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠠᠪᠤᠳᠠᠯ ᠵᠠᠮ ᠬᠤᠯᠠ ᠡᠭᠦᠷᠭᠡ ᠬᠦᠨᠳᠦ ᠵᠡᠷᠭᠡ ᠳᠠᠯ᠎ᠠ ᠪᠠᠷ ᠢᠯᠡᠷᠡᠵᠦ ᠪᠤᠢ᠃ ᠡᠲᠡᠭᠡᠷ ᠠᠰᠠᠭᠤᠳᠠᠯ ᠳᠤ ᠴᠢᠭᠯᠡᠬᠦᠯᠦᠨ᠂ ᠪᠢᠳᠡ ︽ᠰᠢᠯᠭᠠᠯᠲᠠ ᠳᠤ ᠣᠷᠣᠯᠴᠠᠬᠤ︾ ᠬᠤᠷᠴᠠ ᠰᠡᠷᠭᠡᠭ ᠲᠠᠷᠢᠬᠢ ᠳᠤᠯᠤᠭᠠᠢ ᠲᠠᠢ ᠪᠠᠶᠢᠬᠤ ᠶᠢ ᠢᠮᠠᠭᠲᠠ ᠪᠠᠲᠤᠯᠠᠵᠤ᠂ ᠦᠨᠡᠨ ᠬᠦ ᠬᠦᠴᠦ ᠤᠷᠤᠭᠤᠯᠤᠨ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠬᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号