ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/1/18
     1 ᠳ᠋ᠦ᠋ᠭᠡᠷ ᠰᠠᠷ᠎ᠠ ᠶᠢᠨ 16 ᠤ ᠡᠳᠦᠷ ᠤᠨ 0 — 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠰᠢᠨ᠎ᠡ ᠪᠠᠷ ᠨᠡᠮᠡᠭᠳᠡᠭᠰᠡᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 5 ᠡᠪᠡᠳᠴᠢᠨ ᠤ ᠵᠢᠱᠢᠶ᠎ᠡ ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠡᠷᠡᠭᠦᠯᠵᠢᠵᠦ ᠡᠮᠨᠡᠯᠭᠡ ᠠᠴᠠ ᠭᠠᠷᠪᠠ᠃      ᠣᠳᠣ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 336 ᠪᠠᠶᠢᠵᠤ᠂ ᠪᠦᠬᠦᠨ ᠢᠶᠠᠷ ᠢᠶᠠᠨ ᠡᠷᠡᠭᠦᠯᠵᠢᠵᠦ ᠡᠮᠨᠡᠯᠭᠡ ᠠᠴᠠ ᠭᠠᠷᠪᠠ᠃      ᠳᠠᠷᠠᠭᠠᠴᠢ ᠶᠢᠨ ᠠᠯᠬᠤᠮ ᠳᠤ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠨ᠂ ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号