1 ᠳ᠋ᠦ᠋ᠭᠡᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ︵2021 — 2035 ᠣᠨ︶︾ ︵ | ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢᠨ ᠵᠣᠷᠰᠢᠮᠠᠯ ᠰᠣᠨᠢᠨ ᠮᠡᠳᠡᠭᠡ ᠨᠡᠶᠢᠲᠡᠯᠡᠬᠦ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠠᠴᠠ ︽ᠲᠥᠯᠥᠪᠵᠢᠭᠦᠯᠭᠡ︾ ᠶᠢᠨ | ᠬᠤᠯᠪᠤᠭᠳᠠᠯ ᠪᠥᠬᠦᠶ ᠪᠠᠶᠢᠳᠠᠯ ᠤᠨ ᠲᠤᠬᠠᠶ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠬᠤᠲᠠ ᠪᠠᠯᠭᠠᠰᠤᠵᠢᠯᠲᠠ ᠪᠣᠯ ᠣᠳᠣᠬᠢᠴᠢᠯᠠᠯᠲᠠ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠃ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ 2035 ᠣᠨ | ᠪᠣᠯᠬᠤ ᠳᠤ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠲᠡᠮᠡᠴᠡᠯ ᠤᠨ ᠬᠠᠷᠠᠯᠲᠠ ᠶᠢ ᠦᠨᠳᠦᠰᠦᠨ ᠳᠤ ᠪᠠᠨ | ᠪᠡᠶᠡᠯᠡᠭᠦᠯᠵᠦ᠂ ᠬᠤᠳᠠ ᠪᠠᠯᠭᠠᠰᠤᠵᠢᠯᠳᠠ ᠪᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ | ᠵᠠᠩᠭᠢᠴᠢᠯᠠᠯᠲᠠ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ | ᠪᠦᠳᠦᠭᠡᠨ ᠪᠠᠶᠢᠭᠤᠯᠤᠯᠲᠠ ᠶᠢᠨ ᠭᠤᠣᠯ ᠠᠭᠤᠯᠭ᠎ᠠ ᠪᠣᠯᠤᠨ᠎ᠠ ᠭᠡᠵᠦ ᠳᠤᠷᠠᠳᠴᠠᠢ᠃ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ 2020 ᠣᠨ ᠤ 5 ᠳ᠋ᠤᠭᠠᠷ ᠰᠠᠷ᠎ᠠ ᠳᠤ ︽ | ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠨᠠᠶᠢᠷᠠᠭᠤᠯᠤᠨ ᠵᠣᠬᠢᠶᠠᠬᠤ | ᠶᠠᠪᠤᠴᠠ ᠳᠤ ᠪᠠᠨ ᠠᠷᠭ᠎ᠠ ᠪᠣᠳᠣᠯᠭ᠎ᠠ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠲᠠᠯᠠᠨ᠂ | ᠣᠯᠠᠨᠲᠠ ᠬᠠᠮᠲᠤ ᠪᠠᠷ ᠶᠠᠷᠢᠯᠴᠠᠨ ᠰᠤᠳᠤᠯᠵᠤ᠂ ︽ᠲᠥᠯᠥᠪᠵᠢᠭᠦᠯᠭᠡ︾ ᠶᠢᠨ ᠬᠥᠭᠵᠢᠯᠲᠡ ᠶᠢᠨ ᠰᠡᠳᠬᠢᠴᠡ᠂ | ᠬᠠᠷᠠᠯᠲᠠᠲᠤ ᠡᠭᠦᠷᠭᠡ ᠪᠠ ᠦᠨᠳᠦᠰᠦᠨ ᠪᠣᠷᠣ ᠲᠥᠯᠥᠪ ᠢ ᠲᠣᠳᠣᠷᠬᠠᠶᠢᠯᠠᠵᠤ᠂ ︽ᠲᠥᠯᠥᠪᠵᠢᠭᠦᠯᠭᠡ︾ ᠶᠢᠨ ᠡᠬᠡ | ᠨᠣᠤᠷᠠᠭ ᠢ ᠲᠤᠭᠤᠷᠪᠢᠵᠤ ᠭᠠᠷᠭᠠᠪᠠ᠃ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠨᠤᠲᠠᠯᠠᠯᠲᠠ ᠬᠢᠯᠭᠡᠬᠦ᠂ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠢ ᠬᠤᠷᠢᠶᠠᠬᠤ᠂ ᠤᠯᠤᠰ ᠤᠨ ᠲᠥᠯᠥᠪᠵᠢᠭᠦᠯᠭᠡ ᠲᠠᠢ | ᠵᠣᠯᠭᠠᠭᠤᠯᠬᠤ ᠪᠠᠷ ᠳᠡᠮᠵᠢᠨ᠂ ᠣᠯᠠᠨ ᠤᠳᠠᠭ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠬᠤᠶᠢᠨ᠎ᠠ᠂ ︽ | ᠲᠥᠯᠥᠪᠵᠢᠭᠦᠯᠭᠡ︾ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠥᠪᠯᠡᠭᠦᠯᠵᠦ | ᠪᠠᠲᠤᠯᠠᠭᠤᠯᠤᠭᠠᠳ᠂ 2021 ᠣᠨ ᠤ 11 ᠳ᠋ᠦ᠋ᠭᠡᠷ ᠰᠠᠷ᠎ᠠ ᠶᠢᠨ 22 ᠤᠨ ᠡᠳᠦᠷ ᠵᠢᠩᠬᠢᠨᠢ ᠪᠠᠷ ᠳᠠᠷᠤᠮᠠᠯᠯᠠᠨ | ᠲᠠᠷᠬᠠᠭᠠᠵᠤ ᠬᠡᠷᠡᠭᠵᠢᠭᠦᠯᠪᠡ᠃ | ︽ᠲᠥᠯᠥᠪᠵᠢᠭᠦᠯᠭᠡ︾ ᠶᠢ ᠭᠤᠷᠪᠠᠨ ᠬᠡᠰᠡᠭ ᠲᠤ ᠬᠤᠪᠢᠶᠠᠵᠠᠢ᠃ ᠨᠢᠭᠡᠳᠦᠭᠡᠷ ᠬᠡᠰᠡᠭ ᠨᠢ ᠶᠡᠷᠦᠩᠬᠡᠶ ᠣᠨᠤᠯ | ᠪᠣᠯᠤᠨ᠎ᠠ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠣᠯᠤᠭᠰᠠᠨ | ᠠᠮᠵᠢᠯᠲᠠ ᠪᠦᠲᠦᠮᠵᠢ ᠶᠢ ᠳ᠋ᠦᠩᠨᠡᠵᠦ᠂ ᠲᠤᠯᠭᠠᠷᠠᠵᠤ ᠪᠠᠶᠢᠭ᠎ᠠ ᠪᠠᠶᠢᠳᠠᠯ ᠳᠤ ᠵᠠᠳᠠᠯᠤᠯᠲᠠ ᠬᠢᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠢᠨ᠎ᠡ ᠮᠠᠶ᠋ᠢᠭ ᠤᠨ ᠬᠤᠳᠠ | ᠪᠠᠯᠭᠠᠰᠣᠵᠢᠯᠳᠡ ᠶᠢ ᠲᠥᠯᠬᠢᠨ ᠠᠬᠢᠭᠤᠯᠬᠤ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠤᠣᠯ | ᠬᠠᠷᠠᠯᠲᠠ ᠶᠢ ᠳᠤᠷᠠᠳᠤᠨ ᠭᠠᠷᠭᠠᠵᠤ᠂ ᠬᠤᠳᠠ ᠪᠠᠯᠭᠠᠰᠤᠨ ᠤ ᠣᠷᠣᠨ ᠵᠠᠶ ᠶᠢᠨ ᠪᠠᠶᠢᠷᠢᠰᠢᠭᠤᠯᠤᠯᠲᠠ ᠶᠢᠨ | ᠤᠳᠤᠷᠢᠳᠤᠮᠵᠢ᠂ ᠬᠤᠳᠠ ᠶᠢᠨ ᠬᠥᠭᠵᠢᠯᠲᠡ ᠶᠢ ᠲᠥᠷᠥᠯ ᠬᠤᠪᠢᠶᠠᠨ ᠵᠢᠯᠣᠭᠤᠳᠬᠤ ᠵᠡᠷᠭᠡ ᠶᠢ ᠲᠣᠳᠣᠷᠬᠠᠶᠢᠯᠠᠪᠠ᠃ | ᠡᠭᠦᠨ ᠤ ᠬᠠᠮᠲᠤ 2035 ᠣᠨ ᠤ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠠᠯᠤᠰ ᠤᠨ ᠲᠥᠯᠥᠪ ᠢ | ᠪᠠᠷᠠᠯᠠᠪᠠ᠃ ᠬᠤᠶᠠᠳᠤᠭᠠᠷ ᠬᠡᠰᠡᠭ ᠨᠢ ᠰᠠᠯᠪᠤᠷᠢ ᠤᠨᠤᠯ ᠪᠣᠯᠤᠨ᠎ᠠ᠂ ᠬᠤᠳᠠ ᠪᠠᠯᠭᠠᠰᠤᠨ ᠤ ᠣᠷᠣᠨ ᠵᠠᠢ ᠶᠢᠨ | ᠪᠠᠶᠢᠷᠢᠯᠠᠭᠤᠯᠤᠯᠲᠠ᠂ ᠬᠤᠳᠠ ᠶᠢᠨ ᠵᠠᠰᠠᠯᠲᠠ᠂ ᠬᠤᠳᠠ ᠶᠢᠨ ᠠᠷᠠᠳ ᠢᠷᠭᠡᠨᠴᠢᠯᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ᠂ ᠬᠤᠳᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠬᠤᠳᠠ ᠬᠥᠳᠡᠭᠡ ᠶᠢᠨ ᠡᠬᠢ ᠪᠠᠶᠠᠯᠢᠭ ᠢ | ᠲᠣᠬᠢᠷᠠᠭᠤᠯᠬᠤ ᠵᠡᠷᠭᠡ ᠬᠠᠷᠠᠯᠲᠠ ᠡᠭᠦᠷᠭᠡ ᠪᠠ ᠭᠤᠣᠯ ᠠᠵᠢᠯ ᠢ ᠲᠣᠳᠤᠷᠬᠠᠶᠢᠯᠠᠪᠠ᠃ ᠭᠤᠷᠪᠠᠳᠤᠭᠠᠷ ᠬᠡᠰᠡᠭ ᠨᠢ | ᠲᠡᠭᠦᠰᠬᠡᠯ ᠪᠣᠯᠤᠨ᠎ᠠ᠂ ︽ᠲᠥᠯᠥᠪᠵᠢᠭᠦᠯᠭᠡ︾ ᠶᠢ ᠬᠡᠷᠡᠭᠵᠢᠭᠦᠯᠬᠦ ᠠᠵᠢᠯ ᠤᠨ ᠲᠣᠭᠲᠠᠴᠠ᠂ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠵᠡᠷᠭᠡ ᠠᠷᠭ᠎ᠠ ᠬᠡᠮᠵᠢᠶ᠎ᠡ ᠶᠢ ᠲᠤᠷᠠᠳᠪᠠ᠃ | ︽ᠲᠥᠯᠥᠪᠵᠢᠭᠦᠯᠭᠡ︾ ᠶᠢᠨ ᠭᠤᠤᠯ ᠠᠭᠤᠯᠭ᠎ᠠ ᠶᠢ ᠬᠤᠷᠢᠶᠠᠩᠭᠤᠶᠢᠯᠠᠪᠠᠯ᠄ ᠨᠢᠭᠡ ᠶᠡᠷᠦᠩᠬᠡᠶ ᠬᠠᠷᠠᠯᠲᠠ᠂ | ᠭᠤᠷᠪᠠᠨ ᠲᠤᠰᠬᠠᠯᠲᠠ ᠶᠢ ᠴᠢᠬᠤᠯᠠᠴᠢᠯᠠᠵᠤ᠂ ︽ᠨᠢᠭᠡ ᠪᠦᠯᠦᠭᠵᠢᠯ ᠬᠤᠶᠠᠷ ᠲᠦᠢᠯ ᠣᠯᠠᠨ ᠴᠡᠭ︾ ᠤᠨ ᠬᠤᠲᠠ | ᠪᠠᠯᠭᠠᠰᠤᠵᠢᠯᠲᠠ ᠶᠢᠨ ᠪᠠᠶᠢᠷᠢᠯᠠᠭᠤᠯᠤᠯᠲᠠ ᠶᠢ ᠪᠣᠶ ᠪᠣᠯᠭᠠᠵᠤ᠂ ᠲᠠᠪᠤᠨ ᠶᠡᠭᠡ ᠡᠭᠦᠷᠭᠡ ᠶᠢ ᠳᠥᠯᠭᠢᠨ ᠠᠬᠢᠭᠤᠯᠵᠤ᠂ | ᠭᠤᠷᠪᠠᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠬᠦ ᠪᠣᠯᠤᠨ᠎ᠠ᠃ | ᠨᠢᠭᠡ ᠶᠡᠷᠦᠩᠬᠡᠶ ᠬᠠᠷᠠᠯᠲᠠ᠃ ᠲᠤᠬᠠᠶᠢᠯᠠᠪᠠᠯ 2025 ᠣᠨ ᠪᠣᠯᠬᠤ ᠳᠤ ᠪᠠᠶᠢᠩᠭᠤ ᠰᠠᠭᠤᠭ᠎ᠠ ᠬᠥᠮᠦᠨ | ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 69% ᠣᠷᠴᠢᠮ ᠳᠤ ᠬᠦᠷᠦᠭᠦᠯᠵᠦ᠂ 2035 ᠣᠨ | ᠪᠣᠯᠬᠤ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 72% | ᠣᠷᠴᠢᠮ ᠳᠤ ᠬᠦᠷᠦᠭᠦᠯᠵᠦ᠂ ᠬᠤᠲᠠ ᠪᠠᠯᠭᠠᠰᠤ ᠶᠢᠨ ᠣᠷᠣᠨ ᠵᠠᠶ ᠶᠢᠨ ᠪᠠᠶᠢᠷᠢᠯᠠᠭᠤᠯᠤᠯᠲᠠ ᠪᠠ ᠬᠡᠪᠴᠢᠶ᠎ᠡ | ᠪᠦᠲᠦᠴᠡ ᠶᠢ ᠬᠡᠯᠪᠡᠷᠢᠵᠢᠭᠦᠯᠦᠨ ᠲᠣᠭᠲᠠᠪᠤᠷᠢᠵᠢᠭᠤᠯᠤᠨ ᠪᠣᠯᠪᠠᠰᠤᠷᠠᠩᠭᠤᠶ ᠪᠣᠯᠭᠠᠵᠤ᠂ ᠬᠤᠲᠠ ᠪᠠᠯᠭᠠᠰᠤ ᠶᠢᠨ | ᠴᠢᠳᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠲᠠ ᠪᠠᠯᠭᠠᠰᠤ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠪᠥᠬᠦ | ᠲᠠᠯ᠎ᠠ ᠪᠠᠷ ᠬᠤᠪᠢᠷᠠᠭᠤᠯᠵᠤ᠂ ᠬᠤᠲᠠ ᠪᠠᠯᠭᠠᠰᠤ ᠶᠢᠨ ᠬᠥᠭᠵᠢᠯᠲᠡ ᠶᠢ ᠨᠠᠩ ᠠᠮᠤᠷ ᠲᠦᠪᠰᠢᠨ ᠪᠣᠯᠭᠠᠵᠤ᠂ ᠬᠤᠲᠠ | ᠬᠥᠳᠡᠭᠡ ᠶᠢᠨ ᠨᠢᠭᠡ ᠴᠤᠭᠴᠠᠵᠢᠯᠲᠠ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ | ︽ᠨᠢᠭᠡ ᠪᠦᠯᠦᠭᠵᠢᠯ ᠬᠤᠶᠠᠷ ᠲᠦᠢᠯ ᠤᠯᠠᠨ ᠴᠡᠭ︾ ᠤᠨ ᠬᠤᠳᠠ ᠪᠠᠯᠭᠠᠰᠤᠵᠢᠯᠳᠠ ᠶᠢᠨ | ᠪᠠᠶᠢᠷᠢᠯᠠᠭᠤᠯᠤᠯᠲᠠ ᠶᠢ ᠪᠤᠢ ᠪᠣᠯᠭᠠᠨ᠎ᠠ᠃ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠬᠤᠲᠠ ᠶᠢᠨ | ᠪᠦᠯᠦᠭᠵᠢᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠡᠯ᠎ᠡ ᠲᠦᠷᠦᠯ ᠤᠨ ᠴᠢᠬᠤᠯᠠ ᠡᠯᠧᠮᠧᠨ᠋ᠲ ᠶᠢ ᠵᠦᠢ ᠵᠣᠬᠢᠰᠲᠠᠶ | ᠰᠢᠯᠵᠢᠭᠦᠯᠬᠦ ᠪᠠ ᠥᠨᠳᠥᠷ ᠦᠷ᠎ᠡ ᠪᠦᠲᠦᠮᠵᠢᠲᠡᠶ ᠪᠠᠷ ᠲᠣᠬᠢᠷᠠᠭᠤᠯᠬᠤ ᠶᠢ ᠠᠬᠢᠭᠤᠯᠵᠤ᠂ ᠬᠤᠳᠠ ᠶᠢᠨ ᠪᠦᠯᠦᠭᠵᠢᠯ ᠤᠨ | ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠦᠨ ᠠᠮᠠ ᠶᠢ 800 ᠲᠦᠮᠡ ᠣᠷᠴᠢᠮ ᠳᠤ ᠬᠦᠷᠦᠭᠦᠯᠵᠦ᠂ ᠪᠦᠬᠦ | ᠣᠷᠣᠨ ᠤ 48.7% ᠶᠢ ᠡᠵᠡᠯᠡᠭᠦᠯᠦᠨ᠎ᠡ᠃ ᠬᠥᠬᠡᠬᠤᠲᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠲᠥᠪ ᠬᠤᠲᠠ ᠶᠢ | ᠪᠥᠲᠥᠭᠡᠨ ᠪᠠᠶᠢᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠤᠲᠠ ᠶᠢᠨ ᠲᠣᠭᠤᠷᠢᠭ ᠢ ᠪᠣᠶ ᠪᠣᠯᠭᠠᠬᠤ ᠶᠢ | ᠠᠬᠢᠭᠤᠯᠤᠨ᠂ ᠲᠥᠪ ᠬᠤᠲᠠ ᠶᠢᠨ ᠲᠡᠷᠢᠭᠦᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠭᠠᠨᠬᠠᠳᠠ ᠲᠦᠩᠯᠢᠶᠣᠤ ᠶᠢᠨ | ᠣᠷᠣᠨ ᠪᠦᠰᠡ ᠶᠢᠨ ᠲᠥᠪ ᠬᠤᠲᠠ ᠶᠢ ᠲᠦᠷᠭᠡᠳᠬᠡᠨ ᠪᠠᠶᠢᠭᠤᠯᠵᠤ᠂ ᠬᠤᠶᠠᠷ ᠬᠤᠲᠠ ᠶᠢᠨ ᠠᠵᠤ ᠦᠢᠯᠡᠰ ᠤᠨ | ᠠᠵᠢᠯ ᠤᠨ ᠬᠤᠪᠢᠶᠠᠷᠢᠯᠠᠯ᠂ ᠰᠣᠶᠣᠯ ᠤᠨ ᠰᠣᠯᠢᠯᠴᠠᠭ᠎ᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠭᠠᠳᠠᠭᠰᠢ | ᠨᠡᠭᠡᠭᠡᠯᠲᠡ ᠬᠢᠬᠦ ᠵᠡᠷᠭᠡ ᠲᠠᠯ᠎ᠠ ᠪᠠᠷ ᠬᠤᠯᠪᠣᠭᠠᠯᠠᠨ ᠬᠥᠭᠵᠢᠬᠦ ᠶᠢ ᠠᠬᠢᠭᠤᠯᠵᠤ᠂ ᠣᠷᠣᠨ ᠪᠦᠰᠡ ᠶᠢᠨ ᠬᠥᠮᠦᠨ ᠠᠮᠠ ᠶᠢ | ᠬᠥᠲᠥᠯᠦᠨ ᠵᠢᠯᠣᠭᠤᠳᠴᠤ ᠪᠠᠶᠢᠭᠠᠳ ᠲᠥᠪ ᠬᠤᠲᠠ ᠲᠣᠭᠤᠷᠢᠭ ᠲᠡᠶᠢᠰᠢ ᠴᠤᠭᠯᠠᠷᠠᠭᠤᠯᠵᠤ᠂ ᠥᠪᠥᠷ ᠮᠣᠩᠭᠤᠯ ᠤᠨ | ᠵᠡᠭᠦᠨ ᠬᠡᠰᠡᠭ ᠤᠨ ᠭᠠᠵᠠᠷ ᠣᠷᠣᠨ ᠤ ︽ᠬᠤᠤᠰ ᠣᠳᠤᠨ ᠣᠷᠣᠨ︾ ᠤ ᠪᠠᠶᠢᠷᠢᠯᠠᠭᠤᠯᠤᠯᠲᠠ ᠶᠢ ᠪᠣᠶ ᠪᠣᠯᠭᠠᠨ᠎ᠠ᠃ | ᠳᠤᠮᠳᠠ ᠵᠢᠵᠢᠭ ᠬᠤᠳᠠ ᠶᠢᠨ ᠳᠠᠭᠠᠭᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠰᠢᠶᠠᠨ ᠤ | ᠬᠤᠳᠠ ᠶᠢᠨ ᠴᠢᠬᠤᠯᠠ ᠠᠴᠢᠶᠠᠯᠠᠪᠤᠷᠢ ᠶᠢᠨ ᠦᠢᠯᠡᠳᠦᠯ ᠢ ᠴᠢᠩᠭᠠᠷᠠᠭᠤᠯᠤᠨ᠂ ᠭᠤᠣᠯᠳᠠᠯᠭ᠎ᠠ ᠲᠠᠢ ᠵᠢᠵᠢᠭ ᠬᠤᠲᠠ | ᠪᠠᠯᠭᠠᠰᠤ ᠶᠢ ᠪᠤᠶᠢᠵᠢᠭᠤᠯᠤᠨ ᠬᠥᠭᠵᠢᠭᠦᠯᠵᠦ᠂ ᠲᠤᠮᠤ ᠳᠤᠮᠳᠠ ᠵᠢᠵᠢᠭ ᠬᠤᠳᠠ ᠪᠠ ᠵᠢᠵᠢᠭ ᠬᠤᠲᠠ ᠪᠠᠯᠭᠠᠰᠤ ᠶᠢᠨ | ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | ᠲᠠᠪᠤᠨ ᠶᠡᠭᠡ ᠡᠭᠦᠷᠭᠡ ᠶᠢ ᠲᠦᠯᠬᠢᠨ ᠠᠬᠢᠭᠤᠯᠤᠨ᠎ᠠ᠃ ᠬᠤᠲᠠ ᠪᠠᠯᠭᠠᠰᠤᠨ ᠤ ᠪᠠᠶᠢᠷᠢᠰᠢᠭᠤᠯᠤᠯᠲᠠ ᠪᠠ | ᠬᠡᠯᠪᠡᠷᠢ ᠪᠠᠶᠢᠳᠠᠯ ᠤᠨ ᠲᠠᠯ᠎ᠠ ᠪᠠᠷ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠪᠦᠯᠦᠭᠵᠢᠯ᠂ | ᠤᠯᠠᠭᠠᠨᠬᠠᠳᠠ ᠲᠦᠩᠯᠢᠶᠣᠤ ᠶᠢᠨ ᠣᠷᠣᠨ ᠪᠦᠰᠡ ᠶᠢᠨ ᠲᠥᠪ ᠬᠤᠲᠠ ᠪᠠ ᠳᠤᠮᠳᠠ ᠵᠢᠵᠢᠭ ᠬᠤᠲᠠ᠂ ᠵᠢᠵᠢᠭ ᠬᠤᠲᠠ | ᠪᠠᠯᠭᠠᠰᠤ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠬᠦᠴᠦᠯᠡᠨ ᠪᠠᠶᠢᠭᠤᠯᠬᠤ ᠶᠢ ᠲᠤᠷᠠᠳᠪᠠ︔ | ᠬᠤᠳᠠ ᠶᠢᠨ ᠵᠠᠰᠠᠯᠲᠠ ᠶᠢᠨ ᠲᠠᠯ᠎ᠠ ᠪᠠᠷ᠂ ᠬᠤᠳᠠ ᠶᠢᠨ ᠣᠷᠣᠨ ᠵᠠᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ᠂ | ᠲᠣᠭᠠᠴᠢᠯᠠᠭᠰᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠨᠡᠶᠢᠭᠡᠮ ᠤᠨ ᠵᠠᠰᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ᠪᠠ ᠨᠠᠷᠢᠯᠢᠭ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠡᠭᠦᠷᠭᠡ ᠶᠢ ᠳᠤᠷᠠᠳᠪᠠ︔ | ᠬᠤᠲᠠ ᠶᠢᠨ ᠠᠷᠠᠳ ᠢᠷᠭᠡᠨᠴᠢᠯᠡᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ᠂ ᠡᠷᠦᠬᠡ ᠠᠮᠠ ᠣᠷᠣᠬᠤ ᠳᠤ | ᠲᠥᠬᠦᠮ ᠦᠵᠡᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ᠂ ᠬᠤᠲᠠ ᠣᠷᠣᠭᠰᠠᠨ ᠮᠠᠯᠴᠢᠨ | ᠲᠠᠷᠢᠶᠠᠴᠢᠨ ᠤ ᠮᠠᠯᠵᠢᠬᠤ ᠲᠠᠷᠢᠶᠠᠯᠠᠬᠤ ᠣᠷᠣᠨ ᠳᠠᠬᠢ ᠡᠷᠬᠡ ᠠᠰᠢᠭ ᠢ ᠨᠢ ᠬᠠᠮᠠᠭᠠᠯᠠᠬᠤ᠂ ᠪᠠᠭᠲᠠᠭᠠᠮᠵᠢ ᠲᠠᠢ | ᠬᠠᠯᠠᠮᠵᠢᠯᠠᠬᠤ ᠵᠡᠷᠭᠡ ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠶ ᠠᠴᠠ ᠨᠡᠭᠦᠯᠭᠡᠨ ᠰᠢᠯᠵᠢᠭᠦᠯᠦᠭᠰᠡᠨ ᠬᠥᠮᠦᠨ ᠠᠮᠠ ᠶᠢ | ᠠᠯᠢ ᠲᠦᠷᠭᠡᠨ ᠢᠶᠠᠷ ᠬᠤᠲᠠ ᠳᠤ ᠠᠭᠤᠰᠤᠯᠴᠠᠬᠤ ᠶᠢ ᠠᠬᠢᠭᠤᠯᠤᠨ᠎ᠠ︔ ᠬᠤᠳᠠ ᠶᠢᠨ ᠳᠠᠭᠠᠭᠠᠬᠤ ᠴᠢᠳᠠᠪᠤᠷᠢ ᠶᠢ | ᠳᠡᠭᠡᠭᠰᠢᠯᠡᠭᠦᠯᠬᠦ ᠲᠠᠯ᠎ᠠ ᠪᠠᠷ᠂ ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠳᠠ ᠶᠢᠨ | ᠰᠣᠶᠣᠯ ᠤᠨ ᠳᠦᠷᠰᠦ ᠪᠠᠶᠢᠳᠠᠯ ᠢ ᠪᠤᠢ ᠪᠣᠯᠭᠠᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ | ᠶᠡᠷᠦᠩᠬᠡᠶᠢᠯᠡᠭᠰᠡᠨ ᠵᠠᠰᠠᠯᠲᠠ ᠶᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠠᠵᠤ ᠦᠢᠯᠡᠰ ᠤᠨ ᠵᠣᠬᠢᠴᠠᠯᠳᠤᠨ | ᠬᠦᠭᠵᠢᠬᠦ ᠶᠢ ᠠᠬᠢᠭᠤᠯᠵᠤ᠂ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢ ᠪᠦᠷᠢᠨᠰᠢᠭᠦᠯᠬᠦ ᠶᠢ ᠴᠢᠬᠤᠯᠠᠴᠢᠯᠠᠵᠤ᠂ | ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠬᠥᠭᠵᠢᠯᠲᠡ ᠶᠢᠨ ᠬᠠᠷᠠᠯᠲᠠ ᠶᠢ ᠳᠤᠷᠠᠳᠪᠠ︔ ᠬᠤᠳᠠ | ᠬᠥᠳᠡᠭᠡ ᠶᠢᠨ ᠡᠬᠢ ᠪᠠᠶᠠᠯᠢᠭ ᠢ ᠲᠣᠬᠢᠷᠠᠭᠤᠯᠬᠤ ᠲᠠᠯ᠎ᠠ ᠪᠠᠷ᠂ ᠬᠤᠳᠠ ᠬᠥᠳᠡᠭᠡ ᠶᠢᠨ ᠴᠢᠬᠤᠯᠠ ᠡᠯᠧᠮᠧᠨ᠋ᠲ ᠤᠨ | ᠬᠤᠣᠰ ᠴᠢᠭᠯᠡᠯ ᠤᠨ ᠰᠢᠯᠵᠢᠯᠲᠡ ᠶᠢ ᠠᠬᠢᠭᠤᠯᠵᠤ᠂ ᠦᠷᠭᠦᠯᠵᠢᠯᠡᠬᠦ᠋ᠢᠴᠡ ᠬᠤᠳᠠ ᠪᠠᠯᠭᠠᠰᠤᠵᠢᠯᠳᠠ ᠶᠢᠨ ᠪᠡᠯᠡ | ᠣᠷᠤᠭᠤᠯᠬᠤ ᠪᠡᠯᠡ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠬᠤᠳᠠ ᠶᠢᠨ ᠬᠤᠭᠤᠷᠣᠨᠳᠣᠬᠢ ᠬᠤᠯᠪᠣᠯᠳᠤᠨ | ᠬᠥᠳᠡᠯᠦᠯᠴᠡᠵᠦ ᠬᠥᠭᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠶᠢᠨ ᠶᠡᠷᠦᠩᠬᠡᠶᠢᠯᠡᠭᠰᠡᠨ ᠲᠡᠭᠡᠭᠡᠪᠦᠷᠢ ᠶᠢᠨ | ᠲᠣᠣᠷ ᠢ ᠪᠦᠷᠢᠨᠰᠢᠭᠦᠯᠦᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ | ᠪᠠᠭᠠᠰᠬᠠᠬᠤ ᠶᠢ ᠳᠤᠷᠠᠳᠤᠨ ᠭᠠᠷᠭᠠᠪᠠ᠃ | | |