ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠳᠤᠭᠤᠶᠢᠯᠠᠩ ᠤᠨ ᠤᠳᠤᠷᠢᠳᠬᠤ ᠪᠦᠷᠢᠯᠳᠦᠭᠦᠨ᠂ ᠡᠷᠬᠢᠯᠡᠭᠴᠢ ᠲᠡᠮᠦᠷᠬᠦᠦ ᠮᠠᠨ ᠤ ᠬᠤᠰᠢᠭᠤᠨ ᠳᠤ ᠢᠷᠡᠵᠦ ᠦᠨᠳᠦᠰᠦᠲᠡᠨ ᠤ ᠠᠵᠢᠯ ᠤᠨ ᠲᠤᠬᠠᠢ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2022/1/19
     1 ᠰᠠᠷ᠎ᠠ ᠶᠢᠨ 17 — 18 ᠤ ᠡᠳᠦᠷ᠂ ᠬᠦᠯᠦᠨ ᠪᠤᠶᠢᠷ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠷᠬᠢᠯᠡᠭᠴᠢ ᠲᠡᠮᠦᠷᠬᠦᠦ ᠮᠠᠨ ᠤ ᠬᠤᠰᠢᠭᠤᠨ ᠳᠤ ᠢᠷᠡᠵᠦ ᠦᠨᠳᠦᠰᠦᠲᠡᠨ ᠤ ᠠᠵᠢᠯ ᠤᠨ ᠲᠤᠬᠠᠢ ᠪᠠᠶᠢᠴᠠᠭᠠᠨ ᠰᠣᠳᠣᠯᠣᠯᠲᠠ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠯᠢ ᠵᠢᠶᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠲᠤ ᠨᠠᠷ ᠪᠠᠷ᠎ᠠ ᠪᠣᠯᠣᠯᠴᠠᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠣᠭᠳᠠᠠᠭᠤᠯᠠ ᠰᠣᠮᠣ ᠶᠢᠨ ᠭᠧᠨᠽᠢ ᠨᠡᠶᠢᠭᠡᠮ ᠲᠣᠭᠤᠷᠢᠭ᠂ ᠪᠣᠶᠢᠷ ᠰᠤᠮᠤ ᠶᠢᠨ ᠪᠤᠳᠠᠭᠠᠲᠤ ᠭᠠᠴᠠᠭ᠎ᠠ᠂ ᠬᠡᠷᠦᠯᠦᠨ ᠰᠣᠮᠣ ᠶᠢᠨ ᠬᠥᠬᠡᠦ᠋ᠨᠳᠦᠷ ᠭᠠᠴᠠᠭ᠎ᠠ᠂ ᠠᠯᠳ᠋ᠬᠠᠮᠡᠭᠡᠯ ᠪᠠᠯᠭᠠᠰᠤ ᠶᠢᠨ ᠬᠡᠷᠦᠯᠦᠨ ᠨᠡᠶᠢᠭᠡᠮ ᠲᠣᠭᠤᠷᠢᠭ ᠪᠠ ᠲᠠᠷᠭᠤᠨᠬᠤᠸᠠ ᠭᠠᠴᠠᠭ᠎ᠠ᠂ ᠳᠠᠯᠠᠢ ᠰᠣᠮᠣ ᠶᠢᠨ ᠮᠣᠭᠠᠶᠢᠲᠤ ᠨᠡᠶᠢᠭᠡᠮ ᠲᠣᠭᠤᠷᠢᠭ᠂ ᠬᠦᠯᠦᠨ ᠪᠠᠯᠭᠠᠰᠤ ᠶᠢᠨ ᠬᠦᠯᠦᠨ ᠠᠶᠢᠯ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠨ᠂ ᠡᠯ᠎ᠡ ᠭᠠᠵᠠᠷ ᠤᠨ ᠲᠥᠪ᠂ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠦᠮᠦᠵᠢᠯ ᠢ ᠪᠠᠲᠤᠳᠬᠠᠭᠰᠠᠨ ᠪᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠲᠠᠢ ᠵᠣᠯᠭᠠᠭᠤᠯᠬᠤ ᠶᠢ ᠲᠦᠯᠬᠢᠨ ᠠᠬᠢᠭᠤᠯᠬᠤ ᠨᠦᠬᠦᠪᠦᠷᠢ ᠮᠦᠩᠭᠦ ︵ᠴᠥᠭᠡᠨ ᠲᠣᠭᠠᠲᠤ ᠦᠨᠳᠦᠰᠦᠲᠡᠨ ᠢ ᠬᠦᠭᠵᠢᠭᠦᠯᠬᠦ ᠡᠭᠦᠷᠭᠡ︶ ᠶᠢᠨ ᠲᠦᠷᠦᠯ ᠵᠦᠢᠯ ᠢ ᠬᠡᠷᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠡᠷᠭᠡ ᠶᠢ ᠨᠠᠷᠢᠯᠢᠭ ᠪᠠᠶᠢᠴᠠᠭᠠᠨ ᠣᠶᠢᠯᠠᠭᠠᠪᠠ᠃ ᠡᠭᠦᠨ ᠤ ᠬᠠᠮᠲᠤ ᠲᠡᠮᠦᠷᠬᠦᠦ ᠪᠠᠰᠠ ᠤᠯᠤᠰ ᠤᠨ ᠬᠡᠦᠬᠡᠳ ᠨᠠᠷᠠᠨᠴᠢᠮᠡᠭ᠂ ᠪᠠᠲᠤᠬᠦᠦ ᠵᠢᠴᠢ ᠬᠦᠯᠦᠨ ᠠᠶᠢᠯ ᠨᠡᠶᠢᠭᠡᠮ ᠲᠣᠭᠤᠷᠢᠭ ᠤᠨ ᠬᠠᠳᠠ ᠨᠠᠷ ᠢ ᠪᠣᠯᠭᠤᠭᠠᠨ ᠲᠣᠬᠤᠨᠢᠭᠤᠯᠵᠤ᠂ ᠲᠡᠳᠡᠨ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠲᠡᠳᠡᠨᠡᠷ ᠤᠨ ᠪᠣᠳᠣᠯ ᠰᠠᠨᠠᠭ᠎ᠠ ᠵᠢᠴᠢ ᠠᠮᠢᠳᠤᠷᠠᠯ᠂ ᠪᠡᠶ᠎ᠡ ᠮᠠᠬᠠᠪᠤᠳ ᠤᠨ ᠪᠠᠶᠢᠳᠠᠯ ᠢ ᠣᠶᠢᠯᠠᠭᠠᠨ᠂ ᠠᠵᠢᠯ ᠠᠮᠢᠳᠤᠷᠠᠯ ᠳᠤᠨᠢ ᠲᠤᠯᠭᠠᠷᠠᠭᠰᠠᠨ ᠠᠰᠠᠭᠤᠳᠠᠯ ᠳᠤ ᠬᠠᠪᠰᠤᠷᠤᠯᠭ᠎ᠠ ᠳᠡᠮᠵᠢᠯᠭᠡ ᠦᠵᠡᠭᠦᠯᠬᠦ ᠶᠢ ᠬᠦᠰᠡᠭᠰᠡᠨ ᠪᠠᠶᠢᠨ᠎ᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠦᠨᠳᠦᠰᠦᠲᠡᠨ ᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ ᠦᠨᠳᠦᠰᠦᠲᠡᠨ ᠤ ᠣᠨᠣᠯ ᠲᠦᠷᠥ ᠶᠢᠨ ᠪᠣᠳᠣᠯᠭ᠎ᠠ ᠶᠢ ᠭᠦᠨᠵᠡᠭᠡᠢ ᠣᠶᠢᠯᠠᠭᠠᠨ ᠨᠠᠷᠢᠯᠢᠭ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠦᠮᠦᠵᠢᠯ ᠢ ᠪᠠᠲᠤᠳᠬᠠᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ ᠪᠠᠶᠢᠷᠢᠯᠠᠭᠤᠯᠤᠯᠲᠠ ᠪᠠ ᠱᠠᠭᠠᠷᠳᠠᠯᠭ᠎ᠠ  ᠲᠠᠢ ᠵᠣᠬᠢᠴᠠᠭᠤᠯᠤᠨ᠂ ᠦᠨᠳᠦᠰᠦᠲᠡᠨ ᠤ ᠪᠦᠯᠬᠦᠮᠳᠡᠯ ᠤᠨ ᠲᠤᠬᠠᠢ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠠᠵᠢᠯ ᠤᠨ ᠶᠡᠷᠦᠩᠬᠡᠶᠢᠯᠡᠭᠰᠡᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ ᠵᠣᠯᠭᠠᠭᠤᠯᠵᠤ᠂ ᠠᠵᠢᠯ ᠦᠢᠯᠡᠰ ᠤᠨ ᠲᠦᠷᠦᠯ ᠤᠨ ᠲᠦᠷᠦᠯ ᠵᠦᠢᠯ ᠤᠨ ᠡᠵᠡᠯᠡᠬᠦ ᠬᠠᠷᠢᠴᠠᠯ ᠢ ᠲᠠᠰᠤᠷᠠᠯᠲᠠ ᠦᠭᠡᠢ ᠨᠡᠮᠡᠭᠳᠡᠭᠦᠯᠦᠨ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃
                                                  ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号