ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 2 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/1/19
     ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠤᠨ ᠭᠠᠳᠠᠭᠠᠳᠤ ᠠᠴᠠ ᠣᠷᠣᠭᠤᠯᠤᠭᠰᠠᠨ ᠵᠢᠮᠢᠰ  ᠤᠨ ᠭᠠᠳᠠᠷᠭᠤ ᠶᠢᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢ ᠪᠠᠶᠢᠴᠠᠭᠠᠨ ᠭᠠᠷᠭᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠪᠠ ᠳᠣᠲᠣᠭᠠᠳᠤ ᠳᠠᠭᠠᠨ ᠳᠠᠬᠢᠬᠤ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡ  ᠪᠠᠷ ᠰᠡᠷᠭᠡᠶᠢᠯᠡᠬᠦ ᠱᠠᠭᠠᠷᠳᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠤᠨ᠂ ᠭᠠᠳᠠᠭᠠᠳᠤ ᠠᠴᠠ ᠣᠷᠣᠭᠤᠯᠤᠭᠰᠠᠨ ᠵᠢᠮᠢᠰ ᠠᠴᠠ ᠬᠢᠵᠢᠭ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠡᠵᠡᠮᠳᠡᠵᠦ᠂ ᠥᠷᠭᠡᠨ ᠣᠯᠠᠨ ᠲᠦᠮᠡᠨ  ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠣᠲᠣ ᠬᠤᠯᠪᠣᠭᠳᠠᠯ ᠪᠥᠬᠦᠶ ᠵᠦᠶᠯᠡᠰ  ᠢ ᠳᠣᠣᠷ᠎ᠠ ᠵᠠᠷᠯᠠᠶ᠎ᠠ᠄      ᠨᠢᠭᠡ᠂ ᠲᠣᠰ ᠡᠳᠦᠷ ᠠᠴᠠ ᠡᠬᠢᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠳᠤ ᠭᠠᠳᠠᠭᠠᠳᠤ ᠠᠴᠠ ᠵᠢᠮᠢᠰ ᠣᠷᠣᠭᠤᠯᠬᠤ ᠶᠢ ᠲᠦᠷ ᠵᠣᠭᠰᠣᠭᠠᠨ᠎ᠠ᠃ 1 ᠰᠠᠷ᠎ᠠ ᠶᠢᠨ 18 ᠤ ᠡᠳᠦᠷ ᠠᠴᠠ ᠡᠮᠦᠨ᠎ᠡ ᠮᠠᠨ ᠤ ᠬᠤᠰᠢᠭᠤᠨ ᠳᠤ ᠣᠷᠤᠭᠤᠯᠤᠭᠰᠠᠨ ᠪᠠ ᠵᠠᠮ ᠵᠠᠭᠤᠷ᠎ᠠ ᠪᠠᠨ ᠪᠠᠶᠢᠭ᠎ᠠ ᠭᠠᠳᠠᠭᠠᠳᠤ ᠠᠴᠠ ᠣᠷᠣᠭᠤᠯᠤᠭᠰᠠᠨ ᠵᠢᠮᠢᠰ ᠢ ᠬᠤᠳᠠᠯᠳᠤᠨ ᠠᠪᠤᠭᠰᠠᠨ ᠬᠤᠳᠠᠯᠳᠤᠭᠠᠨ ᠤ ᠡᠷᠦᠬᠡ ᠡᠷᠬᠡᠪᠰᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠠᠩᠰᠠᠯᠠᠭᠤᠯᠬᠤ ᠶᠢᠨ ᠬᠠᠮᠲᠤ᠂ ᠲᠥᠪᠯᠡᠷᠡᠭᠦᠯᠦᠨ ᠬᠠᠮᠢᠶᠠᠷᠬᠤ ᠮᠥᠷᠲᠡᠭᠡᠨ ᠪᠣᠷᠣᠯᠠᠭᠤᠯᠬᠤ ᠶᠢ ᠲᠦᠷ ᠵᠣᠭᠰᠣᠭᠠᠬᠤ ᠬᠡᠷᠡᠭᠲᠡᠶ᠂ ᠬᠢᠨᠠᠨ ᠪᠠᠶᠢᠴᠠᠭᠠᠵᠤ ︽ᠨᠢᠭᠡ ᠪᠠᠷᠢᠮᠲᠠ ᠭᠤᠷᠪᠠᠨ ᠭᠡᠷᠡᠴᠢ︾ ︵ᠪᠣᠭᠤᠮᠲᠠ ᠳᠤ ᠮᠡᠳᠡᠭᠦᠯᠬᠦ ᠬᠠᠭᠤᠳᠠᠰᠤ᠂ ᠬᠢᠯᠢ ᠪᠠᠷ ᠣᠷᠣᠬᠤ ᠪᠠᠷᠠᠭ᠎ᠠ ᠶᠢ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠭᠰᠠᠨ ᠭᠡᠷᠡᠴᠢ᠂ ᠰᠡᠷᠭᠡᠶᠢᠯᠡᠬᠦ ᠴᠢᠨᠠᠷᠲᠠᠶ ᠠᠷᠢᠭᠤᠳᠬᠠᠬᠤ ᠭᠡᠷᠡᠴᠢ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠭᠡᠷᠡᠴᠢ︶ ᠨᠢ ᠪᠦᠷᠢᠨ ᠭᠦᠶᠴᠡᠳ ᠪᠠᠶᠢᠳᠠᠯ ᠳᠣᠤᠷ᠎ᠠ᠂ ᠪᠠᠷᠠᠭ᠎ᠠ ᠣᠷᠣᠭᠤᠯᠬᠤ ᠬᠤᠳᠠᠯᠳᠤᠭᠠᠴᠢᠨ ᠲᠤᠰᠬᠠᠶ ᠠᠷᠢᠭᠤᠳᠬᠠᠬᠤ ᠪᠠᠶᠢᠭᠤᠯᠤᠮᠵᠢ ᠶᠢ ᠤᠷᠢᠵᠤ ᠱᠠᠭᠠᠷᠳᠠᠯᠭ᠎ᠠ ᠶᠣᠰᠣᠭᠠᠷ ᠠᠷᠢᠭᠤᠳᠬᠠᠬᠤ ᠠᠵᠢᠯ ᠬᠢᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠰᠠᠯᠠᠭ᠎ᠠ ᠮᠥᠴᠢᠷ ᠭᠠᠳᠠᠭᠠᠳᠤ ᠠᠴᠠ ᠣᠷᠣᠭᠤᠯᠤᠭᠰᠠᠨ ᠵᠢᠮᠢᠰ ᠡᠵᠡᠩᠨᠡᠬᠦ ᠡᠷᠦᠬᠡ ᠶᠢ ᠲᠤᠬᠠᠶ ᠶᠢᠨ ᠭᠠᠵᠠᠷ ᠲᠤᠨᠢ ᠰᠢᠯᠭᠠᠨ ᠬᠤᠷᠢᠶᠠᠨ ᠠᠪᠬᠤ ᠶᠢᠨ ᠬᠠᠮᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠲᠤᠷᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯᠤᠭᠰᠠᠨ ᠤ ᠳᠠᠷᠠᠭ᠎ᠠ ᠰᠠᠶ᠋ᠢ ᠪᠣᠷᠣᠯᠠᠭᠤᠯᠵᠤ ᠪᠣᠯᠤᠨ᠎ᠠ᠃      ᠬᠤᠶᠠᠷ᠂ ᠭᠠᠳᠠᠭᠠᠳᠤ ᠠᠴᠠ ᠡᠰᠡ ᠣᠷᠣᠭᠤᠯᠤᠭᠰᠠᠨ ᠵᠢᠮᠢᠰ ᠤᠨ ᠡᠵᠡᠩᠨᠡᠯᠲᠡ ᠶᠢᠨ ᠡᠷᠦᠬᠡ ᠴᠦ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠡᠳᠦᠷ ᠲᠤᠲᠤᠮ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠭᠤᠤᠯᠳᠠᠯᠭ᠎ᠠ  ᠲᠠᠢ ᠣᠷᠴᠢᠨ ᠲᠣᠭᠤᠷᠢᠨ ᠢ ᠪᠠᠶᠢᠴᠠᠭᠠᠬᠤ ᠴᠢᠬᠤᠯᠠᠲᠠᠶ ᠪᠣᠯ ᠪᠦᠬᠦᠨ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠡᠵᠡᠩᠨᠡᠯᠲᠡ ᠶᠢᠨ ᠬᠤᠭᠤᠴᠠᠭᠠᠨ ᠳᠤ ᠠᠷᠢᠭᠤᠳᠬᠠᠬᠤ᠂ ᠰᠠᠯᠬᠢ ᠨᠡᠪᠲᠡᠷᠡᠭᠦᠯᠬᠦ᠂ ᠳᠤᠯᠠᠭᠠᠨ ᠢ ᠬᠡᠮᠵᠢᠬᠦ᠂ ᠺᠣᠳ᠋ ᠰᠢᠷᠪᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃      ᠭᠤᠷᠪᠠ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠡᠷᠪᠡ ᠬᠤᠪᠢ ᠪᠠᠷ ᠢᠶᠠᠨ ᠭᠠᠳᠠᠭᠠᠳᠤ ᠠᠴᠠ ᠣᠷᠣᠭᠤᠯᠤᠭᠰᠠᠨ ᠵᠢᠮᠢᠰ ᠢ ᠡᠵᠡᠩᠨᠡᠭᠰᠡᠨ ᠠᠴᠠ ᠪᠣᠯᠵᠣ ᠬᠢᠵᠢᠭ ᠲᠠᠷᠬᠠᠬᠤ ᠳᠤ ᠭᠦᠷᠪᠡᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠠᠵᠤ ᠠᠬᠤᠶᠢᠯᠠᠯ ᠤᠨ ᠭᠤᠤᠯ ᠴᠣᠭᠴᠠ ᠵᠢᠴᠢ ᠬᠠᠮᠢᠶ᠎ᠠ ᠪᠥᠬᠦᠶ ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃                ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                            2022 ᠣᠨ ᠤ 1 ᠰᠠᠷ᠎ᠠ ᠶᠢᠨ 18 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号