ᠮᠠᠨ ᠤ ᠬᠤᠰᠢᠭᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠦᠢᠳᠭᠡᠯ ᠬᠤᠷᠢᠶᠠᠬᠤ ᠦᠬᠡᠢ ᠮᠥᠰᠥᠨ ᠲᠠᠯᠠᠪᠠᠶ ᠨᠡᠭᠡᠭᠡᠪᠡ
ᠨᠡᠶᠢᠲᠡᠯᠡᠭᠰᠡᠨ ᠴᠠᠭ᠄
2022/1/19
    ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠴᠤᠭᠯᠠᠭᠠᠨ ᠢ ᠤᠭᠲᠤᠵᠤ᠂ ᠪᠡᠶ᠎ᠡ ᠶᠢᠨ ᠲᠠᠮᠢᠷ ᠢᠶᠠᠷ ᠠᠷᠠᠳ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠤᠯᠠᠮ ᠴᠢᠨᠠᠭᠰᠢᠳᠠ ᠨᠠᠶᠢᠳᠠᠪᠦᠷᠢᠵᠢᠭᠤᠯᠤᠨ᠂ ᠮᠠᠨ ᠤ ᠬᠤᠰᠢᠭᠤᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠯᠳ᠋ᠬᠠᠮᠡᠭᠡᠯ ᠪᠠᠯᠭᠠᠰᠦ ᠶᠢᠨ ᠣᠯᠠᠨ ᠴᠢᠳᠠᠮᠵᠢᠲᠤ ᠪᠡᠶ᠎ᠡ ᠴᠢᠭᠢᠷᠠᠭᠵᠢᠭᠤᠯᠬᠤ ᠣᠷᠳᠣᠨ ᠤ ᠪᠡᠶ᠎ᠡ ᠶᠢᠨ ᠲᠠᠮᠢᠷ ᠤᠨ ᠲᠠᠯᠠᠪᠠᠶ ᠳᠤ ᠰᠦᠢᠳᠬᠡᠯ ᠬᠤᠷᠢᠶᠠᠬᠤ ᠦᠭᠡᠢ ᠠᠷᠠᠳ ᠢ ᠬᠠᠷᠠᠭᠠᠯᠵᠠᠬᠤ ᠮᠥᠰᠥᠨ ᠳᠠᠯᠠᠪᠠᠢ ᠨᠡᠭᠡᠭᠡᠪᠡ᠃
   
     ᠲᠤᠰ ᠮᠦᠰᠦᠨ ᠲᠠᠯᠠᠪᠠᠢ ᠶᠢ ᠠᠯᠳ᠋ᠬᠠᠮᠡᠭᠡᠯ ᠪᠠᠯᠭᠠᠰᠦ ᠶᠢᠨ ᠤᠯᠠᠨ ᠴᠢᠳᠠᠮᠵᠢᠲᠤ ᠪᠡᠶ᠎ᠡ ᠴᠢᠭᠢᠷᠠᠭᠵᠢᠭᠤᠯᠬᠤ ᠣᠷᠳᠣᠨ ᠤ ᠲᠠᠮᠢᠷ ᠤᠨ ᠲᠠᠯᠠᠪᠠᠢ ᠳᠤ ᠪᠠᠶᠢᠭᠤᠯᠵᠤ᠂ ᠠᠮᠤᠷ ᠲᠦᠪᠰᠢᠨ ᠢ ᠪᠠᠳᠤᠯᠠᠭᠰᠠᠨ ᠰᠠᠭᠤᠷᠢᠨ ᠳᠡᠭᠡᠷ᠎ᠡ᠂ ᠪᠦᠬᠦ ᠬᠤᠰᠢᠭᠤᠨ ᠤ ᠰᠠᠭᠤᠭᠠᠯᠢ ᠠᠷᠠᠳ ᠲᠤ ᠲᠦᠷᠭᠡᠨ ᠲᠡᠰᠢᠯᠲᠡ᠂ ᠮᠥᠰᠥᠨ ᠪᠥᠮᠪᠦᠭᠡ ᠵᠡᠷᠭᠡ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠡᠶᠡᠴᠢᠯᠡᠨ ᠣᠶᠢᠯᠠᠭᠠᠯᠲᠠ ᠶᠢ ᠬᠠᠩᠭᠠᠨ᠎ᠠ᠃ ᠡᠭᠦᠨ ᠤ ᠬᠠᠮᠲᠤ ᠠᠷᠠᠳ ᠢ ᠬᠠᠷᠠᠭᠠᠯᠵᠠᠬᠤ ᠮᠥᠰᠥᠨ ᠲᠠᠯᠠᠪᠠᠶ ᠨᠢ ᠪᠥᠬᠦ ᠬᠤᠰᠢᠭᠤᠨ ᠤ ᠰᠠᠭᠤᠭᠠᠯᠢ ᠠᠷᠠᠳ ᠲᠤ ᠦᠨ᠎ᠡ ᠲᠥᠯᠥᠪᠦᠷᠢ ᠦᠭᠡᠢ ᠪᠠᠷ ᠲᠣᠨᠤᠭ ᠲᠥᠬᠦᠭᠡᠷᠦᠮᠵᠢ ᠰᠤᠯᠢᠬᠤ ᠳᠠᠯᠠᠪᠠᠢ ᠶᠢ ᠬᠠᠩᠭᠠᠨ ᠥᠭᠭᠦᠨ᠎ᠡ᠃ ᠠᠷᠠᠳ ᠢ ᠬᠠᠷᠠᠭᠠᠯᠵᠠᠬᠤ ᠮᠥᠰᠥᠨ ᠲᠠᠯᠠᠪᠠᠶ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠺᠣᠳ᠋ ᠰᠢᠷᠪᠢᠬᠦ᠂ ᠠᠮᠠᠪᠴᠢ ᠵᠡᠭᠦᠬᠦ᠂ ᠬᠥᠮᠥᠨ ᠤ ᠤᠷᠤᠰᠬᠠᠯ ᠢ ᠬᠢᠵᠠᠭᠠᠷᠯᠠᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠳᠤ ᠣᠷᠤᠯᠴᠠᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号