ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠤᠨ ᠭᠠᠳᠠᠭᠠᠳᠤ ᠠᠴᠠ ᠣᠷᠣᠭᠤᠯᠤᠭᠰᠠᠨ ᠵᠢᠮᠢᠰ | ᠤᠨ ᠭᠠᠳᠠᠷᠭᠤ ᠶᠢᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢ | ᠪᠠᠶᠢᠴᠠᠭᠠᠨ ᠭᠠᠷᠭᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠪᠠ ᠳᠣᠲᠣᠭᠠᠳᠤ ᠳᠠᠭᠠᠨ ᠳᠠᠬᠢᠬᠤ ᠶᠢ | ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡ | ᠪᠠᠷ ᠰᠡᠷᠭᠡᠶᠢᠯᠡᠬᠦ ᠱᠠᠭᠠᠷᠳᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠤᠨ᠂ ᠭᠠᠳᠠᠭᠠᠳᠤ ᠠᠴᠠ ᠣᠷᠣᠭᠤᠯᠤᠭᠰᠠᠨ | ᠵᠢᠮᠢᠰ ᠠᠴᠠ ᠬᠢᠵᠢᠭ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠡᠵᠡᠮᠳᠡᠵᠦ᠂ ᠥᠷᠭᠡᠨ ᠣᠯᠠᠨ ᠲᠦᠮᠡᠨ | ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ | ᠲᠥᠯᠥᠭᠡ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠣᠲᠣ ᠬᠤᠯᠪᠣᠭᠳᠠᠯ ᠪᠥᠬᠦᠶ ᠵᠦᠶᠯᠡᠰ | ᠢ ᠳᠣᠣᠷ᠎ᠠ ᠵᠠᠷᠯᠠᠶ᠎ᠠ᠄ | ᠨᠢᠭᠡ᠂ ᠲᠣᠰ ᠡᠳᠦᠷ ᠠᠴᠠ ᠡᠬᠢᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠳᠤ ᠭᠠᠳᠠᠭᠠᠳᠤ ᠠᠴᠠ ᠵᠢᠮᠢᠰ | ᠣᠷᠣᠭᠤᠯᠬᠤ ᠶᠢ ᠲᠦᠷ ᠵᠣᠭᠰᠣᠭᠠᠨ᠎ᠠ᠃ 1 ᠰᠠᠷ᠎ᠠ ᠶᠢᠨ 18 ᠤ ᠡᠳᠦᠷ ᠠᠴᠠ ᠡᠮᠦᠨ᠎ᠡ ᠮᠠᠨ ᠤ ᠬᠤᠰᠢᠭᠤᠨ ᠳᠤ | ᠣᠷᠤᠭᠤᠯᠤᠭᠰᠠᠨ ᠪᠠ ᠵᠠᠮ ᠵᠠᠭᠤᠷ᠎ᠠ ᠪᠠᠨ ᠪᠠᠶᠢᠭ᠎ᠠ ᠭᠠᠳᠠᠭᠠᠳᠤ ᠠᠴᠠ ᠣᠷᠣᠭᠤᠯᠤᠭᠰᠠᠨ ᠵᠢᠮᠢᠰ ᠢ ᠬᠤᠳᠠᠯᠳᠤᠨ | ᠠᠪᠤᠭᠰᠠᠨ ᠬᠤᠳᠠᠯᠳᠤᠭᠠᠨ ᠤ ᠡᠷᠦᠬᠡ ᠡᠷᠬᠡᠪᠰᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠳᠤ ᠳᠠᠩᠰᠠᠯᠠᠭᠤᠯᠬᠤ ᠶᠢᠨ ᠬᠠᠮᠲᠤ᠂ ᠲᠥᠪᠯᠡᠷᠡᠭᠦᠯᠦᠨ ᠬᠠᠮᠢᠶᠠᠷᠬᠤ ᠮᠥᠷᠲᠡᠭᠡᠨ ᠪᠣᠷᠣᠯᠠᠭᠤᠯᠬᠤ ᠶᠢ ᠲᠦᠷ | ᠵᠣᠭᠰᠣᠭᠠᠬᠤ ᠬᠡᠷᠡᠭᠲᠡᠶ᠂ ᠬᠢᠨᠠᠨ ᠪᠠᠶᠢᠴᠠᠭᠠᠵᠤ ︽ᠨᠢᠭᠡ ᠪᠠᠷᠢᠮᠲᠠ ᠭᠤᠷᠪᠠᠨ ᠭᠡᠷᠡᠴᠢ︾ ︵ᠪᠣᠭᠤᠮᠲᠠ ᠳᠤ ᠮᠡᠳᠡᠭᠦᠯᠬᠦ | ᠬᠠᠭᠤᠳᠠᠰᠤ᠂ ᠬᠢᠯᠢ ᠪᠠᠷ ᠣᠷᠣᠬᠤ ᠪᠠᠷᠠᠭ᠎ᠠ ᠶᠢ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠭᠰᠠᠨ ᠭᠡᠷᠡᠴᠢ᠂ ᠰᠡᠷᠭᠡᠶᠢᠯᠡᠬᠦ | ᠴᠢᠨᠠᠷᠲᠠᠶ ᠠᠷᠢᠭᠤᠳᠬᠠᠬᠤ ᠭᠡᠷᠡᠴᠢ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠭᠡᠷᠡᠴᠢ︶ ᠨᠢ ᠪᠦᠷᠢᠨ | ᠭᠦᠶᠴᠡᠳ ᠪᠠᠶᠢᠳᠠᠯ ᠳᠣᠤᠷ᠎ᠠ᠂ ᠪᠠᠷᠠᠭ᠎ᠠ ᠣᠷᠣᠭᠤᠯᠬᠤ ᠬᠤᠳᠠᠯᠳᠤᠭᠠᠴᠢᠨ ᠲᠤᠰᠬᠠᠶ ᠠᠷᠢᠭᠤᠳᠬᠠᠬᠤ ᠪᠠᠶᠢᠭᠤᠯᠤᠮᠵᠢ ᠶᠢ | ᠤᠷᠢᠵᠤ ᠱᠠᠭᠠᠷᠳᠠᠯᠭ᠎ᠠ ᠶᠣᠰᠣᠭᠠᠷ ᠠᠷᠢᠭᠤᠳᠬᠠᠬᠤ ᠠᠵᠢᠯ ᠬᠢᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠶᠢᠨ ᠰᠠᠯᠠᠭ᠎ᠠ ᠮᠥᠴᠢᠷ ᠭᠠᠳᠠᠭᠠᠳᠤ ᠠᠴᠠ ᠣᠷᠣᠭᠤᠯᠤᠭᠰᠠᠨ ᠵᠢᠮᠢᠰ ᠡᠵᠡᠩᠨᠡᠬᠦ ᠡᠷᠦᠬᠡ ᠶᠢ ᠲᠤᠬᠠᠶ ᠶᠢᠨ ᠭᠠᠵᠠᠷ ᠲᠤᠨᠢ | ᠰᠢᠯᠭᠠᠨ ᠬᠤᠷᠢᠶᠠᠨ ᠠᠪᠬᠤ ᠶᠢᠨ ᠬᠠᠮᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ | ᠬᠠᠮᠲᠤᠷᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ | ᠦᠷ᠎ᠡ ᠳ᠋ᠦᠩ ᠨᠢ ᠪᠢᠯᠢᠭ ᠴᠢᠨᠠᠷ ᠲᠠᠢ ᠪᠣᠯᠤᠭᠰᠠᠨ ᠤ ᠳᠠᠷᠠᠭ᠎ᠠ ᠰᠠᠶ᠋ᠢ ᠪᠣᠷᠣᠯᠠᠭᠤᠯᠵᠤ ᠪᠣᠯᠤᠨ᠎ᠠ᠃ | ᠬᠤᠶᠠᠷ᠂ ᠭᠠᠳᠠᠭᠠᠳᠤ ᠠᠴᠠ ᠡᠰᠡ ᠣᠷᠣᠭᠤᠯᠤᠭᠰᠠᠨ ᠵᠢᠮᠢᠰ ᠤᠨ ᠡᠵᠡᠩᠨᠡᠯᠲᠡ ᠶᠢᠨ ᠡᠷᠦᠬᠡ ᠴᠦ ᠬᠠᠮᠢᠶ᠎ᠠ | ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠡᠳᠦᠷ ᠲᠤᠲᠤᠮ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠭᠤᠤᠯᠳᠠᠯᠭ᠎ᠠ | ᠲᠠᠢ ᠣᠷᠴᠢᠨ ᠲᠣᠭᠤᠷᠢᠨ ᠢ ᠪᠠᠶᠢᠴᠠᠭᠠᠬᠤ ᠴᠢᠬᠤᠯᠠᠲᠠᠶ ᠪᠣᠯ ᠪᠦᠬᠦᠨ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ | ᠡᠵᠡᠩᠨᠡᠯᠲᠡ ᠶᠢᠨ ᠬᠤᠭᠤᠴᠠᠭᠠᠨ ᠳᠤ ᠠᠷᠢᠭᠤᠳᠬᠠᠬᠤ᠂ ᠰᠠᠯᠬᠢ ᠨᠡᠪᠲᠡᠷᠡᠭᠦᠯᠬᠦ᠂ ᠳᠤᠯᠠᠭᠠᠨ ᠢ ᠬᠡᠮᠵᠢᠬᠦ᠂ ᠺᠣᠳ᠋ ᠰᠢᠷᠪᠢᠬᠦ | ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ᠭᠤᠷᠪᠠ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠡᠷᠪᠡ ᠬᠤᠪᠢ ᠪᠠᠷ ᠢᠶᠠᠨ ᠭᠠᠳᠠᠭᠠᠳᠤ ᠠᠴᠠ | ᠣᠷᠣᠭᠤᠯᠤᠭᠰᠠᠨ ᠵᠢᠮᠢᠰ ᠢ ᠡᠵᠡᠩᠨᠡᠭᠰᠡᠨ ᠠᠴᠠ ᠪᠣᠯᠵᠣ ᠬᠢᠵᠢᠭ ᠲᠠᠷᠬᠠᠬᠤ ᠳᠤ ᠭᠦᠷᠪᠡᠯ᠂ ᠴᠢᠩᠭ᠎ᠠ ᠬᠠᠷᠢᠭᠤᠴᠠᠯᠭ᠎ᠠ | ᠨᠡᠬᠡᠮᠵᠢᠯᠡᠵᠦ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠠᠵᠤ ᠠᠬᠤᠶᠢᠯᠠᠯ ᠤᠨ ᠭᠤᠤᠯ ᠴᠣᠭᠴᠠ ᠵᠢᠴᠢ | ᠬᠠᠮᠢᠶ᠎ᠠ ᠪᠥᠬᠦᠶ ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 1 ᠰᠠᠷ᠎ᠠ ᠶᠢᠨ 18 ᠤ ᠡᠳᠦᠷ | | |