ᠪᠥᠬᠡᠪᠠᠶᠠᠷ ᠨᠢᠭᠡᠳᠦᠭᠡᠷ ᠤᠯᠠᠷᠢᠯ ᠤᠨ ︽ᠲᠣᠭᠲᠠᠭᠤᠨ ᠢᠶᠠᠷ ᠡᠬᠢᠯᠡᠭᠦᠯᠬᠦ︾ ︽ᠠᠮᠵᠢᠯᠲᠠ ᠲᠠᠢ ᠡᠬᠢᠯᠡᠭᠦᠯᠬᠦ︾ ᠶᠢ ᠴᠢᠷᠮᠠᠶᠢᠨ ᠪᠡᠶᠡᠯᠡᠭᠦᠯᠬᠦ ᠠᠵᠢᠯ ᠤᠨ ᠳᠠᠶᠢᠴᠢᠯᠠᠨ ᠪᠠᠶᠢᠷᠢᠯᠠᠭᠤᠯᠬᠤ ᠬᠤᠷᠠᠯ ᠵᠢᠴᠢ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/26
     1 ᠰᠠᠷ᠎ᠠ ᠶᠢᠨ 25 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠨᠢᠭᠡᠳᠦᠭᠡᠷ ᠤᠯᠠᠷᠢᠯ ᠤᠨ ︽ᠲᠣᠭᠲᠠᠭᠤᠨ ᠢᠶᠠᠷ ᠡᠬᠢᠯᠡᠭᠦᠯᠬᠦ︾ ︽ᠠᠮᠵᠢᠯᠲᠠ ᠲᠠᠢ ᠡᠬᠢᠯᠡᠭᠦᠯᠬᠦ︾ ᠶᠢ ᠴᠢᠷᠮᠠᠶᠢᠨ ᠪᠡᠶᠡᠯᠡᠭᠦᠯᠬᠦ ᠠᠵᠢᠯ ᠤᠨ ᠳᠠᠶᠢᠴᠢᠯᠠᠨ ᠪᠠᠶᠢᠷᠢᠯᠠᠭᠤᠯᠬᠤ ᠬᠤᠷᠠᠯ ᠵᠢᠴᠢ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠴᠠᠩ ᠴᠢᠩ᠂ ᠳᠠᠰᠢᠵᠠᠮᠰᠤ᠂ ᠵᠢᠶᠠ ᡁᠢ ᠺᠦᠢ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃      ᠨᠢᠭᠡᠳᠦᠭᠡᠷ ᠤᠯᠠᠷᠢᠯ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠭᠦᠨᠵᠡᠭᠡᠢ ᠰᠠᠶᠢᠲᠤᠷ ᠠᠳᠬᠤᠬᠤ ᠲᠤᠬᠠᠢ ᠪᠥᠬᠡᠪᠠᠶᠠᠷ᠂ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠤᠢ᠂ ᠤᠯᠠᠨ ᠢᠶᠠᠷ ᠢᠶᠠᠨ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ︽ᠲᠣᠭᠲᠠᠭᠤᠨ ᠢᠶᠠᠷ ᠡᠬᠢᠯᠡᠭᠦᠯᠬᠦ︾ ︽ᠠᠮᠵᠢᠯᠲᠠ ᠲᠠᠢ ᠡᠬᠢᠯᠡᠭᠦᠯᠬᠦ︾ ᠶᠢ ᠪᠠᠲᠤᠯᠠᠵᠤ᠂ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ᠲᠡᠷᠡ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠬᠤ ᠨᠢ ᠴᠢᠬᠤᠯᠠ ᠤᠯᠤᠰ ᠲᠥᠷᠥ ᠶᠢᠨ ᠠᠴᠢ ᠬᠤᠯᠪᠣᠭᠳᠠᠯ ᠲᠠᠢ ᠶᠤᠮ᠂ ᠠᠵᠤ ᠠᠬᠤᠢ ᠶᠢᠨ ᠬᠥᠭᠵᠢᠯᠲᠡ ᠶᠢᠨ ᠪᠥᠬᠦ ᠵᠢᠯ ᠤᠨ ᠲᠣᠭᠲᠠᠭᠤᠨ᠂ ᠤᠯᠠᠷᠢᠯ ᠤᠨ ᠲᠣᠭᠲᠠᠭᠤᠨ᠂ ᠰᠠᠷ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠪᠣᠯ ᠮᠠᠨ ᠤ ᠡᠷᠬᠡᠪᠰᠢ ᠪᠡᠶᠡᠯᠡᠭᠦᠯᠬᠦ ᠴᠢᠬᠤᠯᠠᠲᠠᠢ ᠤᠯᠤᠰ ᠲᠥᠷᠥ ᠶᠢᠨ ᠡᠭᠦᠷᠭᠡ ᠮᠥᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠥᠭᠵᠢᠯᠲᠡ ᠶᠢ ᠠᠬᠢᠭᠤᠯᠬᠤ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤᠳᠬᠠᠨ᠂ ᠨᠢᠭᠡᠳᠦᠭᠡᠷ ᠤᠯᠠᠷᠢᠯ ᠤᠨ ︽ᠲᠣᠭᠲᠠᠭᠤᠨ ᠢᠶᠠᠷ ᠡᠬᠢᠯᠡᠭᠦᠯᠬᠦ︾ ᠶᠢ ᠣᠳᠣᠬᠠᠨ ᠤ ᠲᠡᠷᠢᠭᠦᠨ ᠡᠭᠦᠷᠭᠡ ᠪᠣᠯᠭᠠᠵᠤ᠂ ᠬᠦᠴᠦ ᠰᠡᠳᠬᠢᠯ ᠨᠢᠭᠡᠳᠦᠨ᠂ ᠪᠥᠬᠦ ᠬᠦᠴᠦᠨ ᠢᠶᠠᠷ ᠢᠶᠠᠨ ᠴᠢᠷᠮᠠᠶᠢᠵᠤ ︽ᠠᠮᠵᠢᠯᠲᠠ ᠲᠠᠢ ᠡᠬᠢᠯᠡᠭᠦᠯᠬᠦ︾ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠪᠦᠬᠦ ᠵᠢᠯ ᠤᠨ ᠠᠵᠢᠯ ᠳᠤ ᠬᠠᠷᠢᠴᠠᠯᠠᠰᠢ ᠦᠭᠡᠢ ᠰᠠᠨᠠᠭᠠᠴᠢᠯᠠᠭ᠎ᠠ ᠲᠠᠢ ᠪᠠᠶᠢᠬᠤ ᠬᠡᠷᠡᠭᠲᠡᠢ ᠭᠡᠵᠡᠢ᠃      ᠲᠡᠷᠡ ᠱᠠᠭᠠᠷᠳᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠴᠢᠩᠭᠠᠳᠬᠠᠨ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠰᠤᠷᠲᠠᠯ ᠢ ᠦᠨᠡᠨᠬᠦ ᠬᠤᠪᠢᠷᠠᠭᠤᠯᠵᠤ᠂ ᠡᠷᠴᠢ ᠵᠣᠷᠢᠭ ᠢᠶᠠᠨ ᠴᠠᠭ ᠢᠮᠠᠭᠲᠠ ᠭᠦᠢᠴᠡᠳ ᠪᠠᠳᠠᠷᠠᠭᠤᠯᠵᠤ᠂ ᠬᠥᠭᠵᠢᠯᠲᠡ ᠶᠢ ᠲᠦᠷᠭᠡᠳᠬᠡᠬᠦ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠤᠨ ᠰᠤᠷᠲᠠᠯ ᠤᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠷᠡᠭᠦᠯ ᠢᠶᠠᠷ ᠬᠥᠭᠵᠢᠬᠦ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠠᠳᠠᠭᠠᠯᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ ᠴᠠᠩ ᠴᠢᠩ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ ᠬᠤᠰᠢᠭᠤ ᠮᠥᠨ ᠬᠦ ᠲᠡᠦᠬᠡᠲᠦ ᠴᠢᠨᠠᠷᠲᠠᠢ ᠴᠣᠩᠬᠤᠪᠴᠢ ᠬᠤᠭᠤᠴᠠᠭ᠎ᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠤᠮᠠᠷᠠᠰᠢ ᠨᠡᠭᠡᠭᠡᠯᠲᠡ ᠬᠢᠬᠦ ᠵᠡᠷᠭᠡ ᠨᠢᠭᠡ ᠪᠦᠯᠦᠭ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠳᠠᠪᠬᠤᠴᠠᠨ ᠢᠯᠡᠷᠡᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ᠂ ᠬᠢᠯᠢ ᠶᠢᠨ ᠪᠣᠭᠤᠮᠲᠠ ᠶᠢ ᠵᠢᠯ ᠲᠤᠷᠰᠢᠳᠠ ᠨᠡᠭᠡᠬᠡᠬᠦ᠂ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠵᠡᠷᠭᠡ ᠬᠥᠭᠵᠢᠯᠲᠡ ᠶᠢᠨ ᠳᠣᠲᠣᠭᠠᠳᠤ ᠬᠥᠳᠡᠯᠭᠡᠭᠦ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠠᠯᠢ ᠣᠯᠠᠨ ᠠᠰᠢᠭᠲᠠᠢ ᠲᠥᠷᠥ ᠶᠢᠨ ᠪᠣᠳᠣᠯᠭ᠎ᠠ ᠨᠢ ᠮᠠᠨ ᠤ ᠬᠤᠰᠢᠭᠤᠨ ᠤ ᠬᠥᠭᠵᠢᠯᠲᠡ ᠳᠤ ᠰᠢᠨ᠎ᠡ ᠠᠵᠠ ᠲᠣᠬᠢᠶᠠᠯ ᠣᠯᠭᠤᠭᠰᠠᠨ ᠪᠠᠶᠢᠨ᠎ᠠ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠬᠤᠰᠢᠭᠤᠨ ᠤ ᠡᠨᠡ ᠵᠢᠯ ᠤᠨ ᠭᠤᠣᠯᠳᠠᠯᠭ᠎ᠠ ᠲᠠᠢ ᠠᠵᠢᠯ ᠵᠢᠴᠢ ᠭᠤᠣᠯᠳᠠᠯᠭ᠎ᠠ ᠲᠠᠢ ᠡᠭᠦᠷᠭᠡ ᠬᠠᠷᠠᠯᠲᠠ ᠶᠢᠨ ᠲᠣᠭᠤᠷᠢᠨ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠮᠢᠶ᠎ᠠ ᠪᠦᠬᠦᠢ ᠬᠤᠷᠠᠯ ᠠᠴᠠ ᠭᠠᠷᠭᠠᠭᠰᠠᠨ ᠬᠥᠭᠵᠢᠯᠲᠡ ᠶᠢᠨ ᠤᠳᠤᠷᠢᠳᠤᠮᠵᠢ ᠪᠠ ᠲᠥᠷᠥ ᠶᠢᠨ ᠪᠣᠳᠣᠯᠭ᠎ᠠ ᠶᠢᠨ ᠴᠢᠭᠯᠡᠯ ᠢ ᠨᠠᠷᠢᠨ ᠬᠢᠨᠠᠮᠠᠭᠠᠢ ᠰᠤᠳᠤᠯᠵᠤ᠂ ᠳᠡᠭᠡᠳᠦ ᠱᠠᠲᠤᠨ ᠤ ᠲᠣᠭᠲᠠᠭᠤᠨ ᠢᠶᠠᠷ ᠨᠡᠮᠡᠭᠳᠡᠭᠦᠯᠬᠦ᠂ ᠬᠥᠭᠵᠢᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠨ᠂ ᠪᠠᠶᠢᠳᠠᠯ ᠢ ᠠᠰᠢᠭᠯᠠᠨ ᠬᠦᠴᠦᠯᠡᠨ᠂ ᠪᠠᠶᠢᠳᠠᠯ ᠢ ᠠᠮᠵᠢᠨ ᠤᠷᠤᠭᠰᠢᠯᠠᠵᠤ᠂ ᠡᠯ᠎ᠡ ᠵᠦᠢᠯ ᠤᠨ ᠳᠡᠮᠵᠢᠯᠭᠡ ᠪᠠ ᠪᠠᠲᠤᠯᠠᠭ᠎ᠠ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃      ᠴᠠᠩ ᠴᠢᠩ ᠪᠠᠰᠠ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ᠲᠢᠶᠠᠨ ᠹᠧᠩ ᠯᠢᠨ 2022 ᠣᠨ ᠤ ᠨᠢᠭᠡᠳᠦᠭᠡᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠯᠲᠡ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号