ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2022/1/26
     ︵2022 ᠣᠨ ᠤ 1 ᠰᠠᠷ᠎ᠠ ᠶᠢᠨ 20 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ 2022 ᠣᠨ ᠤ 1 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠲᠤᠰ ᠤᠳᠠᠭ᠎ᠠ ᠶᠢᠨ ᠪᠦᠭᠦᠳᠡ ᠬᠤᠷᠠᠯ ᠳᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ 125 ᠬᠦᠮᠦᠨ ᠣᠷᠣᠯᠴᠠᠵᠤ᠂ 242 ᠬᠥᠮᠦᠨ ᠰᠤᠯᠠ ᠣᠷᠣᠯᠴᠠᠪᠠ᠃      ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠦᠭᠦᠳᠡ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠶ᠃ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠦᠰ ᠬᠤᠷᠠᠯ ᠳᠤ ᠣᠷᠣᠯᠴᠠᠪᠠ᠃      ᠪᠦᠬᠦᠳᠡ ᠬᠤᠷᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2021 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ᠂ 2022 ᠣᠨ ᠤ ᠡᠭᠦᠷᠭᠡ ᠶᠢ ᠪᠠᠶᠢᠷᠢᠯᠠᠭᠤᠯᠵᠤ᠂ ᠵᠤᠤ ᠯᠧ ᠵᠶᠢ ᠨᠥᠬᠦᠷ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠠ ᠠᠴᠠ ᠬᠢᠭᠰᠡᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃      ᠪᠥᠬᠦᠳᠡ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠶ ᠰᠤᠷᠤᠯᠴᠠᠵᠤ ᠭᠦᠨᠵᠡᠭᠡᠶ ᠡᠵᠡᠮᠰᠢᠪᠡ᠃ ᠤᠯᠠᠨ ᠢᠶᠠᠷ ᠢᠶᠠᠨ᠂ ᠶᠠᠷᠢᠶ᠎ᠠ ᠨᠢ ᠰᠢᠨ᠎ᠡ ᠴᠠᠭ ᠦᠶ᠎ᠡ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠠᠮᠵᠢᠯᠲᠠ ᠲᠠᠢ ᠦᠢᠯᠡᠳᠦᠯᠭᠡ ᠶᠢ ᠭᠦᠨᠵᠡᠭᠡᠢ ᠳ᠋ᠦᠩᠨᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠠᠳ ᠣᠯᠤᠭᠰᠠᠨ ᠲᠡᠦᠬᠡᠲᠦ ᠴᠢᠨᠠᠷᠲᠠᠢ᠂ ᠪᠦᠲᠦᠭᠡᠯᠴᠢ ᠴᠢᠨᠠᠷᠲᠠᠢ ᠠᠮᠵᠢᠯᠲᠠ᠂ ᠪᠤᠢ ᠪᠣᠯᠤᠭᠰᠠᠨ ᠪᠦᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠨᠥᠯᠥᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠶᠠᠷᠢᠶ᠎ᠠ ᠨᠢ ᠠᠯᠤᠰ ᠬᠡᠳᠦ ᠶᠢᠨ ᠤᠳᠭ᠋᠎ᠠ ᠰᠠᠨᠠᠭ᠎ᠠ ᠲᠠᠢ᠂ ᠭᠦᠨ ᠭᠦᠨᠵᠡᠭᠡᠢ ᠦᠵᠡᠯ ᠰᠠᠨᠠᠭ᠎ᠠ ᠲᠠᠢ᠂ ᠡᠯᠪᠡᠭ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠢᠲᠡᠭᠡᠯ ᠵᠣᠷᠢᠭ ᠡᠷᠡᠰ ᠪᠠᠲᠤ᠂ ᠭᠤᠶᠠᠴᠢ ᠦᠭᠡᠢ ᠰᠦᠷᠳᠡᠰᠢ ᠦᠭᠡᠢ ᠬᠡᠬᠦᠳᠡᠭ ᠰᠡᠳᠭᠢᠯᠭᠡ᠂ ᠠᠰᠠᠭᠤᠳᠠᠯ ᠳᠤ ᠵᠥᠪ ᠢᠶᠠᠷ ᠬᠠᠨᠳᠤᠬᠤ᠂ ᠬᠢᠳᠤᠭᠠᠨ ᠢᠷ ᠢ ᠳᠣᠲᠣᠭᠰᠢ ᠬᠠᠨᠳᠤᠭᠤᠯᠬᠤ ᠤᠯᠤᠰ ᠲᠦᠷᠦ ᠶᠢᠨ ᠰᠥᠰᠥ ᠵᠣᠷᠢᠭ᠂ ᠤᠬ ᠰᠠᠨᠠᠭ᠎ᠠ ᠪᠠᠨ ᠦᠯᠦ ᠮᠠᠷᠲᠠᠵᠤ᠂ ᠡᠷᠡᠮᠡᠬᠡᠶᠢᠯᠡᠨ ᠤᠷᠤᠭᠰᠢᠯᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠦᠨᠳᠦᠰᠦᠨ ᠵᠢᠷᠤᠮᠯᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠵᠦᠭᠯᠡᠭᠦᠷ ᠮᠥᠨ᠃ ᠶᠡᠷᠦᠩᠬᠡᠢ ᠱᠦᠵᠢ ᠰᠢ ᠶᠢᠨ ᠫᠢᠩ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠳᠤ ᠨᠠᠨᠳᠢᠨ ᠬᠦᠰᠡᠯ ᠨᠠᠶᠢᠳᠠᠯᠭ᠎ᠠ ᠲᠠᠯᠪᠢᠵᠤ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠭᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠶ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠲᠣᠭᠲᠠᠭᠤᠨ ᠡᠷᠡᠭᠦᠯ ᠠᠵᠤ ᠠᠬᠤᠶ ᠶᠢᠨ ᠣᠷᠴᠢᠨ᠂ ᠲᠥᠷᠥ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠣᠷᠴᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠪᠦᠬᠦᠳᠡ ᠬᠤᠷᠠᠯ ᠠᠴᠠ᠂ 2021 ᠤᠨ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠳᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠨᠠᠮ ᠤᠨ ᠭᠤᠷᠪᠠᠳᠤᠭᠠᠷ ᠲᠡᠦᠬᠡᠨ ᠰᠢᠢᠳᠪᠦᠷᠢ ᠶᠢ ᠲᠣᠭᠲᠠᠭᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠤᠭᠳᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠢ ᠡᠬᠢᠯᠡᠭᠦᠯᠵᠤ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤᠮᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠡᠵᠡᠮᠳᠡᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠡᠷᠡᠰ ᠪᠠᠲᠤ ᠯᠠᠪᠳᠠᠭᠤᠨ ᠲᠣᠭᠲᠠᠭᠤᠨ ᠪᠠᠶᠢᠵᠤ᠂ ᠦᠨᠡᠨ ᠠᠴᠠ ᠵᠥᠪ ᠢ ᠡᠷᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠬᠡᠮᠡᠬᠦ ᠰᠤᠨᠤᠷ ᠰᠡᠷᠡᠮᠵᠢ ᠲᠠᠢ ᠡᠷᠡᠰ ᠪᠠᠲᠤ ᠪᠠᠶᠢᠬᠤ ᠶᠢ ᠪᠠᠳᠤᠯᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠠᠷᠠᠯ ᠢ ᠡᠰᠡᠷᠭᠦᠴᠡᠵᠦ ᠮᠠᠭᠤ ᠮᠠᠭᠤᠬᠠᠢ ᠶᠢ ᠵᠠᠯᠬᠠᠭᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠳᠤᠯᠠᠵᠤ᠂ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠶᠢᠨ ᠲᠤᠭᠤᠷᠢᠨ ᠳᠤ ᠬᠡᠷᠡᠭᠵᠢᠭᠦᠯᠦᠯᠳᠡ ᠶᠢ ᠬᠢᠨᠠᠯᠳᠠ ᠲᠠᠯᠪᠢᠨ ᠪᠠᠳᠤᠯᠠᠬᠤ᠂ ᠬᠦᠭᠵᠢᠯᠳᠠ ᠶᠢ ᠲᠡᠬᠦᠯᠳᠡᠷᠵᠢᠬᠦᠯᠦᠨ ᠠᠬᠢᠭᠤᠯᠬᠤ ᠦᠢᠯᠡᠳᠦᠯ ᠢᠶᠠᠨ ᠪᠠᠳᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠭᠦᠨᠵᠡᠭᠡᠢ ᠰᠤᠷᠤᠯᠴᠠᠵᠤ᠂ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠵᠦ᠂ ᠲᠡᠮᠡᠴᠡᠯ ᠤᠨ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠤᠬᠠᠮᠰᠠᠷ ᠢ ᠪᠠᠲᠤᠳᠬᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠢ ᠰᠠᠶᠢᠳᠤᠷ ᠡᠬᠢᠯᠡᠬᠦᠯᠬᠦ ᠶᠢᠨ ᠲᠤᠭᠤᠷᠢᠨ ᠳᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ︽ᠨᠢᠭᠡᠳᠦᠭᠡᠷ ᠬᠠᠷᠢᠭᠤᠴᠠᠯᠭᠠᠳᠠᠨ︾ ᠪᠣᠯᠤᠨ ᠤᠳᠤᠷᠢᠳᠬᠤ ᠪᠠᠭ ᠲᠠᠬᠢ ᠡᠳᠦᠷ ᠲᠤᠳᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠭ᠎ᠠ ᠤᠯᠤᠰ ᠲᠦᠷᠦ ᠶᠢᠨ ᠠᠯᠳᠠᠭ᠎ᠠ ᠲᠤᠳᠠᠬᠳᠠᠯ ᠢ ᠵᠠᠯᠠᠷᠠᠭᠤᠯᠵᠠᠢ᠃ ᠬᠦᠨᠳᠦ ᠶᠡᠭᠡ ᠢᠯᠵᠠᠷᠠᠯ ᠤᠨ ᠬᠡᠷᠡᠭ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡ᠂ ᠤᠯᠤᠰ ᠲᠦᠷᠦ ᠬᠠᠤᠯᠢ ᠴᠠᠭᠠᠵᠠ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠨᠡᠭᠡᠭᠡᠯᠳᠡ ᠶᠢᠨ ᠳᠤᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠢᠯᠵᠠᠷᠠᠯ ᠢ ᠡᠰᠡᠷᠭᠦᠴᠡᠬᠦ ᠡᠷᠴᠢᠮ ᠢ ᠴᠢᠩᠭᠠᠷᠠᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠪᠣᠳᠠᠲᠠᠶᠢᠵᠢᠭᠤᠯᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠴᠠᠭ ᠢᠮᠠᠭᠲᠠ ᠵᠣᠭᠰᠣᠯ ᠦᠭᠡᠢ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠣᠯᠤᠨ ᠱᠠᠯᠢᠨ ᠪᠦᠷᠢᠯᠭᠡᠬᠦ ᠰᠤᠷᠲᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠪᠠ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠠᠢ᠃ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ︽ᠲᠦᠷᠪᠡᠨ ᠵᠦᠢᠯ ᠤᠨ ᠬᠡᠯᠪᠡᠷᠢ︾ ᠶᠢ ᠭᠦᠨᠵᠡᠭᠡᠢ ᠬᠡᠷᠡᠭᠯᠡᠵᠦ᠂ ᠣᠨᠣᠪᠴᠢᠲᠠᠢ ᠵᠢᠷᠤᠮᠵᠢᠯ ᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢᠨ ᠲᠣᠭᠤᠷᠢᠨ ᠳᠤ ᠰᠢᠯᠵᠢᠯᠲᠡ ᠶᠢᠨ ᠬᠤᠭᠤᠴᠠᠭᠠᠨ ᠤ ᠲᠤᠰᠬᠠᠢ ᠬᠢᠨᠠᠯᠲᠠ ᠲᠠᠯᠪᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠢᠯᠵᠡᠷᠡᠯ ᠪᠣᠯᠤᠨ ᠰᠤᠷᠲᠠᠯ ᠤᠨ ᠠᠰᠠᠭᠤᠳᠠᠯ ᠤᠨ ᠲᠤᠰᠬᠠᠢ ᠵᠠᠰᠠᠯᠲᠠ ᠶᠢ ᠭᠦᠨᠵᠡᠭᠡᠶᠢᠷᠡᠭᠦᠯᠵᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠯᠵᠡᠷᠡᠯ ᠪᠣᠯᠤᠨ ︽ᠬᠠᠮᠠᠭᠠᠯᠠᠭᠴᠢ ᠰᠢᠬᠦᠷ︾ ᠢ ᠡᠷᠡᠰ ᠵᠠᠯᠬᠠᠭᠠᠨ ᠰᠢᠢᠳᠭᠡᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠲᠣᠭᠲᠠᠭᠠᠯ ᠤᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠡᠷᠬᠡ ᠶᠢ ᠴᠢᠩᠭ᠎ᠠ ᠬᠢᠨᠠᠯᠳᠠ ᠲᠠᠯᠪᠢᠨ ᠬᠢᠵᠠᠭᠠᠷᠯᠠᠵᠤ᠂ ︽ᠳᠡᠷᠬᠡᠳᠡᠬᠢ ᠠᠰᠠᠭᠤᠳᠠᠯ ᠢᠶᠠᠨ ᠤᠯᠵᠥ ᠬᠠᠷᠠᠬᠤ ᠦᠬᠡᠢ︾ ᠪᠠᠶᠢᠬᠤ ᠶᠢ ᠡᠷᠡᠰ ᠰᠡᠷᠭᠡᠶᠢᠯᠡᠪᠠ᠃ ᠪᠦᠬᠦᠳᠠ ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠦᠢᠯᠡᠳᠦᠯᠭᠡ ᠶᠢᠨ ᠳᠤᠮᠳᠠ ᠪᠦᠷᠢᠯᠳᠦᠭᠰᠡᠨ ᠲᠠᠨᠢᠯᠲᠠ ᠣᠶᠢᠯᠠᠭᠠᠯᠲᠠ ᠪᠠᠨ ᠳ᠋ᠦᠩᠨᠡᠵᠦ᠂ ᠠᠮᠵᠢᠯᠲᠠ ᠪᠠᠨ ᠨᠤᠲᠠᠯᠠᠬᠤ ᠶᠢᠨ ᠬᠠᠮᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠪᠣᠳᠠᠲᠠᠢ ᠪᠠᠷ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃      ᠪᠦᠬᠦᠳᠡ ᠬᠤᠷᠠᠯ ᠠᠴᠠ᠂ 2022 ᠣᠨ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠤᠯᠤᠨ᠎ᠠ᠂ ᠡᠨᠡ ᠪᠣᠯ ᠨᠠᠮ ᠪᠣᠯᠤᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠬᠡᠨ ᠶᠡᠭᠡ ᠶᠠᠪᠤᠳᠠᠯ ᠪᠣᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶ᠎ᠠ ᠶᠢᠨ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠥ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠥ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠥ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ ᠂ ᠪᠦᠬᠦ ᠲᠠᠯ᠎ᠠ ᠪᠠᠷ ᠲᠤᠭᠤᠰᠢᠯᠠᠭᠤᠯᠵᠥ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠤᠬᠠᠮᠰᠠᠷ ᠠᠴᠠ ᠪᠠᠨ ᠡᠵᠡᠮᠳᠡᠬᠦ ᠪᠠ ᠬᠡᠷᠡᠭᠯᠡᠵᠥ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠨ ᠡᠭᠦᠷᠢᠳᠡ ᠪᠠᠳᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠪᠠᠷᠢᠮᠲᠠᠯᠠᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠡᠴᠦᠰ ᠲᠤᠨᠢ ᠲᠤᠯᠲᠠᠯ᠎ᠠ ᠬᠢᠵᠥ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠬᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠦᠷᠬᠦᠯᠵᠢᠯᠡᠨ ᠬᠦᠨᠵᠡᠬᠡᠶᠢᠷᠡᠬᠦᠯᠵᠥ᠂ ᠵᠠᠯᠬᠠᠭᠠᠨ ᠰᠢᠢᠳᠭᠡᠵᠦ ᠰᠦᠷᠳᠡᠭᠦᠯᠬᠦ᠂ ᠳᠦᠷᠢᠮ ᠢᠶᠠᠷ ᠬᠢᠵᠠᠭᠠᠷᠯᠠᠬᠤ᠂ ᠤᠬᠠᠮᠰᠠᠷ ᠢᠶᠠᠨ ᠳᠡᠭᠡᠭᠰᠢᠯᠡᠭᠦᠯᠬᠦ ᠳᠠᠯ᠎ᠠ ᠪᠠᠷ ᠨᠢᠭᠡ ᠴᠣᠭᠴᠠᠵᠢᠭᠤᠯᠤᠨ ᠬᠦᠴᠦᠯᠡᠵᠥ᠂ ᠨᠡᠩ ᠤᠯᠠᠨ ᠲᠦᠷᠢᠮ ᠤᠨ ᠴᠢᠨᠠᠷᠲᠠᠢ ᠦᠷ᠎ᠡ ᠪᠦᠲᠦᠭᠡᠯ ᠪᠣᠯᠤᠨ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠤᠯᠬᠤ ᠪᠠᠷ ᠴᠢᠷᠮᠠᠶᠢᠵᠥ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠵᠢᠷᠤᠮᠵᠢᠭᠰᠡᠨ᠂ ᠬᠠᠤᠯᠢᠵᠢᠭᠰᠠᠨ᠂ ᠵᠢᠩᠬᠢᠨᠢᠴᠢᠯᠡᠭᠰᠡᠨ ᠪᠠᠶᠢᠭᠤᠯᠤᠯᠲᠠ ᠶᠢ ᠴᠢᠩᠭᠠᠳᠬᠠᠵᠥ᠂ ᠬᠡᠷᠡᠭᠵᠢᠬᠦᠯᠦᠯᠳᠡ ᠶᠢ ᠬᠢᠨᠠᠯᠲᠠ ᠲᠠᠯᠪᠢᠨ ᠪᠠᠲᠤᠯᠠᠬᠤ᠂ ᠬᠦᠭᠵᠢᠯᠳᠠ ᠶᠢ ᠲᠡᠭᠦᠯᠳᠡᠷᠵᠢᠭᠦᠯᠦᠨ ᠠᠬᠢᠭᠤᠯᠬᠤ ᠦᠢᠯᠡᠳᠦᠯ ᠢ ᠨᠠᠩ ᠰᠠᠶᠢᠳᠤᠷ ᠪᠠᠳᠠᠷᠠᠭᠤᠯᠵᠥ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠳᠡᠢ ᠬᠡᠵᠥ ᠳᠤᠷᠠᠳᠤᠨ ᠭᠠᠷᠭᠠᠵᠠᠢ᠃      ᠪᠦᠬᠦᠳᠡ ᠬᠤᠷᠠᠯ ᠠᠴᠠ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠮᠠᠨ ᠤ ᠨᠠᠮ ᠤᠨ ᠪᠤᠰᠤᠳ ᠲᠦᠷᠦ ᠶᠢᠨ ᠨᠠᠮ ᠠᠴᠠ ᠢᠯᠭᠠᠭᠳᠠᠬᠤ ᠢᠯᠡᠷᠬᠡᠢ ᠪᠡᠯᠭᠡ ᠲᠡᠮᠳᠡᠭ ᠮᠥᠨ᠂ ᠨᠠᠮ ᠤᠨ ᠰᠠᠮᠠᠭᠤᠷᠠᠯ ᠢ ᠵᠠᠰᠠᠵᠤ ᠮᠠᠨᠳᠤᠵᠤ ᠳᠤᠷᠦ᠋ᠢᠲᠠᠬᠤ ᠲᠡᠦᠬᠡᠨ ᠦᠶᠡᠯᠡᠯ ᠠᠴᠠ ᠮᠤᠯᠲᠤᠷᠠᠵᠤ᠂ ᠵᠠᠭᠤᠨ ᠵᠢᠯ ᠤᠨ ᠤᠯᠠᠷᠢᠯ ᠬᠤᠪᠢᠰᠤᠯᠲᠠ ᠶᠢ ᠥᠩᠭᠡᠷᠡᠭᠡᠭᠰᠡᠨ ᠴᠣ᠋ ᠠᠮᠢᠵᠢᠷᠠᠯ ᠤᠨ ᠬᠦᠴᠦᠨ ᠢᠶᠠᠷ ᠨᠡᠩ ᠪᠢᠯᠬᠠᠮ᠎ᠠ ᠪᠤᠯᠤᠭᠰᠠᠨ ᠤ ᠠᠮᠵᠢᠯᠲᠠ ᠶᠢᠨ ᠨᠢᠭᠤᠴᠠ ᠵᠣᠷ ᠮᠥᠨ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ ᠪᠠᠲᠤ ᠰᠠᠬᠢᠵᠤ᠂ ᠥᠪᠡᠷ ᠤᠨ ᠪᠡᠶ᠎ᠡ ᠳᠡᠭᠡᠨ ᠲᠦᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠯᠡᠳᠡᠭᠳᠡᠯ ᠢ ᠡᠷᠡᠰ ᠠᠷᠢᠯᠭᠠᠵᠤ᠂ ᠨᠡᠮᠡᠭᠳᠡᠯ ᠢ ᠡᠷᠡᠰ ᠬᠤᠷᠢᠭᠯᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠢᠮ ᠢ ᠲᠡᠭᠦᠯᠳᠡᠷᠵᠢᠭᠦᠯᠬᠦ᠂ ᠵᠠᠰᠠᠯᠲᠠ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ ᠲᠠᠢ ᠬᠤᠯᠪᠤᠭᠳᠠᠭᠤᠯᠵᠤ᠂ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ᠂ ᠨᠠᠮ ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ᠂ ᠨᠠᠮ ᠤᠨ ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠢ ᠬᠠᠮᠠᠭᠠᠯᠠᠬᠤ ᠲᠠᠯ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠬᠦᠴᠦᠲᠡᠢ ᠪᠦᠲᠦᠮᠵᠢᠲᠡᠢ ᠦᠢᠯᠡᠴᠢᠯᠡᠵᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠨᠢᠭᠡᠳᠦᠭᠡᠷ ᠲᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠤᠯᠤᠰ ᠤᠨ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠵᠤ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠪᠠ ᠰᠠᠶᠢᠲᠤᠷ ᠬᠤᠷᠠᠯᠳᠤᠭᠤᠯᠬᠤ ᠪᠠᠷ ᠭᠤᠣᠯ ᠰᠢᠵᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠲᠡᠦᠬᠡᠨ ᠲᠤᠷᠰᠢᠯᠭ᠎ᠠ ᠶᠢ ᠭᠦᠨᠵᠡᠭᠡᠢ ᠬᠡᠷᠡᠭᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠱᠠᠳᠤ ᠶᠢ ᠡᠵᠡᠮᠳᠡᠬᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠨᠡᠭᠡᠭᠡᠯᠳᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠲᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠡᠯᠪᠠᠶᠢᠯᠭᠡᠬᠦ ᠦᠭᠡᠢ᠂ ᠬᠤᠪᠢᠷᠠᠭᠤᠯᠬᠤ ᠦᠭᠡᠢ᠂ ᠥᠭᠡᠷᠡᠲᠦᠭᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ ︽ᠨᠢᠭᠡᠳᠦᠭᠡᠷ ᠬᠠᠷᠢᠭᠤᠴᠠᠯᠭᠠᠲᠠᠨ︾ ᠪᠣᠯᠤᠨ ᠤᠳᠤᠷᠢᠳᠬᠤ ᠪᠠᠭ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠬᠡᠷᠡᠭᠵᠢᠭᠦᠯᠬᠦ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠡᠷᠬᠡ ᠪᠠᠨ ᠬᠡᠷᠡᠭᠯᠡᠬᠦ ᠵᠡᠷᠭᠡ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠬᠡᠪ ᠰᠤᠷᠲᠠᠯ ᠢ ᠴᠢᠩᠳᠠᠯᠠᠵᠤ᠂ ᠤᠯᠤᠰ ᠲᠥᠷᠥ ᠶᠢᠨ ᠪᠣᠭᠤᠮᠲᠠ ᠪᠠ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠰᠠᠬᠢᠵᠤ᠂ ᠰᠣᠩᠭᠤᠭᠤᠯᠢ ᠶᠢᠨ ᠪᠢᠯᠧᠲ ᠲᠠᠲᠠᠵᠤ ᠰᠣᠩᠭᠤᠭᠤᠯᠢ ᠳᠤ ᠬᠠᠭ᠋ᠤᠤᠯᠢᠳᠠᠬᠰᠠᠨ᠂ ᠨᠠᠶᠢᠷ ᠲᠠᠯ᠎ᠠ ᠬᠡᠯᠡᠵᠦ ᠤᠷᠢᠳᠴᠢᠯᠠᠨ ᠮᠡᠳᠡᠭᠳᠡᠭᠰᠡᠨ᠂ ᠰᠣᠩᠭᠤᠭᠤᠯᠢ ᠶᠢ ᠡᠪᠳᠡᠭᠰᠡᠨ ᠵᠡᠷᠭᠡ ᠦᠢᠯᠡ ᠠᠵᠢᠯᠯᠠᠭ᠎ᠠ ᠶᠢ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ᠬᠤᠶᠠᠳᠤᠭᠠᠷ ᠲᠤ᠂ ᠢᠯᠵᠠᠷᠠᠯ ᠢ ᠡᠰᠡᠷᠭᠦᠴᠡᠬᠦ ᠪᠠ ᠵᠠᠯᠬᠠᠭᠠᠨ ᠰᠢᠢᠳᠭᠡᠬᠦ ᠬᠦᠴᠦᠷᠬᠡᠭ ᠶᠡᠭᠡ ᠬᠦᠴᠦᠨ ᠢ ᠢᠮᠠᠭᠲᠠ ᠪᠠᠷᠢᠮᠲᠠᠯᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠵᠤ᠂ ︽ᠲᠤᠯᠤᠭᠠᠨ ᠵᠦᠢᠯ ᠪᠠᠶᠢᠬᠤ︾ ᠠᠰᠠᠭᠤᠳᠠᠯ ᠢ ᠡᠷᠡᠰ ᠰᠡᠷᠭᠡᠶᠢᠯᠡᠨ ᠪᠠᠶᠢᠴᠠᠭᠠᠨ ᠰᠢᠢᠳᠪᠦᠷᠢᠯᠡᠵᠦ᠂ ᠨᠠᠮ ᠤᠨ ᠳᠣᠲᠣᠭᠠᠳᠤ ᠳᠤ ᠤᠯᠤᠰ ᠲᠦᠷᠦ ᠶᠢᠨ ᠡᠪᠰᠡᠯ ᠪᠦᠯᠦᠭ᠂ ᠵᠢᠵᠢᠭ ᠪᠦᠯᠦᠭᠯᠡᠯ᠂ ᠠᠰᠢᠭ ᠲᠤᠰᠠ ᠶᠢᠨ ᠪᠦᠯᠦᠭᠯᠡᠯ ᠪᠠᠶᠢᠭᠤᠯᠵᠤ ᠪᠠᠶᠢᠭ᠎ᠠ ᠬᠥᠮᠦᠰ ᠲᠤ ᠥᠴᠦᠬᠡᠨ ᠴᠦ ᠢᠯᠳᠠᠷ ᠬᠠᠶᠠᠵᠤ ᠪᠤᠯᠬᠤ ᠦᠭᠡᠢ᠂ ᠵᠠᠯᠠᠭᠤ ᠺᠠᠳ᠋ᠷᠴᠤᠳ ᠢ ᠴᠢᠩᠭ᠎ᠠ ᠬᠥᠮᠦᠵᠢᠭᠦᠯᠦᠨ ᠬᠠᠮᠢᠶᠠᠷᠴᠤ ᠬᠢᠨᠠᠬᠤ ᠬᠡᠷᠡᠭᠲᠡᠢ᠃ ᠬᠦᠷᠦᠩᠬᠡ ᠶᠢ ᠡᠮᠬᠢ ᠵᠠᠮᠪᠠᠷᠠᠭ᠎ᠠ ᠦᠬᠡᠢ ᠥᠷᠭᠡᠳᠭᠡᠬᠦ᠂ ᠲᠠᠪᠴᠠᠩ ᠢ ᠭᠠᠭᠴᠠᠭᠠᠷ ᠡᠵᠡᠮᠰᠢᠬᠦ ᠵᠡᠷᠭᠡ ᠶᠢᠨ ᠠᠷᠤ ᠳᠠᠬᠢ ᠢᠯᠵᠠᠷᠡᠯ ᠤᠨ ᠠᠵᠢᠯᠯᠠᠭ᠎ᠠ ᠶᠢ ᠬᠦᠴᠦᠯᠡᠨ ᠪᠠᠶᠢᠴᠠᠭᠠᠨ ᠰᠢᠢᠳᠪᠦᠷᠢᠯᠡᠵᠦ᠂ ᠡᠷᠬᠡ ᠪᠣᠯᠤᠨ ᠬᠦᠷᠦᠩᠬᠡ ᠶᠢ ᠬᠤᠯᠪᠣᠬᠤ ᠬᠤᠯᠪᠣᠭᠠᠰᠤ ᠶᠢ ᠲᠠᠰᠤᠯᠬᠤ ᠬᠡᠷᠡᠭᠲᠡᠢ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠯᠳᠠ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠨᠠᠮᠲᠠᠭᠤᠯᠬᠤ ᠶᠢ ᠠᠬᠢᠭᠤᠯᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠲᠠᠯ᠎ᠠ ᠶᠢᠨ ᠢᠯᠵᠠᠷᠠᠯ ᠤᠨ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠢᠯᠵᠠᠷᠠᠯ ᠤᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠵᠦ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠵᠡᠷᠭᠡ ᠬᠦᠷᠢᠶᠡᠨ ᠳᠠᠬᠢ ᠢᠯᠵᠠᠷᠠᠯ ᠤᠨ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠬᠡᠭᠡᠯᠢ ᠲᠦᠯᠬᠢᠭᠴᠢ ᠶᠢᠨ ︽ᠬᠠᠷ᠎ᠠ ᠳᠠᠩᠰᠠ︾ ᠶᠢᠨ ᠳᠦᠷᠢᠮ ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ᠃ ︽ᠬᠠᠤᠯᠢ ᠶᠢᠨ ᠲᠣᠣᠷ ᠤᠨ ᠠᠵᠢᠯᠯᠠᠭ᠎ᠠ︾ ᠶᠢ ᠠᠬᠢᠭᠤᠯᠵᠤ᠂ ᠢᠯᠵᠠᠷᠠᠯ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠲᠡᠢ᠃ ︽ᠳᠥᠷᠪᠡᠨ ᠵᠦᠢᠯ ᠤᠨ ᠬᠡᠯᠪᠡᠷᠢ ᠪᠠᠶᠢᠳᠠᠯ︾ ᠤᠨ ᠬᠡᠷᠡᠭᠯᠡᠯᠲᠡ ᠶᠢᠨ ᠲᠣᠭᠲᠠᠴᠠ ᠶᠢ ᠭᠦᠨᠵᠡᠭᠡᠶᠢᠷᠡᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠦᠨ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠲᠦᠷᠢᠮ ᠲᠣᠭᠲᠠᠴᠠ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ᠃      ᠭᠤᠷᠪᠠᠳᠤᠭᠠᠷ ᠲᠤ᠂ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠳᠠᠯᠠᠩ ᠢ ᠦᠷᠭᠦᠯᠵᠢᠯᠡᠨ ᠪᠠᠬᠢᠵᠢᠭᠦᠯᠵᠦ᠂ ᠤᠯᠠᠨ ᠲᠦᠮᠡᠨ ᠤ ᠳᠡᠷᠭᠡᠳᠡᠬᠢ ᠢᠯᠵᠠᠷᠡᠯ ᠪᠣᠯᠤᠨ ᠲᠥᠪ ᠪᠤᠰᠤ ᠰᠤᠷᠲᠠᠯ ᠢ ᠴᠥᠬᠦᠷᠡᠰᠢ ᠦᠭᠡᠢ ᠴᠡᠭᠴᠡᠯᠡᠨ ᠵᠠᠰᠠᠬᠤ ᠬᠡᠷᠡᠭᠲᠡᠢ᠃ ︽ᠳᠥᠷᠪᠡᠨ ᠰᠤᠷᠲᠠᠯ︾ ᠤᠨ ᠴᠤᠬᠤᠶᠢᠯᠳᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ᠂ ᠳᠠᠯᠳᠠ ᠴᠢᠨᠠᠷᠲᠠᠶ ᠠᠰᠠᠭᠤᠳᠠᠯ ᠢ ᠨᠢᠭᠲᠠ ᠠᠩᠬᠠᠷᠴᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠥᠯᠥᠭᠡᠯᠡᠬᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠶᠢ ᠥᠯᠥ ᠬᠠᠶᠢᠬᠤᠷᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠴᠡᠭᠴᠡᠯᠡᠨ ᠵᠠᠰᠠᠵᠤ᠂ ᠨᠠᠮ ᠤᠨ ᠳᠦᠷᠢ ᠲᠥᠷᠬᠦ ᠶᠢ ᠬᠤᠬᠢᠷᠠᠭᠤᠯᠤᠭᠰᠠᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠭᠦᠨᠵᠡᠭᠡᠶ ᠴᠡᠭᠴᠡᠯᠡᠨ ᠵᠠᠰᠠᠵᠤ᠂ ᠵᠢᠮ᠎ᠡ ᠶᠣᠰᠣ ᠶᠢ ᠥᠯᠥ ᠬᠦᠨᠳᠦᠳᠭᠡᠬᠦ᠂ ᠪᠤᠰᠤᠳᠴᠢ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠥᠯᠥ ᠬᠦᠨᠳᠦᠳᠭᠡᠬᠦ ᠳᠤᠷ᠎ᠠ ᠪᠠᠷ ᠢᠶᠠᠨ ᠦᠢᠯᠡᠳᠬᠦ ᠠᠰᠠᠭᠤᠳᠠᠯ ᠵᠢᠴᠢ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠬᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠤᠷᠤᠭᠰᠢᠯᠠᠨ ᠳᠠᠪᠰᠢᠬᠤ ᠶᠢ ᠥᠯᠥ ᠪᠤᠳᠤᠵᠤ ᠠᠵᠢᠯ ᠥᠯᠥ ᠬᠢᠬᠦ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠭᠡᠷᠡᠭᠳᠠᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ︽ᠬᠠᠮᠠᠭᠠᠯᠠᠬᠴᠢ ᠰᠢᠬᠦᠷ ᠲᠤ ᠴᠤᠬᠢᠯᠳᠠ ᠦᠭᠴᠤ ᠬᠠᠷᠢᠴᠠᠭᠠᠨ ᠤ ᠲᠣᠣᠷ ᠢ ᠡᠪᠳᠡᠬᠦ︾ ᠶᠢ ᠪᠠᠶᠢᠩᠭᠤᠵᠢᠭᠤᠯᠤᠨ ᠠᠬᠢᠭᠤᠯᠬᠤ ᠭᠡᠷᠡᠭᠳᠠᠢ᠃      ᠳᠥᠷᠪᠡᠳᠦᠭᠡᠷ ᠲᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠳᠡᠭᠡᠳᠦ ᠲᠤᠤᠷᠠᠳᠤ ᠱᠠᠳᠤ ᠬᠤᠯᠪᠣᠭᠠᠯᠠᠨ ᠬᠥᠳᠡᠯᠦᠯᠴᠡᠬᠦ ᠪᠠᠶᠢᠷᠢᠰᠢᠯ ᠢ ᠪᠦᠷᠢᠨᠰᠢᠬᠦᠯᠵᠤ᠂ ᠴᠢᠨᠠᠷ ᠰᠠᠶᠢᠲᠠᠢ ᠪᠦᠬᠦᠨ ᠢ ᠪᠦᠷᠬᠦᠬᠦᠯᠬᠦ ᠬᠠᠷᠠᠯᠲᠠ ᠡᠭᠦᠷᠭᠡ ᠶᠢ ᠪᠡᠶᠡᠯᠡᠭᠦᠯᠬᠦ ᠬᠡᠷᠡᠭᠲᠡᠢ᠃ ︽ᠬᠤᠶᠠᠷ ᠢ ᠬᠠᠮᠠᠭᠠᠯᠠᠬᠤ︾ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠡᠭᠦᠷᠭᠡ ᠴᠢᠳᠠᠪᠬᠢ ᠬᠠᠷᠢᠭᠤᠴᠠᠯᠭ᠎ᠠ ᠪᠠᠨ ᠭᠦᠢᠴᠡᠳᠭᠡᠬᠦ ᠲᠠᠢ ᠨᠢᠭᠲᠠ ᠤᠶᠠᠯᠳᠤᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠭᠰᠠᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠭᠡᠷᠡᠭᠳᠠᠢ᠃ ᠲᠣᠭᠤᠷᠢᠨ ᠪᠠᠶᠢᠴᠠᠭᠠᠯᠳᠠ ᠶᠢ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠲᠥᠪ ᠪᠠ ᠮᠤᠵᠢ ᠣᠷᠣᠨ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ᠂ ᠬᠤᠲᠠ ᠰᠢᠶᠠᠨ ᠤ ᠨᠡᠶᠢᠳᠡᠮ ᠴᠠᠬᠳᠠᠨ ᠪᠠᠶᠢᠴᠠᠭᠠᠯᠳᠠ ᠶᠢ ᠪᠡᠶᠡᠯᠡᠬᠦᠯᠬᠦ ᠭᠡᠷᠡᠭᠳᠠᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠶᠢᠨ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠳᠦᠷ ᠲᠤᠳᠤᠮ ᠤᠨ ᠬᠢᠨᠠᠯᠲᠠ ᠪᠠ ᠲᠤᠰᠬᠠᠢ ᠪᠠᠶᠢᠴᠠᠭᠠᠯᠲᠠ ᠶᠢ ᠴᠢᠩᠭᠠᠳᠬᠠᠵᠤ᠂ ᠲᠥᠪ ᠤᠨ ᠮᠥᠩᠭᠦᠨ ᠭᠦᠢᠯᠭᠡᠭᠡᠨ ᠤ ᠨᠢᠭᠡᠴᠢ ᠶᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠠᠵᠢᠯ︾ ᠢ ᠰᠠᠶᠢᠲᠤᠷ ᠬᠢᠬᠦ ᠶᠢ ᠱᠠᠯᠠᠪᠳᠠᠭᠤᠯᠬᠤ ᠭᠡᠷᠡᠭᠳᠠᠢ᠃ ᠮᠤᠵᠢ ᠣᠷᠣᠨ ᠬᠤᠳᠠ ᠶᠢᠨ ᠲᠣᠭᠤᠷᠢᠨ ᠪᠠᠶᠢᠴᠠᠭᠠᠬᠤ ᠠᠵᠢᠯ ᠳᠠᠬᠢ ᠤᠳᠤᠷᠢᠳᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠲᠥᠪ ᠤᠨ ᠨᠢᠭᠡᠴᠢ ᠶᠢᠨ ᠳᠣᠲᠣᠭᠠᠳᠤ ᠶᠢᠨ ᠲᠣᠭᠤᠷᠢᠨ ᠪᠠᠶᠢᠴᠠᠭᠠᠯᠲᠠ ᠶᠢ ᠲᠦᠷᠦᠯ ᠬᠤᠪᠢᠶᠠᠨ ᠵᠢᠯᠣᠭᠤᠳᠬᠤ ᠶᠢ ᠭᠦᠨᠵᠡᠭᠡᠶᠢᠷᠡᠭᠦᠯᠵᠦ᠂ ᠲᠣᠰᠬᠤᠨ ︵ᠨᠡᠶᠢᠭᠡᠮ ᠲᠣᠭᠤᠷᠢᠭ︶ ᠳᠠᠬᠢ ᠴᠠᠬᠳᠠᠨ ᠪᠠᠶᠢᠴᠠᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠭᠡᠷᠡᠭᠳᠠᠢ᠃ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠨᠠᠮ ᠤᠨ ᠲᠥᠪ ᠬᠤᠷᠢᠶ᠎ᠠ ᠳᠤ ᠲᠤᠰᠬᠠᠢ ᠰᠡᠳᠦᠪ ᠢᠶᠠᠷ ᠮᠡᠳᠡᠭᠦᠯᠦᠨ᠎ᠡ᠃      ᠲᠠᠪᠤᠳᠤᠭᠠᠷ ᠲᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠠᠯᠳᠠ ᠶᠢᠨ ᠰᠢᠰᠲ᠋ᠧᠮ ᠲᠠᠢ ᠬᠤᠷᠠᠮᠳᠤᠬᠤ᠂ ᠬᠠᠮᠵᠢᠯᠴᠠᠨ ᠦᠨᠳᠤᠷ ᠪᠦᠳᠤᠮᠵᠢᠳᠠᠢ ᠪᠠᠶᠢᠬᠤ ᠶᠢ ᠠᠬᠢᠭᠤᠯᠵᠤ᠂ ᠲᠦᠷᠢᠮ ᠤᠨ ᠲᠠᠪᠠᠭᠤᠯᠢᠬ ᠢ ᠵᠠᠰᠠᠯᠳᠠ ᠶᠢᠨ ᠦᠢᠯᠡᠳᠦᠯ ᠴᠢᠳᠠᠪᠤᠷᠢ ᠪᠤᠯᠭᠠᠨ ᠬᠤᠪᠢᠷᠠᠭᠤᠯᠬᠤ ᠶᠢ ᠠᠬᠢᠭᠤᠯᠬᠤ ᠭᠡᠷᠡᠭᠳᠠᠢ᠃ ᠨᠠᠮ ᠠᠴᠠ ᠨᠢᠭᠡᠳᠦᠯᠲᠡᠢ ᠤᠳᠤᠷᠢᠳᠬᠤ᠂ ᠪᠦᠬᠦ ᠲᠠᠯ᠎ᠠ ᠶᠢ ᠬᠠᠮᠤᠷᠬᠤ᠂ ᠡᠷᠬᠡ ᠰᠦᠷ ᠲᠠᠢ ᠪᠥᠭᠡᠳ ᠥᠨᠳᠥᠷ ᠪᠦᠲᠦᠮᠵᠢᠲᠡᠢ ᠪᠠᠶᠢᠬᠤ ᠱᠠᠭᠠᠷᠳᠠᠯᠭ᠎ᠠ ᠶᠣᠰᠣᠭᠠᠷ᠂ ᠨᠠᠮ ᠤᠨ ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠰᠬᠠᠢ ᠬᠠᠷᠢᠭᠤᠴᠠᠯᠭ᠎ᠠ ᠶᠢᠨ ᠬᠢᠨᠠᠯᠲᠠ ᠶᠢ ᠪᠣᠳᠠᠲᠠᠢ ᠬᠢᠵᠦ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠬᠦ ᠭᠡᠷᠡᠭᠳᠠᠢ᠃ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠨ ᠪᠠᠶᠢᠴᠠᠭᠠᠵᠤ ᠪᠠᠶᠢᠴᠠᠭᠠᠯᠲᠠ ᠬᠢᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠲᠤᠤᠷᠠᠳᠤ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠮᠢᠯᠠᠭᠰᠠᠨ ᠪᠠᠶᠢᠭᠤᠯᠭ᠎ᠠ ᠨᠢ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠳᠠᠬᠢ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭ᠎ᠠ ᠰᠠᠯᠠᠭ᠎ᠠ ᠮᠥᠴᠢᠷ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠨ ᠵᠢᠯᠣᠭᠤᠳᠬᠤ ᠪᠠᠨ ᠴᠢᠩᠭᠠᠳᠬᠠᠵᠤ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ ᠲᠥᠪ ᠤᠨ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠠᠤᠯᠢ ᠲᠦᠷᠢᠮ ᠤᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ᠃      ᠵᠢᠷᠭᠤᠳᠤᠭᠠᠷ ᠲᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠪᠠᠶᠢᠬᠤ᠂ ᠡᠷᠳᠡᠮ ᠴᠢᠳᠠᠪᠤᠷᠢ ᠶᠢᠨ ᠲᠠᠯ᠎ᠠ ᠪᠠᠷ ᠴᠠᠭᠠᠷᠠᠬᠰᠠᠨ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠤ ᠦᠨᠡᠨᠴᠢ ᠰᠢᠳᠤᠷᠭᠤ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠳᠦᠷᠢᠮ︾ ᠢ ᠭᠦᠨᠵᠡᠭᠡᠢ ᠲᠤᠭᠤᠰᠢᠯᠠᠭᠤᠯᠵᠤ᠂ ᠪᠦᠬᠦ ᠠᠵᠢᠯᠲᠠᠨ ᠤ ᠪᠣᠯᠪᠠᠰᠤᠷᠠᠯ ᠢ ᠱᠠᠲᠤ ᠲᠥᠷᠥᠯ ᠬᠤᠪᠢᠶᠠᠨ ᠬᠡᠷᠡᠭᠵᠢᠭᠦᠯᠬᠦ ᠭᠡᠷᠡᠭᠳᠠᠢ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠡᠷᠬᠡ ᠶᠢᠨ ᠠᠵᠢᠯᠯᠠᠭᠠᠨ ᠤ ᠳᠣᠲᠣᠭᠠᠳᠤ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠬᠡᠷᠡᠭᠵᠢᠭᠦᠯᠬᠦ ᠳᠡᠭᠡᠨ ᠰᠠᠬᠢᠯᠭ᠎ᠠ ᠪᠠᠲᠤ ᠠᠴᠠ ᠵᠥᠷᠢᠴᠡᠬᠦ᠂ ᠬᠠᠤᠯᠢ ᠬᠡᠷᠡᠭᠵᠢᠭᠦᠯᠬᠦ ᠳᠡᠭᠡᠨ ᠬᠠᠤᠯᠢ ᠠᠴᠠ ᠵᠥᠷᠢᠴᠡᠬᠦ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠬᠤ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠤᠬᠠᠮᠰᠠᠷ ᠠᠴᠠ ᠪᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠬᠡᠪ ᠳᠠᠭᠤᠷᠢᠶᠠᠯ ᠪᠣᠯᠬᠤ ᠬᠡᠷᠡᠭᠲᠡᠢ᠃      ᠪᠦᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠣᠯᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠭᠡᠵᠦ᠂ ᠪᠦᠯᠬᠦᠮᠳᠡᠨ ᠲᠡᠮᠡᠴᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠢᠯᠵᠠᠷᠡᠯ ᠢ ᠡᠰᠡᠷᠭᠦᠴᠡᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ ᠭᠡᠵᠦ ᠤᠷᠢᠶᠠᠯᠠᠪᠠ︕
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号