ᠴᠡᠴᠡᠨ ᠤᠬᠠᠭᠠᠨ ᠢᠶᠠᠷ ᠢᠶᠠᠨ ᠪᠣᠰᠬᠠᠭᠰᠠᠨ ᠴᠢᠨᠡᠭᠡᠯᠢᠭ ᠠᠮᠢᠳᠤᠷᠠᠯ
ᠨᠡᠶᠢᠲᠡᠯᠡᠭᠰᠡᠨ ᠴᠠᠭ᠄
2022/1/4
       — ᠦᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠣ ᠭᠡᠷ ᠪᠦᠯᠢ︾ ᠪᠠᠷ ᠦᠨᠡᠯᠡᠭᠳᠡᠭᠰᠡᠨ           ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠰᠣᠮᠣ ᠶᠢᠨ ᠬᠦᠬᠡᠦ᠋ᠨᠳᠦᠷ ᠭᠠᠴᠠᠭᠠᠨ ᠤ           ᠮᠠᠯᠴᠢᠨ ᠲᠡᠮᠡᠴᠡᠯᠲᠦ ᠶᠢᠨ ᠭᠡᠷ ᠪᠦᠯᠢ ᠶᠢ ᠲᠡᠮᠳᠡᠭᠯᠡᠪᠡ      2021ᠣᠨ ᠨᠢᠳᠦ ᠢᠷᠮᠡᠬᠦ ᠶᠢᠨ ᠵᠠᠭᠤᠷ᠎ᠠ ᠥᠩᠭᠡᠷᠡᠯ᠎ᠡ᠃ ᠡᠨᠡ ᠨᠢᠭᠡᠨ ᠵᠢᠯ ᠳᠡᠭᠡᠨ ᠬᠦᠮᠦᠨ ᠪᠦᠬᠦᠨ ᠠᠮᠢᠳᠤᠷᠠᠯ ᠳᠠᠭᠠᠨ ᠤᠷᠤᠭᠰᠢ ᠨᠢᠭᠡ ᠠᠯᠬᠤᠮ ᠠᠯᠬᠤᠵᠤ᠂ ᠬᠦᠰᠡᠯ ᠮᠦᠷᠦᠭᠡᠳᠦᠯ ᠵᠦᠭ ᠢᠶᠠᠨ ᠣᠶᠢᠷᠠᠲᠤᠭᠰᠠᠨ ᠨᠢ ᠯᠠᠪᠲᠠᠢ᠃      ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠰᠣᠮᠣ ᠶᠢᠨ ᠬᠦᠬᠡᠦ᠋ᠨᠳᠦᠷ ᠭᠠᠴᠠᠭᠠᠨ ᠤ ᠮᠠᠯᠴᠢᠨ ᠲᠡᠮᠡᠴᠡᠯᠲᠦ ᠶᠢᠨ ᠭᠡᠷ ᠪᠦᠯᠢ 2021ᠣᠨ ᠳᠤ ᠭᠡᠷ ᠪᠦᠯᠢ ᠪᠠᠷ ᠢᠶᠠᠨ ᠦᠯᠡᠵᠡᠢ ᠬᠡᠰᠢᠭ ᠢᠶᠠᠷ ᠳᠦᠭᠦᠷᠡᠩ ᠪᠠᠶᠢᠵᠤ᠂ ᠲᠡᠮᠡᠴᠡᠯᠲᠦ 2021 ᠣᠨ ᠤ 7 ᠰᠠᠷ᠎ᠠ ᠶᠢᠨ 1 ᠤ ᠡᠳᠦᠷ ᠬᠤᠰᠢᠭᠤᠨ ᠤ ᠪᠠᠨ ︽ᠰᠢᠯᠢᠳᠡᠭ ᠨᠠᠮ ᠤᠨ ᠭᠡᠰᠢᠭᠦᠨ︾ ᠢᠶᠠᠷ ᠱᠠᠩᠨᠠᠭᠳᠠᠵᠤ᠂ ᠰᠠᠶ᠋ᠢᠬᠠᠨ ᠲᠡᠮᠡᠴᠡᠯᠲᠦ ᠶᠢᠨ ᠭᠡᠷ ᠪᠦᠯᠢ ᠦᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠣ ᠭᠡᠷ ᠪᠦᠯᠢ︾ ᠪᠠᠷ ᠬᠦᠬᠢᠭᠦᠯᠦᠭᠳᠡᠭᠰᠡᠨ ᠶᠤᠮ᠃ ᠤᠯᠤᠰ ᠳᠠᠶᠠᠭᠠᠷ ᠨᠠᠮ ᠪᠠᠶᠢᠭᠤᠯᠤᠭᠳᠠᠭᠰᠠᠨ ᠪᠠᠶᠠᠷ ᠤᠨ ᠬᠤᠷ᠎ᠠ ᠰᠠᠭᠠᠲᠠᠭᠰᠠᠨ ᠦᠯᠡᠵᠡᠢ ᠪᠡᠯᠭᠡᠲᠦ ᠡᠨᠡ ᠵᠢᠯ ᠳᠤ ᠲᠡᠮᠡᠴᠡᠯᠲᠦ ᠶᠢᠨ ᠬᠢᠨ ᠤ ᠮᠠᠯ ᠰᠦᠷᠦᠭ ᠨᠢ ᠦᠨᠢᠷ ᠦᠰᠴᠦ᠂ ᠲᠡᠭᠦᠨ ᠤ ᠠᠵᠢᠯ ᠦᠢᠯᠡᠰ ᠲᠤ ᠠᠮᠵᠢᠯᠲᠠ ᠪᠦᠲᠦᠭᠡᠯ ᠢᠶᠠᠷ ᠳᠦᠭᠦᠷᠡᠩ ᠪᠠᠶᠢᠯ᠎ᠠ᠃
     ᠲᠡᠮᠡᠴᠡᠯᠲᠦ ᠶᠢᠨ ᠬᠢᠨ ᠭᠡᠭᠴᠢ ᠠᠪᠤ ᠡᠯᠳᠡᠪ ᠵᠦᠢᠯ ᠢᠶᠠᠷ ᠠᠴᠠ ᠪᠠᠨ ᠤᠯᠠᠮᠵᠢᠯᠠᠵᠤ ᠢᠷᠡᠭᠰᠡᠨ ᠮᠠᠯᠵᠢᠬᠤ ᠤᠬᠠᠭᠠᠨ ᠪᠣᠯᠣᠨ ᠰᠢᠨ᠎ᠡ ᠴᠠᠭ ᠤᠨ ᠰᠢᠯᠢᠳᠡᠭ ᠮᠠᠯᠵᠢᠯ ᠤᠨ ᠤᠬᠠᠭᠠᠨ ᠲᠠᠢ ᠤᠶᠠᠯᠳᠤᠭᠤᠯᠤᠨ ᠲᠠᠪᠤᠨ ᠬᠤᠰᠢᠭᠤ ᠮᠠᠯ ᠢᠶᠠᠨ ᠲᠡᠭᠰᠢ ᠮᠠᠯᠵᠢᠵᠤ ᠶᠠᠪᠤᠭ᠎ᠠ ᠬᠡᠷᠦᠯᠦᠨ ᠭᠤᠣᠯ ᠤᠨ ᠳᠡᠨᠵᠢᠨ ᠤ ᠮᠠᠯᠴᠢᠨ ᠠᠶᠢᠯ ᠪᠣᠯᠣᠨ᠎ᠠ᠃ ᠲᠡᠮᠡᠴᠡᠯᠲᠦ᠂ ᠮᠢᠨᠳᠡᠷᠮ᠎ᠠ ᠬᠤᠶᠠᠷ ᠠᠶᠢᠯ ᠭᠡᠷ ᠪᠣᠰᠬᠠᠭᠠᠳ 26 ᠵᠢᠯ ᠤᠨ ᠨᠢᠭᠤᠷ ᠢ ᠦᠵᠡᠵᠦ ᠪᠠᠶᠢᠨ᠎ᠠ᠃ ᠲᠡᠳᠡ ᠬᠤᠶᠠᠷ ᠠᠵᠢᠯ ᠬᠦᠳᠡᠯᠮᠦᠷᠢ ᠳᠤ ᠭᠠᠷ ᠲᠡᠩᠴᠡᠵᠦ᠂ ᠭᠡᠷ ᠤᠨ ᠭᠠᠳᠠᠨ᠎ᠠ ᠳᠣᠲᠣᠨ᠎ᠠ ᠶᠢᠨ ᠠᠵᠢᠯ ᠳᠤ ᠬᠠᠮᠲᠤ ᠳᠠᠭᠠᠨ ᠴᠢᠷᠮᠠᠶᠢᠨ ᠬᠢᠵᠦ᠂ ᠬᠠᠷᠢᠯᠴᠠᠨ ᠲᠦᠰᠢᠯᠴᠡᠵᠦ᠂ ᠠᠮᠢᠳᠤᠷᠠᠯ ᠳᠤᠮᠳᠠ ᠠᠬᠠᠮᠠᠳ ᠤᠨ ᠰᠤᠷᠭᠠᠯ ᠢ ᠰᠣᠨᠣᠰᠴᠤ ᠬᠠᠷᠢᠯᠴᠠᠨ ᠬᠦᠨᠳᠦᠳᠬᠡᠵᠦ ᠬᠠᠷᠢᠯᠴᠠᠨ ᠬᠠᠶᠢᠷᠠᠯᠠᠯᠴᠠᠵᠤ᠂ ᠬᠠᠷᠢᠯᠴᠠᠨ ᠬᠠᠪᠰᠤᠷᠴᠤ ᠬᠠᠮᠲᠤ ᠪᠠᠷ ᠳᠠᠪᠰᠢᠵᠤ ᠢᠷᠡᠵᠡᠢ᠃ ᠲᠡᠳᠡ ᠬᠤᠶᠠᠷ ᠣᠯᠠᠨ ᠵᠢᠯ ᠤᠨ ᠲᠤᠷᠰᠢ ᠠᠮᠢᠳᠤᠷᠠᠯ ᠦᠢᠯᠡᠰ ᠲᠡᠭᠡᠨ ᠪᠣᠷᠪᠢ ᠪᠣᠬᠢᠰᠬᠢᠯ ᠦᠭᠡᠢ ᠶᠠᠭᠠᠷᠠᠯᠲᠠᠢ ᠠᠵᠢᠯᠯᠠᠳᠠᠭ ᠴᠤ ᠠᠵᠢᠯ ᠤᠨ ᠴᠢᠯᠦᠭᠡ ᠵᠠᠪ ᠢᠶᠠᠷ ᠢᠶᠠᠨ ᠢᠳᠡᠪᠬᠢᠲᠡᠢ ᠪᠠᠷ ᠦᠭᠡᠳᠡᠯᠡᠨ ᠳᠠᠪᠰᠢᠬᠤ᠂ ᠪᠣᠰᠣᠳ ᠢ ᠬᠠᠪᠰᠤᠷᠬᠤ ᠳᠤᠷᠠᠲᠠᠢ ᠡᠶᠡᠯᠳᠡᠭ ᠳᠣᠲᠣᠨᠣ ᠬᠦᠮᠦᠰ ᠶᠤᠮ᠃ ᠲᠡᠳᠡ ᠦᠪᠡᠷ ᠤᠨ ᠰᠢᠷᠭᠠᠭᠤ ᠬᠦᠳᠡᠯᠮᠦᠷᠢ ᠪᠠᠷ ᠢᠶᠠᠨ ᠬᠠᠮᠤᠭ ᠤᠨ ᠦᠨᠡᠨ ᠪᠣᠳᠠᠲᠠᠢ ᠵᠣᠯ ᠵᠢᠷᠭᠠᠯ ᠢ ᠱᠤᠭᠤᠨ ᠪᠣᠰᠬᠠᠵᠤ᠂ ᠬᠠᠮᠲᠤ ᠶᠢᠨ ᠴᠢᠷᠮᠠᠶᠢᠯᠭ᠎ᠠ ᠪᠠᠷ ᠡᠮᠡᠭᠲᠡᠢ ᠶᠢᠨ ᠡᠮᠨᠡᠯᠭᠡ ᠵᠣᠬᠢᠴᠠᠯ ᠲᠠᠢ ᠰᠠᠶᠢᠨ ᠰᠠᠶᠢᠬᠠᠨ ᠭᠡᠷ ᠪᠦᠯᠢ ᠶᠢ ᠪᠠᠶᠢᠭᠤᠯᠵᠤ ᠴᠢᠳᠠᠪᠠ᠃
     ᠲᠡᠮᠡᠴᠡᠯᠲᠦ 1996 ᠣᠨ ᠤ 11 ᠰᠠᠷ᠎ᠠ ᠳᠤ ᠢᠷᠠᠭᠤ ᠠᠯᠳᠠᠷᠲᠠᠢ ᠪᠠᠷ ᠡᠪ ᠬᠠᠮᠲᠤ ᠨᠠᠮ ᠤᠨ ᠭᠡᠰᠢᠭᠦᠨ ᠪᠣᠯᠵᠤ᠂ 1989 ᠣᠨ ᠠᠴᠠ ᠡᠬᠢᠯᠡᠨ ᠭᠠᠴᠠᠭᠠᠨ ᠤ ᠪᠠᠨ ᠡᠪᠯᠡᠯ ᠤᠨ ᠡᠭᠦᠷ ᠤᠨ ᠱᠦᠵᠢ᠂ ᠨᠢᠭᠲᠠᠯᠠᠨ ᠪᠣᠳᠣᠭᠴᠢ᠂ ᠳᠡᠳ᠋ ᠱᠦᠵᠢ᠂ ᠭᠠᠴᠠᠭᠠᠨ ᠳᠠᠷᠤᠭ᠎ᠠ᠂ ᠱᠦᠵᠢ ᠵᠡᠷᠭᠡ ᠲᠤᠰᠢᠶᠠᠯ ᠢ ᠬᠠᠷᠢᠭᠤᠴᠠᠪᠠ᠃ 2018 ᠣᠨ ᠳᠤ ᠭᠠᠴᠠᠭᠠᠨ ᠤ ᠠᠷᠠᠳ ᠤᠨ ᠰᠤᠩᠭᠤᠭᠤᠯᠢ ᠪᠠᠷ ᠳᠠᠮᠵᠢᠨ ᠨᠡᠩ ᠬᠦᠨᠳᠦ ᠲᠤᠰᠢᠶᠠᠯ ᠡᠭᠦᠷᠭᠡᠯᠡᠵᠦ ᠭᠠᠴᠠᠭᠠᠨ ᠤ ᠨᠠᠮ ᠤᠨ ᠡᠭᠦᠷ ᠤᠨ ᠱᠦᠵᠢ ᠪᠦᠭᠡᠳ ᠭᠠᠴᠠᠭᠠᠨ ᠳᠠᠷᠤᠭ᠎ᠠ ᠪᠣᠯᠪᠠ᠃ ᠲᠡᠷᠡ ᠡᠳᠡᠭᠡᠷ ᠵᠢᠯ ᠤᠨ ᠲᠤᠷᠰᠢ ︽ᠠᠷᠠᠳ ᠲᠦᠮᠡᠨ ᠤ ᠲᠦᠯᠦᠭᠡ ᠵᠢᠳᠬᠦᠬᠦ︾ ᠴᠢᠩ ᠦᠨᠡᠨᠴᠢ ᠰᠡᠳᠬᠢᠯ ᠢ ᠡᠪᠦᠷᠯᠡᠵᠦ᠂ ᠡᠯ᠎ᠡ ᠱᠠᠲᠤᠨ ᠤ ᠨᠠᠮ ᠤᠨ ᠲᠦᠯᠦᠭᠡᠯᠡᠭᠴᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ︽ᠤᠯᠠᠭᠠᠨ ᠪᠠᠬᠢᠯᠡᠯᠲᠡ ᠶᠢᠨ ᠡᠷᠦᠬᠡ︾ ᠵᠡᠷᠭᠡ ᠠᠵᠢᠯ ᠢ ᠬᠠᠷᠢᠭᠤᠴᠠᠵᠤ᠂ ᠬᠤᠪᠢᠳᠠᠭᠰᠠᠨ ᠠᠵᠢᠯ ᠢᠶᠠᠨ ᠭᠢᠯᠠᠯᠵᠠᠲᠠᠯ᠎ᠠ ᠪᠡᠶᠡᠯᠡᠭᠦᠯᠵᠦ ᠶᠠᠪᠤᠪᠠ᠃      ᠤᠷᠢᠳ ᠬᠤᠵᠢᠳ ᠭᠠᠴᠠᠭ᠎ᠠ᠂ ᠰᠣᠮᠣ᠂ ᠬᠤᠰᠢᠭᠤ᠂ ᠬᠤᠲᠠ ᠶᠢᠨ ᠳᠡᠰ ᠤᠨ ︽ᠰᠢᠯᠢᠳᠡᠭ ᠨᠠᠮ ᠤᠨ ᠭᠡᠰᠢᠭᠦᠨ︾᠂ 2012 ᠣᠨ ᠳᠤ ︽ᠰᠢᠨᠵᠢᠯᠡᠬᠦ ᠤᠬᠠᠭᠠᠨᠴᠢ ᠪᠠᠷ ᠴᠢᠨᠡᠭᠡᠯᠢᠭᠵᠢᠭᠰᠡᠨ ᠡᠷᠦᠬᠡ︾᠃ 2010 ᠣᠨ ᠳᠤ ᠭᠠᠴᠠᠭᠠᠨ ᠤ ᠪᠠᠨ ︽ᠬᠦᠳᠡᠯᠮᠦᠷᠢ ᠶᠢᠨ ᠵᠢᠱᠢᠶᠡᠴᠢ︾᠂ ︽ᠡᠭᠦᠯᠳᠡᠷ ᠰᠠᠶᠢᠵᠢᠷᠠᠭᠤᠯᠤᠭᠰᠠᠨ ᠵᠠᠯᠠᠭᠤ ᠡᠷᠦᠬᠡ︾᠂ ︽ᠰᠢᠯᠢᠳᠡᠭ ᠤᠮᠠᠷᠠᠲᠤ ᠬᠢᠯᠢ ᠶᠢᠨ ᠤᠯᠠᠭᠠᠨ ᠪᠠᠬᠢᠯᠡᠯᠲᠡ ᠶᠢᠨ ᠡᠷᠦᠬᠡ︾᠂ ︽ᠠᠳᠤᠭᠤ ᠪᠠᠷ ᠣᠷᠣᠶᠢᠯᠠᠭᠰᠠᠨ ᠮᠠᠯᠴᠢᠨ ᠡᠷᠦᠬᠡ︾᠂ ︽ᠬᠤᠰᠢᠭᠤᠨ ᠤ ᠪᠠᠨ ᠠᠷᠪᠠᠨ ᠰᠢᠯᠢᠳᠡᠭ ᠪᠣᠯᠪᠠᠰᠤᠨ ᠮᠠᠯᠴᠢᠨ︾ ᠵᠡᠷᠭᠡ ᠢᠷᠠᠭᠤ ᠠᠯᠳᠠᠷ ᠢ ᠬᠦᠷᠲᠡᠪᠡ᠃      ᠭᠡᠷ ᠪᠦᠯᠢ ᠶᠢᠨ ᠣᠷᠴᠢᠨ ᠲᠣᠭᠤᠷᠢᠨ ᠢᠶᠠᠨ ᠭᠤᠶᠣᠵᠢᠭᠤᠯᠵᠤ ᠨᠣᠭᠤᠭᠠᠷᠠᠭᠤᠯᠪᠠ      ᠲᠡᠮᠡᠴᠡᠯᠲᠦ ᠶᠢᠨ ᠠᠪᠤ ᠳᠤᠭᠤᠷᠪᠠᠭᠠᠲᠤᠷ ᠭᠤᠸᠠᠢ ᠪᠣᠯ ᠮᠦᠨ ᠴᠦ ᠮᠠᠯᠴᠢᠨ ᠲᠦᠮᠡᠨ ᠤ ᠪᠠᠨ ᠲᠦᠯᠦᠭᠡ 28 ᠵᠢᠯ ᠵᠢᠳᠬᠦᠭᠰᠡᠨ ᠭᠠᠴᠠᠭᠠᠨ ᠤ ᠠᠬᠠᠮᠠᠳ ᠨᠠᠮ ᠤᠨ ᠡᠭᠦᠷ ᠤᠨ ᠱᠦᠵᠢ ᠪᠣᠯᠣᠨ᠎ᠠ᠃ ᠨᠠᠰᠤ ᠪᠠᠷ ᠢᠶᠠᠨ ᠨᠤᠲᠤᠭ ᠤᠰᠤᠨ ᠢᠶᠠᠨ ᠲᠦᠰᠢᠵᠦ᠂ ᠮᠠᠯᠴᠢᠨ ᠶᠠᠪᠤᠭᠰᠠᠨ ᠲᠡᠷᠡ ᠪᠠᠷ ᠨᠡᠩ ᠢᠯᠠᠩᠭᠤᠶ᠎ᠠ ᠭᠠᠴᠠᠭᠠᠨ ᠤ ᠠᠬᠠᠮᠠᠳ ᠱᠦᠵᠢ ᠪᠣᠯᠣᠭᠰᠠᠨ ᠤ ᠬᠤᠪᠢ ᠳᠤ᠂ ᠳᠤᠭᠤᠷᠪᠠᠭᠠᠲᠤᠷ ᠭᠤᠸᠠᠢ ᠲᠠᠯ᠎ᠠ ᠨᠤᠲᠤᠭ ᠢᠶᠠᠨ ᠠᠯᠭᠠᠨ ᠵᠢᠷᠤᠭᠠᠰᠤ ᠪᠠᠨ ᠮᠡᠲᠦ ᠣᠶᠢᠯᠠᠭᠠᠳᠠᠭ ᠪᠦᠭᠡᠳ ᠬᠡᠵᠢᠶᠡᠳᠡ ᠨᠤᠲᠤᠭ ᠤᠰᠤ᠂ ᠦᠷ᠎ᠡ ᠬᠤᠶᠢᠴᠢᠰ ᠤᠨ ᠢᠶᠠᠨ ᠲᠦᠯᠦᠭᠡ ᠬᠤᠯᠠ ᠶᠢ ᠪᠣᠳᠣᠵᠤ ᠠᠯᠤᠰ ᠢ ᠰᠡᠳᠬᠢᠵᠦ ᠶᠠᠪᠤᠳᠠᠭ ᠬᠠᠰᠢᠷ ᠮᠠᠯᠴᠢᠨ ᠪᠠᠶᠢᠭᠰᠠᠨ ᠶᠤᠮ᠃ ᠦᠶ᠎ᠡ ᠤᠯᠠᠷᠢᠨ ᠠᠮᠢᠳᠤᠷᠠᠵᠤ ᠪᠠᠶᠢᠭ᠎ᠠ ᠨᠤᠲᠤᠭ ᠤᠰᠤ ᠪᠠᠨ ᠬᠠᠮᠠᠭᠠᠯᠠᠵᠤ ᠦᠷ᠎ᠡ ᠬᠤᠶᠢᠴᠢᠰ ᠲᠠᠭᠠᠨ ᠡᠷᠬᠢᠮ ᠨᠠᠨᠳᠢᠨ ᠥᠪ ᠬᠦᠷᠦᠩᠭᠡ ᠦᠯᠡᠳᠡᠭᠡᠵᠦ ᠥᠭᠬᠦ ᠶᠢᠨ ᠲᠦᠯᠦᠭᠡ ᠳᠤᠭᠤᠷᠪᠠᠭᠠᠲᠤᠷ ᠭᠤᠸᠠᠢ ᠨᠤᠲᠤᠭ ᠢᠶᠠᠨ ᠡᠯᠡᠰᠦᠷᠬᠡᠭᠵᠢᠬᠦ ᠶᠢ ᠰᠡᠷᠭᠡᠶᠢᠯᠡᠬᠦ ᠪᠠᠷ ᠰᠠᠶᠢᠨ ᠳᠤᠷ᠎ᠠ ᠠᠴᠠ ᠪᠠᠨ ᠭᠤᠣᠯ ᠤᠨ ᠲᠤᠬᠤᠢ ᠪᠠᠷ 400 ᠰᠢᠬᠠᠮ ᠮᠦ ᠪᠤᠷᠭᠠᠰᠤ ᠵᠠᠶᠢᠯᠠᠭᠰᠠᠨ ᠶᠤᠮ᠃ ᠬᠤᠯᠠᠴᠢ ᠤᠬᠠᠭᠠᠨ ᠲᠠᠢ ᠠᠪᠤ ᠶᠢᠨ ᠢᠶᠠᠨ ᠦᠢᠯᠡ ᠶᠢ 2003 ᠣᠨ ᠳᠤ ᠬᠦᠦ ᠨᠢ ᠪᠣᠯᠣᠭᠰᠠᠨ ᠲᠡᠮᠡᠴᠡᠯᠲᠦ ᠲᠣᠰᠣᠨ ᠠᠪᠴᠤ ᠦᠷᠬᠦᠯᠵᠢᠯᠡᠨ ᠭᠤᠣᠯ ᠤᠨ ᠲᠣᠬᠤᠢ ᠪᠠᠷ ᠴᠢᠴᠠᠷᠭᠠᠨ᠎ᠠ ᠪᠠ ᠤᠳᠠ ᠮᠣᠳᠣ ᠵᠠᠶᠢᠯᠠᠵᠤ᠂ ᠣᠳᠣᠬᠠᠨ ᠪᠣᠯᠲᠠᠯ᠎ᠠ ᠨᠢᠭᠡᠨᠲᠡ ᠬᠡᠳᠦᠨ ᠲᠦᠮᠡᠨ ᠰᠠᠭᠤᠷᠢ ᠪᠣᠯᠣᠭᠰᠠᠨ ᠭᠡᠨ᠎ᠡ᠃ ᠡᠳᠡᠨᠡᠶᠢᠬᠢᠨ ᠬᠤᠶᠠᠷ ᠦᠶ᠎ᠡ ᠶᠢᠨ ᠬᠦᠮᠦᠰ ᠤᠨ ᠴᠢᠷᠮᠠᠶᠢᠯᠭ᠎ᠠ ᠪᠠᠷ ᠠᠮᠢ ᠠᠬᠤᠶᠢᠴᠢ ᠤᠬᠠᠮᠰᠠᠷ ᠢ ᠬᠠᠷᠠᠭᠤᠯᠤᠭᠰᠠᠨ ᠮᠦᠷᠲᠡᠭᠡᠨ ᠣᠷᠴᠢᠨ ᠲᠣᠭᠤᠷᠢᠨ ᠢᠶᠠᠨ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠴᠠᠭ ᠢᠮᠠᠭᠲᠠ ᠣᠷᠴᠢᠨ ᠲᠣᠭᠤᠷᠢᠨ ᠤ ᠠᠷᠢᠭᠤᠨ ᠴᠡᠪᠡᠷ ᠪᠠᠶᠢᠬᠤ ᠶᠢ ᠡᠷᠬᠢᠮᠯᠡᠬᠦ ᠬᠡᠷᠡᠭᠲᠡᠢ ᠭᠡᠵᠦ ᠬᠡᠦᠬᠡᠳ ᠲᠡᠭᠡᠨ ᠵᠠᠬᠢᠳᠠᠭ᠃ ᠲᠡᠳᠡ ᠬᠦᠳᠡᠭᠡ ᠠᠮᠢᠳᠤᠷᠠᠵᠤ ᠪᠠᠶᠢᠭ᠎ᠠ ᠬᠢᠷᠢ ᠨᠢ ᠴᠢᠳᠠᠬᠤ ᠶᠢᠨ ᠳᠣᠲᠣᠷ᠎ᠠ ᠬᠤᠭ ᠨᠣᠪᠰᠢ ᠪᠠᠨ ᠲᠦᠷᠦᠯ ᠬᠤᠪᠢᠶᠠᠬᠤ ᠠᠵᠢᠯ ᠢ ᠭᠠᠷᠳᠠᠨ ᠬᠢᠵᠦ᠂ ᠣᠷᠴᠢᠨ ᠲᠣᠭᠤᠷᠢᠨ ᠢᠶᠠᠨ ᠬᠠᠮᠠᠭᠠᠯᠠᠬᠤ ᠳᠤ ᠬᠠᠶᠠᠭᠳᠠᠮᠠᠯ ᠬᠤᠭ ᠨᠣᠪᠰᠢ ᠶᠢᠨ ᠪᠤᠬᠢᠷᠲᠤᠯ ᠢ ᠤᠭ ᠡᠬᠢ ᠠᠴᠠ ᠨᠢ ᠰᠢᠢᠳᠪᠦᠷᠢᠯᠡᠬᠦ ᠪᠠᠷ ᠴᠢᠷᠮᠠᠶᠢᠳᠠᠭ᠃ 2019 ᠣᠨ ᠳᠤ ᠲᠡᠳᠡᠨᠡᠶᠢᠬᠢᠨ ᠰᠣᠮᠣ ᠶᠢᠨ ᠢᠶᠠᠨ ᠬᠤᠭ ᠨᠣᠪᠰᠢ ᠶᠢ ᠲᠦᠷᠦᠯ ᠵᠦᠢᠯ ᠠᠩᠭᠢᠯᠠᠭᠰᠠᠨ ᠳᠠᠭᠤᠷᠢᠶᠠᠯ ᠦᠵᠡᠭᠦᠯᠬᠦ ᠡᠷᠦᠬᠡ ᠪᠠᠷ ᠲᠣᠭᠲᠠᠭᠠᠭᠳᠠᠪᠠ᠃ ᠲᠡᠳᠡ ᠭᠡᠷ ᠲᠡᠭᠡᠨ ᠲᠤᠰᠬᠠᠶᠢᠯᠠᠨ ᠬᠤᠭ ᠨᠣᠪᠰᠢ ᠶᠢ ᠲᠦᠷᠦᠯ ᠠᠩᠭᠢᠯᠠᠬᠤ ᠭᠠᠵᠠᠷ ᠭᠠᠷᠭᠠᠵᠤ᠂ ᠬᠡᠰᠡᠭ ᠬᠤᠭᠤᠴᠠᠭ᠎ᠠ ᠪᠣᠯᠬᠤ ᠪᠦᠷᠢ ᠪᠤᠬᠢᠷᠲᠤᠯ ᠲᠠᠢ ᠬᠤᠭ ᠨᠣᠪᠰᠢ ᠶᠢ ᠵᠣᠬᠢᠰᠲᠠᠢ ᠲᠦᠷᠦᠯ ᠠᠩᠭᠢᠯᠠᠨ ᠰᠢᠢᠳᠪᠦᠷᠢᠯᠡᠵᠦ᠂ ᠤᠮᠳᠠᠭᠠᠨ ᠤ ᠯᠣᠩᠬᠤ᠂ ᠴᠠᠭᠠᠰᠤᠨ ᠬᠠᠶᠢᠷᠴᠠᠭ ᠵᠡᠷᠭᠡ ᠳᠠᠬᠢᠨ ᠠᠰᠢᠭᠯᠠᠵᠤ ᠪᠣᠯᠬᠤᠶᠢᠴᠠ ᠬᠤᠭ ᠨᠣᠪᠰᠢ ᠶᠢ ᠪᠤᠴᠠᠭᠠᠨ ᠬᠤᠷᠢᠶᠠᠬᠤ ᠦᠷᠲᠡᠭᠡ ᠳᠤ ᠬᠤᠳᠠᠯᠳᠤᠳᠠᠭ᠃      ᠲᠡᠮᠡᠴᠡᠯᠲᠦ ᠶᠢᠨ ᠬᠢᠨ ᠡᠶᠢᠨ ᠬᠦ ᠬᠤᠭ ᠨᠣᠪᠰᠢ ᠰᠢᠢᠳᠪᠦᠷᠢᠯᠡᠬᠦ ᠡᠳᠦᠷ ᠳᠤᠲᠤᠮ ᠤᠨ ᠵᠢᠵᠢᠭ ᠵᠦᠢᠯᠡᠰ ᠠᠴᠠ ᠭᠠᠷᠳᠠᠨ᠂ ᠪᠤᠷᠭᠠᠰᠤ ᠵᠠᠶᠢᠯᠠᠵᠤ ᠨᠤᠲᠤᠭ ᠢᠶᠠᠨ ᠬᠠᠮᠠᠭᠠᠯᠠᠬᠤ ᠠᠵᠢᠯ ᠢᠶᠠᠷ ᠳᠠᠮᠵᠢᠭᠤᠯᠤᠨ ᠡᠬᠡ ᠪᠠᠶᠢᠭᠠᠯᠢ ᠪᠠᠨ ᠬᠠᠮᠠᠭᠠᠯᠠᠬᠤ ᠤᠬᠠᠮᠰᠠᠷ ᠢ ᠪᠣᠢ ᠪᠣᠯᠭᠠᠵᠤ᠂ ᠭᠡᠷ ᠪᠦᠯᠢ ᠶᠢᠨ ᠡᠷᠬᠢᠮ ᠳᠡᠭᠡᠳᠦ ᠬᠡᠪ ᠰᠤᠷᠲᠠᠯ ᠢ ᠪᠦᠷᠢᠯᠳᠦᠭᠦᠯᠵᠦ ᠴᠢᠳᠠᠭᠰᠠᠨ ᠨᠢ ᠪᠠᠭ᠋ᠠᠷᠬᠠᠯᠲᠠᠢ᠃
     ᠡᠷᠡᠭᠦᠯ ᠪᠣᠯᠪᠠᠰᠤᠨ ᠡᠶ᠎ᠡ ᠵᠣᠬᠢᠴᠠᠩᠭᠤᠢ ᠣᠷᠴᠢᠨ ᠲᠣᠭᠤᠷᠢᠨ ᠢ ᠪᠣᠢ ᠪᠣᠯᠭᠠᠪᠠ      ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠭᠠᠴᠠᠭᠠᠨ ᠤ ᠪᠠᠨ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ᠂ ᠤᠮᠠᠷᠠᠲᠤ ᠬᠢᠯᠢ ᠶᠢᠨ ︽ᠤᠯᠠᠭᠠᠨ ᠪᠠᠬᠢᠯᠡᠯᠲᠡ ᠶᠢᠨ ᠡᠷᠦᠬᠡ︾ ᠪᠣᠯᠣᠭᠰᠠᠨ ᠲᠡᠮᠡᠴᠡᠯᠲᠦ ᠶᠢᠨ ᠬᠢᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠢᠳᠡᠪᠬᠢᠲᠡᠢ ᠠᠵᠢᠯᠯᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠭᠠᠴᠠᠭᠠᠨ ᠤ ᠪᠠᠨ ︽ᠬᠤᠳᠠᠯᠳᠤᠨ ᠠᠪᠤᠭᠴᠢ︾ ᠶᠢᠨ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠬᠦᠳᠡᠭᠡ ᠪᠠᠶᠢᠭ᠎ᠠ ᠣᠯᠠᠨ ᠲᠦᠮᠡᠨ ᠳᠤ ᠠᠮᠢᠳᠤᠷᠠᠯ ᠤᠨ ᠡᠳ᠋ ᠪᠣᠳᠠᠰ ᠤᠨ ᠬᠡᠷᠡᠭᠴᠡᠭᠡ ᠶᠢ ᠪᠠᠲᠤᠯᠠᠵᠤ᠂ ᠲᠤᠯᠭᠠᠮ᠎ᠠ ᠱᠠᠭᠠᠷᠳᠠᠭᠳᠠᠵᠤ ᠪᠠᠶᠢᠬᠤ ᠬᠡᠷᠡᠭᠴᠡᠭᠡ ᠶᠢ ᠬᠠᠩᠭᠠᠵᠤ ᠥᠭᠴᠡᠢ᠃      ᠲᠡᠳᠡᠨᠡᠶᠢᠬᠢᠨ ᠬᠢᠵᠢᠭ ᠲᠠᠢ ᠲᠡᠮᠡᠴᠡᠬᠦ ᠡᠮᠦᠨ᠎ᠡ ᠹᠷᠤᠨᠲ ᠲᠤ 2000 ᠲᠦᠬᠦᠷᠢᠭ ᠤᠨ ᠬᠠᠶᠢᠷ᠎ᠠ ᠬᠠᠯᠠᠮᠵᠢ ᠶᠢᠨ ᠮᠦᠩᠭᠦ ᠬᠠᠨᠳᠢᠪᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠦᠪᠡᠷ ᠤᠨ ᠬᠤᠪᠢ ᠨᠡᠮᠡᠷᠢ ᠪᠠᠨ ᠦᠵᠡᠭᠦᠯᠵᠡᠢ᠃ ᠡᠭᠦᠨ ᠤ ᠬᠠᠮᠲᠤ ᠪᠠᠰᠠ ᠴᠠᠭ ᠭᠠᠷᠭᠠᠵᠤ ᠪᠠᠶᠢᠭᠠᠳ ᠬᠠᠷᠠᠭᠤᠯ ᠦᠷᠲᠡᠭᠡᠨ ᠤ ᠲᠣᠭᠤᠭᠠᠴᠢ ᠶᠢ ᠬᠠᠪᠰᠤᠷᠤᠨ ᠠᠵᠢᠯᠯᠠᠵᠤ᠂ ᠡᠮᠦᠨ᠎ᠡ ᠹᠷᠤᠨᠲ ᠲᠤ ᠲᠡᠮᠡᠴᠡᠵᠦ ᠪᠠᠶᠢᠭ᠎ᠠ ᠠᠵᠢᠯᠲᠠᠳ ᠢ ᠬᠠᠪᠰᠤᠷᠤᠨ ᠲᠡᠳᠡᠨ ᠤ ᠬᠦᠴᠢᠷ ᠪᠡᠷᠬᠡᠰᠢᠶᠡᠯ ᠢ ᠨᠢ ᠰᠢᠢᠳᠪᠦᠷᠢᠯᠡᠵᠡᠢ᠃      ᠲᠡᠮᠡᠴᠡᠯᠲᠦ᠂ ᠮᠢᠨᠳᠡᠷᠮ᠎ᠠ ᠬᠤᠶᠠᠷ ᠣᠯᠠᠨ ᠵᠦᠢᠯ ᠤᠨ ᠣᠶᠢᠷ᠎ᠠ ᠵᠡᠷᠭᠡᠯᠡᠳᠡᠭᠡ ᠠᠮᠢᠳᠤᠷᠠᠯ ᠬᠦᠴᠢᠷᠲᠡᠢ ᠬᠦᠮᠦᠰ ᠢ ᠬᠠᠪᠰᠤᠷᠤᠨ ᠳᠡᠮᠵᠢᠬᠦ ᠠᠵᠢᠯ ᠢ ᠬᠢᠵᠦ ᠢᠷᠡᠵᠡᠢ᠃ ᠠᠮᠢᠳᠤᠷᠠᠯ ᠬᠦᠴᠢᠷᠲᠡᠢ ᠡᠷᠦᠬᠡ ᠶᠢᠨ ᠬᠦᠮᠦᠨ ᠡᠪᠡᠳᠴᠢᠨ ᠳᠤ ᠨᠡᠷᠪᠡᠭᠳᠡᠭᠡᠳ ᠪᠠᠶᠢᠬᠤ ᠳᠤ ᠲᠡᠳᠡ ᠬᠤᠶᠠᠭᠤᠯᠠ ᠵᠣᠭᠤᠰ ᠮᠦᠩᠭᠦ᠂ ᠡᠳ᠋ ᠪᠣᠳᠠᠰ ᠢᠶᠠᠷ ᠳᠡᠮᠵᠢᠯᠭᠡ ᠦᠵᠡᠭᠦᠯᠵᠦ᠂ ᠬᠦᠴᠢᠷ ᠵᠣᠪᠠᠯᠠᠩ ᠢ ᠲᠤᠭᠤᠯᠬᠤ ᠳᠤ ᠬᠠᠪᠰᠤᠷᠤᠯᠭ᠎ᠠ ᠪᠣᠯᠳᠠᠭ᠃ ᠮᠦᠨ ᠴᠦ ᠠᠮᠢᠳᠤᠷᠠᠯ ᠬᠦᠴᠢᠷᠲᠡᠢ ᠠᠴᠠ ᠪᠣᠯᠵᠤ ᠰᠤᠷᠭᠠᠭᠤᠯᠢ ᠰᠣᠶᠣᠯ ᠤᠨ ᠮᠦᠷ ᠢ ᠬᠦᠭᠡᠭᠡᠵᠦ ᠴᠢᠳᠠᠬᠤ ᠦᠭᠡᠢ ᠬᠡᠦᠬᠡᠳ ᠢ ᠬᠠᠪᠰᠤᠷᠤᠨ ᠳᠡᠮᠵᠢᠵᠦ᠂ ᠲᠡᠳᠡᠨ ᠳᠤ ᠰᠣᠶᠣᠯ ᠪᠣᠯᠪᠠᠰᠤᠷᠠᠯ ᠬᠦᠷᠲᠡᠬᠦ ᠵᠠᠪᠰᠢᠶᠠᠨ ᠢ ᠣᠯᠭᠤᠨ ᠥᠭᠳᠡᠭ᠃
     ᠲᠡᠮᠡᠴᠡᠯᠲᠦ᠂ ᠮᠢᠨᠳᠡᠷᠮ᠎ᠠ ᠬᠤᠶᠠᠭᠤᠯᠠ ᠬᠡᠳᠦᠶᠢᠪᠡᠷ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠪᠣᠯᠪᠠᠴᠤ ᠦᠪᠡᠷ ᠤᠨ ᠬᠡᠦᠬᠡᠳ ᠢᠶᠠᠨ ᠶᠡᠭᠡ ᠰᠤᠷᠭᠠᠭᠤᠯᠢ ᠶᠢᠨ ᠣᠶᠣᠲᠠᠨ᠂ ᠰᠤᠳᠤᠯᠬᠤ ᠰᠤᠷᠤᠭᠴᠢ ᠪᠠᠷ ᠬᠦᠮᠦᠵᠢᠭᠦᠯᠦᠨ ᠭᠠᠷᠭᠠᠵᠤ᠂ ᠨᠡᠶᠢᠭᠡᠮ ᠨᠡᠶᠢᠲᠡ ᠳᠤ ᠲᠤᠰᠠᠲᠠᠢ ᠬᠦᠮᠦᠨ ᠪᠣᠯᠭᠠᠨ ᠰᠤᠷᠭᠠᠨ ᠬᠦᠮᠦᠵᠢᠭᠦᠯᠪᠡ᠃ ᠲᠡᠳᠡ ᠬᠤᠶᠠᠭᠤᠯᠠ ᠬᠡᠦᠬᠡᠳ ᠳᠡᠭᠦᠦ ᠨᠠᠷ ᠲᠤ ᠪᠠᠨ ᠪᠣᠰᠣᠳ ᠢ ᠬᠠᠪᠰᠤᠷᠬᠤ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠬᠤ ᠳᠤ ᠦᠪᠡᠷ ᠤᠨ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠠᠮᠢᠳᠤᠷᠠᠯ ᠤᠨ ᠳᠤᠮᠳᠠ ᠪᠠᠨ ᠵᠥᠪ ᠰᠠᠨᠠᠭ᠎ᠠ᠂ ᠵᠥᠪ ᠡᠨᠧᠷᠬᠢ ᠲᠠᠢ ᠠᠮᠢᠳᠤᠷᠠᠬᠤ ᠶᠢ ᠰᠠᠨᠠᠭᠠᠴᠢᠯᠠᠳᠠᠭ᠃      ᠲᠡᠮᠡᠴᠡᠯᠲᠦ ᠮᠢᠨᠳᠡᠷᠮ᠎ᠠ ᠬᠤᠶᠠᠭᠤᠯᠠ ᠠᠮᠢᠳᠤᠷᠠᠯ ᠳᠤᠮᠳᠠ ᠪᠠᠨ ᠬᠠᠷᠢᠯᠴᠠᠨ ᠬᠠᠪᠰᠤᠷᠤᠯᠴᠠᠵᠤ᠂ ᠭᠡᠷ ᠣᠷᠣᠨ ᠢᠶᠠᠨ ᠬᠦᠳᠡᠯᠮᠦᠷᠢ ᠴᠢᠷᠮᠠᠶᠢᠯᠭ᠎ᠠ ᠶᠢᠨ ᠬᠦᠴᠦᠨ ᠳᠤ ᠴᠣᠭᠴᠠᠯᠠᠨ ᠪᠠᠶᠢᠭᠤᠯᠵᠤ᠂ ᠬᠡᠦᠬᠡᠳ ᠢᠶᠠᠨ ᠶᠣᠰᠣ ᠮᠤᠷᠠᠯ ᠰᠤᠷᠲᠠᠯ ᠲᠠᠢ ᠦᠰᠭᠡᠨ ᠬᠦᠮᠦᠵᠢᠭᠦᠯᠵᠦ᠂ ᠪᠠᠶᠢᠩᠭᠤ ᠵᠥᠪ ᠢ ᠰᠡᠳᠬᠢᠵᠦ᠂ ᠨᠡᠶᠢᠲᠡ ᠣᠯᠠᠨ ᠤ ᠲᠦᠯᠦᠭᠡ ᠰᠠᠨᠠᠭᠠᠴᠢᠯᠠᠭ᠎ᠠ ᠠᠴᠠ ᠪᠠᠨ ᠠᠵᠢᠯ ᠬᠢᠵᠦ ᠶᠠᠪᠤᠭᠰᠠᠨ ᠠᠴᠠ ᠨᠡᠶᠢᠲᠡ ᠣᠯᠠᠨ ᠤ ᠬᠦᠨᠳᠦᠳᠬᠡᠯ ᠪᠢᠰᠢᠷᠡᠯ ᠢ ᠬᠦᠷᠲᠡᠭᠰᠡᠨ ᠶᠤᠮ᠃      ᠲᠡᠮᠡᠴᠡᠯᠲᠦ ᠶᠢᠨ ᠬᠢᠨ 2021 ᠣᠨ ᠢᠶᠠᠨ ᠠᠮᠵᠢᠯᠲᠠ ᠳᠦᠭᠦᠷᠡᠩ ᠥᠩᠭᠡᠷᠡᠭᠦᠯᠦᠭᠰᠡᠨ ᠪᠣᠯ ᠢᠷᠡᠵᠦ ᠪᠤᠢ 2020 ᠣᠨ ᠳᠠᠭᠠᠨ ᠦᠯᠡᠵᠡᠢ ᠬᠡᠶᠢᠮᠦᠷᠢ ᠲᠠᠢ ᠪᠠᠶᠢᠬᠤ ᠨᠢ ᠯᠠᠪᠲᠠᠢ᠃                                  ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠰᠢᠷᠡᠬᠦᠦ
 
ᠢᠷᠡᠯᠲᠡ᠄ ᠬᠦᠯᠦᠨ ᠪᠣᠶᠢᠷ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号