ᠰᠢᠨ᠎ᠡ ᠵᠢᠯ ᠤᠨ ᠡᠬᠢᠨ ᠤ ᠡᠳᠦᠷ ᠪᠦᠬᠡᠪᠠᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/1/4
     ᠰᠢᠨ᠎ᠡ ᠣᠨ ᠤ ᠡᠬᠢᠨ ᠳᠤ ᠲᠦᠮᠡᠨ ᠪᠣᠳᠠᠰ ᠰᠢᠨᠡᠳᠦᠨ ᠠᠮᠢᠯᠠᠨ᠎ᠠ᠃ 2022 ᠣᠨ ᠤ 1 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ᠂ ᠡᠳ᠋ ᠪᠣᠳᠠᠰ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠪᠠ᠃ ᠲᠡᠷᠡ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠤᠯᠠᠨ ᠤ ᠪᠠᠶᠠᠷ ᠤᠨ ᠡᠳᠦᠷ ᠢᠶᠠᠨ ᠪᠠᠶᠠᠷ ᠵᠢᠷᠭᠠᠯ ᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠢᠶᠠᠨ ᠹᠧᠩ ᠯᠢᠨ ᠪᠠᠷ᠎ᠠ ᠪᠣᠯᠪᠠ᠃      ᠪᠦᠬᠡᠪᠠᠶᠠᠷ ᠤᠰᠤ ᠬᠠᠩᠭᠠᠬᠤ ᠦᠢᠯᠡᠳᠪᠦᠷᠢ᠂ ᠴᠢᠩ ᠱᠧᠩ ᠢᠯᠴᠢ ᠶᠢᠨ ᠬᠦᠴᠦᠨ ᠤ ᠺᠣᠮᠫᠠᠨᠢ ᠳᠤ ᠬᠦᠷᠴᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠬᠤ᠂ ᠵᠢᠵᠢᠭᠦᠷᠯᠡᠨ ᠰᠠᠬᠢᠬᠤ ᠵᠡᠷᠭᠡ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠡᠯ᠎ᠡ ᠰᠠᠯᠠᠭ᠎ᠠ ᠮᠥᠴᠢᠷ ᠤᠨ ᠨᠢᠭᠡ ᠵᠢᠯ ᠤᠨ ᠲᠤᠷᠰᠢᠬᠢ ᠠᠵᠢᠯ ᠢ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠢᠯᠴᠢ᠂ ᠤᠰᠤ ᠬᠠᠩᠭᠠᠬᠤ ᠠᠵᠢᠯ ᠪᠣᠯ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠪᠠᠶᠢᠳᠠᠭ᠂ ᠡᠨᠡ ᠪᠣᠯ ᠠᠷᠠᠳ ᠤᠨ ᠠᠮᠢᠳᠤᠷᠠᠯ ᠤᠨ ᠨᠢᠭᠡᠨ ᠴᠢᠬᠤᠯᠠ ᠢᠨᠵᠧᠨᠧᠷᠢᠩ ᠮᠥᠨ᠃ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠳ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠢᠯᠴᠢ᠂ ᠤᠰᠤ ᠬᠠᠩᠭᠠᠬᠤ ᠵᠡᠷᠭᠡ ᠭᠤᠤᠯᠳᠠᠯᠭ᠎ᠠ ᠲᠠᠢ ᠪᠠᠲᠤᠯᠠᠭ᠎ᠠ ᠶᠢᠨ ᠠᠵᠢᠯ ᠢ ᠨᠥᠬᠦᠴᠡᠯ ᠥᠬᠡᠶ ᠪᠠᠷ᠂ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠷᠭᠡᠨ ᠣᠯᠠᠨ ᠲᠦᠮᠡᠨ ᠢ ᠳᠤᠯᠠᠭᠠᠬᠠᠨ᠂ ᠲᠠᠭᠠᠯᠠᠮᠵᠢᠲᠠᠶ᠂ ᠬᠠᠨᠤᠮᠵᠢᠲᠠᠶ ᠪᠠᠶᠢᠯᠭᠠᠬᠤ ᠬᠡᠷᠡᠭᠲᠡᠶ᠃ ᠡᠭᠦᠨ ᠤ ᠬᠠᠮᠲᠤ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠴᠢᠩᠭ᠎ᠠ ᠠᠳᠬᠤᠵᠤ᠂ ᠠᠮᠤᠷ ᠲᠦᠪᠰᠢᠨ ᠤ ᠭᠡᠮ ᠰᠣᠭᠤᠭ ᠢ ᠭᠦᠨᠵᠡᠭᠡᠢ ᠪᠠᠶᠢᠴᠠᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠢᠯᠴᠢ ᠬᠠᠩᠭᠠᠬᠤ ᠺᠣᠮᠫᠠᠨᠢ ᠶᠢᠨ ᠬᠢᠨ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢᠶᠠᠨ ᠲᠡᠭᠦᠯᠳᠡᠷᠵᠢᠭᠦᠯᠦᠨ᠂ ᠬᠤᠭᠤᠯᠠᠶ ᠲᠣᠤᠷ ᠤᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠢᠯᠴᠢ ᠬᠠᠩᠭᠠᠬᠤ ᠠᠵᠢᠯᠯᠠᠭᠠᠨ ᠤ ᠪᠠᠲᠤᠯᠠᠭ᠎ᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠤᠲᠠ ᠪᠠᠯᠭᠠᠰᠤ ᠶᠢ ᠨᠠᠩ ᠢᠯᠡᠭᠦᠤ ᠠᠷᠠᠳ ᠤᠨ ᠠᠮᠢᠳᠤᠷᠠᠯ ᠤᠨ ︽ᠳᠤᠯᠠᠭᠠᠴᠠ︾ ᠲᠠᠢ ᠪᠣᠯᠭᠠᠬᠤ ᠬᠡᠷᠡᠭᠲᠡᠶ᠃ ᠤᠰᠤ ᠬᠠᠩᠭᠠᠬᠤ ᠦᠢᠯᠡᠳᠪᠦᠷᠢ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠠᠲᠤᠳᠬᠠᠵᠤ᠂ ᠠᠵᠢᠯ ᠤᠨ ᠲᠦᠷᠢᠮ ᠢᠶᠠᠨ ᠲᠡᠭᠦᠯᠳᠡᠷᠵᠢᠭᠦᠯᠦᠨ᠂ ᠵᠢᠷᠤᠮᠵᠢᠯ ᠲᠠᠢ ᠠᠵᠢᠯᠯᠠᠬᠤ ᠶᠢ ᠪᠠᠲᠤᠯᠠᠵᠤ᠂ ᠤᠰᠤ ᠬᠠᠩᠭᠠᠬᠤ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠂ ᠤᠯᠠᠨ ᠲᠦᠮᠡᠨ ᠳᠤ ᠠᠮᠤᠷ ᠲᠦᠪᠰᠢᠨ ᠤᠰᠤ ᠤᠤᠭᠤᠯᠭᠠᠵᠤ᠂ ᠰᠠᠨᠠᠭ᠎ᠠ ᠠᠮᠤᠷ ᠤᠰᠤ ᠤᠤᠭᠤᠯᠭᠠᠬᠤ ᠬᠡᠷᠡᠭᠲᠡᠢ ᠭᠡᠵᠡᠢ᠃      ᠡᠮᠦᠨ᠎ᠡ ᠭᠠᠷᠬᠤ ᠡᠭᠦᠳᠡ ᠶᠢᠨ ᠲᠣᠰᠣ ᠨᠡᠮᠡᠬᠦ ᠥᠷᠲᠡᠭᠡᠨ ᠳᠤ ᠪᠦᠬᠡᠪᠠᠶᠠᠷ᠂ ᠠᠵᠢᠯᠯᠠᠵᠤ ᠪᠠᠶᠢᠭ᠎ᠠ ᠬᠥᠮᠦᠰ ᠲᠤ ᠬᠠᠮᠢᠶ᠎ᠠ ᠪᠦᠬᠦᠢ ᠮᠡᠳᠡᠯᠭᠡ ᠶᠢᠨ ᠪᠣᠯᠪᠠᠰᠤᠷᠠᠯ ᠬᠦᠷᠲᠡᠭᠡᠵᠦ᠂ ᠮᠠᠰᠢᠨ ᠲᠡᠷᠭᠡ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠠᠷᠠᠭᠠᠯᠵᠠᠵᠤ᠂ ᠦᠷᠳᠡᠭᠡ ᠳᠤ ᠣᠷᠣᠵᠤ ᠲᠤᠰᠤ ᠨᠡᠮᠡᠬᠦ ᠬᠥᠮᠦᠰ ᠤᠨ ᠠᠮᠠᠪᠴᠢ ᠵᠡᠭᠦᠬᠦ᠂ ᠪᠡᠶ᠎ᠡ ᠶᠢᠨ ᠦᠨᠡᠮᠯᠡᠯ ᠤᠨ ᠪᠠᠶᠢᠴᠠᠭᠠᠯᠲᠠ ᠪᠠ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠬᠦ ᠶᠢ ᠬᠦᠳᠦᠯᠦᠨ ᠵᠢᠯᠣᠭᠤᠳᠴᠤ᠂ ᠲᠤᠰᠤ ᠨᠡᠮᠡᠬᠦ ᠴᠠᠭ ᠢ ᠪᠠᠭᠠᠰᠬᠠᠨ᠂ ᠬᠥᠮᠦᠨ ᠴᠤᠭᠯᠠᠷᠠᠬᠤ ᠠᠴᠠ ᠵᠠᠶᠢᠯᠠᠰᠬᠢᠵᠦ᠂ ᠲᠤᠰᠤ ᠨᠡᠮᠡᠬᠦ ᠦᠷᠳᠡᠭᠡ ᠶᠢ ᠸᠢᠷᠦ᠋ᠰ ᠤᠨ ᠰᠣᠯᠪᠢᠴᠠᠨ ᠬᠠᠯᠳᠠᠪᠤᠷᠢᠯᠠᠬᠤ ᠭᠠᠵᠠᠷ ᠪᠣᠯᠭᠠᠬᠤ ᠦᠭᠡᠢ ᠪᠠᠶᠢᠬᠤ ᠶᠢ ᠪᠠᠲᠤᠯᠠᠵᠤ᠂ ᠸᠢᠷᠦ᠋ᠰ ᠤᠨ ᠬᠠᠯᠳᠠᠪᠤᠷᠢᠯᠠᠬᠤ ᠶᠢ ᠡᠬᠢ ᠡᠭᠦᠰᠦᠯ ᠠᠴᠠ ᠨᠢ ᠪᠦᠷᠢᠮᠦᠰᠦᠨ ᠲᠠᠰᠤᠯᠬᠤ ᠬᠡᠷᠡᠭᠲᠡᠢ ᠭᠡᠵᠦ ᠱᠠᠭᠠᠷᠳᠠᠪᠠ᠃      ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠡᠷᠡᠭᠴᠡᠭᠡ ᠨᠡᠮᠡᠭᠳᠡᠵᠦ᠂ ᠲᠠᠸᠠᠷ ᠤᠨ ᠬᠠᠩᠭᠠᠯᠭ᠎ᠠ ᠶᠢ ᠳᠠᠭᠠᠵᠤ ᠠᠮᠵᠢᠬᠤ ᠡᠰᠡᠬᠦ᠂ ᠦᠨ᠎ᠡ ᠬᠠᠩᠰᠢ ᠲᠣᠭᠲᠠᠭᠤᠨ ᠡᠰᠡᠬᠦ ᠶᠢ ᠦᠵᠡᠬᠦ ᠪᠠᠷ ᠪᠦᠬᠡᠪᠠᠶᠠᠷ ᠶᠢᠨ ᠵᠢᠶᠧ ᠵᠠᠬ᠎ᠠ ᠳᠡᠯᠭᠡᠭᠦᠷ ᠲᠤ ᠬᠦᠷᠴᠦ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠠᠰᠠᠭᠤᠨ ᠯᠠᠪᠯᠠᠵᠤ᠂ ᠬᠤᠳᠠᠯᠳᠤᠭᠠᠨ ᠤ ᠡᠷᠦᠬᠡ ᠪᠣᠯᠤᠨ ᠨᠣᠭᠤᠭ᠎ᠠ ᠬᠤᠳᠠᠯᠳᠤᠨ ᠠᠪᠬᠤ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ᠂ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ᠂ ᠨᠣᠭᠤᠭ᠎ᠠ ᠶᠢᠨ ᠬᠠᠩᠭᠠᠯᠭ᠎ᠠ᠂ ᠦᠨ᠎ᠡ ᠬᠠᠩᠰᠢ ᠶᠢᠨ ᠬᠤᠪᠢᠷᠠᠯᠲᠠ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠢ ᠲᠡᠷᠢᠭᠦᠨ ᠳᠤ ᠲᠠᠯᠪᠢᠳᠠᠭ᠂ ᠡᠶᠢᠮᠦ ᠠᠴᠠ ᠣᠯᠠᠨ ᠠᠷᠭ᠎ᠠ ᠵᠠᠮ ᠢᠶᠠᠷ ᠪᠠᠷᠠᠭᠠᠨ ᠤ ᠢᠷᠡᠯᠲᠡ ᠶᠢ ᠵᠣᠬᠢᠶᠠᠨ ᠪᠠᠶᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠮᠤ ᠲᠣᠰᠣ᠂ ᠮᠢᠬᠠᠨ ᠤ ᠵᠦᠢᠯ᠂ ᠤᠰᠤᠨ ᠤ ᠭᠠᠷᠤᠯᠲᠠ᠂ ᠢᠳᠡᠰᠢᠨ ᠨᠣᠭᠤᠭ᠎ᠠ᠂ ᠵᠢᠮᠢᠰ ᠤᠨ ᠬᠠᠩᠭᠠᠯᠭ᠎ᠠ ᠶᠢ ᠪᠠᠲᠤᠯᠠᠨ᠂ ᠦᠨ᠎ᠡ ᠬᠠᠩᠰᠢ ᠶᠢ ᠲᠣᠭᠲᠠᠭᠤᠨ ᠪᠠᠶᠢᠯᠭᠠᠵᠤ᠂ ᠠᠶᠤᠯᠭᠦᠶ ᠪᠥᠭᠡᠳ ᠴᠢᠨᠠᠷ ᠰᠠᠶᠢᠲᠠᠶ ᠪᠠᠶᠢᠯᠭᠠᠬᠤ ᠬᠡᠷᠡᠭᠲᠡᠶ ᠭᠡᠵᠡᠶ᠃ ᠬᠤᠳᠠᠯᠳᠤᠭᠠᠨ ᠤ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠣᠷᠣᠬᠤ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠣᠷᠴᠢᠨ ᠲᠣᠭᠤᠷᠢᠨ ᠳᠤ ᠠᠷᠢᠭᠤᠳᠬᠠᠯ ᠬᠢᠬᠦ ᠠᠵᠢᠯ ᠢ ᠵᠣᠬᠢᠶᠠᠨ ᠪᠠᠶᠢᠭᠤᠯᠵᠤ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠪᠠᠶᠢᠩᠭᠤᠵᠢᠭᠤᠯᠤᠨ ᠪᠠᠶᠢᠴᠠᠭᠠᠨ ᠬᠡᠮᠵᠢᠬᠦ ᠶᠢ ᠰᠠᠶᠢᠲᠤᠷ ᠠᠳᠬᠤᠵᠤ᠂ ᠲᠠᠸᠠᠷ ᠤᠨ ᠪᠥᠬᠦ ᠶᠠᠪᠤᠴᠠ ᠶᠢ ᠮᠥᠷᠳᠡᠵᠦ ᠪᠣᠯᠬᠤ ᠶᠢ ᠪᠠᠲᠤᠯᠠᠬᠤ ᠬᠡᠷᠡᠭᠲᠡᠶ ᠭᠡᠵᠡᠢ᠃                                           ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号