ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠦᠢᠲᠡᠨ ᠬᠡᠯᠬᠢᠶᠡᠲᠦ ᠢᠳᠡᠭᠡᠨ ᠪᠠ ᠬᠦᠢᠲᠡᠨ ᠬᠡᠯᠬᠢᠶᠡᠲᠦ ᠪᠤᠰᠤ ᠲᠠᠸᠠᠷ ᠲᠤ ᠲᠤᠰᠬᠠᠶ ᠪᠠᠶᠢᠴᠠᠭᠠᠯᠲᠠ ᠥᠷᠨᠢᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠪᠣᠢ
ᠨᠡᠶᠢᠲᠡᠯᠡᠭᠰᠡᠨ ᠴᠠᠭ᠄
2022/1/4
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠂ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠰᠢᠨ᠎ᠡ ᠲᠢᠳᠢᠮᠯᠢᠭ ᠸᠢᠷᠦ᠋ᠰ ᠤᠨ ᠬᠦᠢᠲᠡᠨ ᠬᠡᠯᠬᠢᠶᠡᠨ ᠤ ᠵᠥᠭᠡᠭᠡᠪᠦᠷᠢ ᠪᠠᠷ ᠳᠡᠮᠵᠢᠨ ᠬᠠᠯᠳᠠᠪᠤᠷᠢᠯᠠᠬᠤ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠷᠢᠨ ᠬᠢᠨᠠᠮᠠᠭᠠᠶ ᠳᠠᠶᠢᠴᠢᠯᠠᠨ ᠪᠠᠶᠢᠷᠢᠯᠠᠭᠤᠯᠵᠤ᠂ ᠬᠦᠢᠲᠡᠨ ᠬᠡᠯᠬᠢᠶᠡᠲᠦ ᠢᠳᠡᠭᠡᠨ ᠪᠠ ᠬᠦᠢᠲᠡᠨ ᠬᠡᠯᠬᠢᠶᠡᠲᠦ ᠪᠤᠰᠤ ᠲᠠᠸᠠᠷ ᠲᠤ ᠲᠤᠰᠬᠠᠶ ᠪᠠᠶᠢᠴᠠᠭᠠᠯᠲᠠ ᠥᠷᠨᠢᠭᠦᠯᠪᠡ᠃
     ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶ᠎ᠠ ᠣᠷᠣᠨ ᠤ ᠬᠤᠳᠠᠯᠳᠤᠭ᠎ᠠ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ ᠵᠡᠷᠭᠡ ᠭᠠᠵᠠᠷ ᠲᠤ ᠭᠦᠨᠵᠡᠭᠡᠶᠢᠷᠡᠵᠦ᠂ ᠬᠦᠢᠲᠡᠨ ᠬᠡᠯᠬᠢᠶᠡᠲᠦ ᠢᠳᠡᠭᠡᠨ᠂ ᠬᠦᠢᠲᠡᠨ ᠬᠡᠯᠬᠢᠶᠡᠲᠦ ᠪᠤᠰᠤ ᠲᠠᠸᠠᠷ ᠤᠨ ᠲᠦᠭᠦᠬᠡᠶ ᠮᠠᠲ᠋ᠧᠷᠢᠶᠠᠯ᠂ ᠬᠤᠳᠠᠯᠳᠤᠨ ᠠᠪᠬᠤ᠂ ᠪᠠᠷᠠᠭ᠎ᠠ ᠣᠷᠣᠭᠤᠯᠬᠤ ᠡᠬᠡ ᠳᠠᠩᠰᠠ᠂ ᠦᠢᠯᠡᠳᠬᠦᠨ ᠤ ᠶᠠᠰᠤ ᠴᠢᠨᠠᠷ᠂ ᠢᠳᠡᠭᠡᠨ ᠤ ᠢᠷᠡᠯᠲᠡ᠂ ᠰᠢᠯᠭᠠᠨ ᠪᠠᠶᠢᠴᠠᠭᠠᠭᠰᠠᠨ ᠬᠢᠵᠢᠭ ᠪᠠᠶᠢᠴᠠᠭᠠᠭᠰᠠᠨ ᠭᠡᠷᠡᠴᠢ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠢᠴᠢ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠦᠨᠡᠮᠯᠡᠯ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ᠂ ᠡᠵᠡᠩᠨᠡᠭᠴᠢᠳ ᠢ ᠰᠢᠮᠳᠠᠭᠤᠯᠤᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠣᠷᠴᠢᠨ ᠲᠣᠭᠤᠷᠢᠨ ᠢ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ ᠵᠢᠴᠢ ᠬᠥᠮᠦᠰ ᠤᠨ ᠰᠡᠷᠭᠡᠶᠢᠯᠡᠨ ᠬᠠᠮᠠᠭᠠᠯᠠᠯᠲᠠ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠥᠷᠨᠢᠭᠦᠯᠵᠦ᠂ ᠬᠦᠢᠲᠡᠨ ᠬᠡᠯᠬᠢᠶᠡᠲᠦ ᠢᠳᠡᠭᠡᠨ ᠢ ᠬᠠᠳᠠᠭᠠᠯᠠᠬᠤ᠂ ᠡᠳ᠋ᠰᠢᠭᠦᠯᠬᠦ᠂ ᠪᠣᠷᠣᠯᠠᠭᠤᠯᠬᠤ᠂ ᠢᠳᠡᠭᠡᠨ ᠤᠮᠳᠠᠭᠠᠨ ᠤ ᠭᠠᠵᠠᠷ ᠵᠡᠷᠭᠡ ᠬᠡᠯᠬᠢᠶᠡᠰᠦ ᠶᠢᠨ ᠴᠤᠪᠤᠷᠠᠯ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠬᠦᠢᠲᠡᠨ ᠬᠡᠯᠬᠢᠶᠡᠲᠦ ᠢᠳᠡᠭᠡᠨ ᠤ ᠢᠷᠡᠯᠲᠡ ᠶᠢ ᠪᠠᠶᠢᠴᠠᠭᠠᠵᠤ ᠪᠣᠯᠬᠤ᠂ ᠬᠠᠮᠢᠭᠠᠰᠢ ᠶᠠᠪᠤᠬᠤ ᠶᠢ ᠨᠡᠬᠡᠮᠵᠢᠯᠡᠵᠦ ᠪᠣᠯᠬᠤ᠂ ᠲᠦᠭᠰᠢᠭᠦᠷᠢ ᠶᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠪᠠ᠃
     ᠲᠣᠰ ᠤᠳᠠᠭᠠᠨ ᠤ ᠪᠠᠶᠢᠴᠠᠭᠠᠯᠲᠠ ᠳᠤ ᠲᠣᠮᠣ ᠳᠤᠮᠳᠠ ᠬᠡᠯᠪᠡᠷᠢ ᠶᠢᠨ ᠢᠳᠡᠭᠡᠨ ᠤᠮᠳᠠᠭᠠᠨ ᠤ ᠭᠠᠵᠠᠷ 15 ᠪᠠᠶᠢᠵᠤ᠂ ᠡᠭᠦᠨ ᠳᠤ ᠲᠡᠮᠦᠷ ᠲᠣᠭᠤᠭ᠎ᠠ ᠪᠠᠷ ᠴᠢᠨᠠᠬᠤ ᠬᠤᠭᠤᠯᠠᠨ ᠭᠡᠷ 2᠂ ᠬᠠᠯᠠᠭᠤᠨ ᠲᠣᠭᠤᠭᠠᠨ ᠤ ᠭᠠᠵᠠᠷ 1᠂ ᠥᠷᠯᠥᠭᠡ ᠶᠢᠨ ᠬᠤᠭᠤᠯᠠᠨ ᠤ ᠭᠠᠵᠠᠷ 7᠂ ᠰᠢᠷᠠᠮᠠᠯ ᠤᠨ ᠳᠡᠯᠭᠡᠭᠦᠷ 4᠂ ᠰᠢᠷᠠᠭᠰᠠᠨ ᠮᠢᠬᠠᠨ ᠤ ᠬᠤᠭᠤᠯᠠᠨ ᠭᠡᠷ 1 ᠪᠠᠭᠲᠠᠵᠤ᠂ ᠨᠡᠶᠢᠲᠡ 26 ᠬᠤᠪᠢ ᠠᠮᠠᠯᠠᠯᠲᠠ ᠶᠢᠨ ᠪᠢᠴᠢᠭ ᠲᠠᠷᠬᠠᠭᠠᠪᠠ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠬᠦᠢᠲᠡᠨ ᠬᠡᠯᠬᠢᠶᠡᠲᠦ ᠢᠳᠡᠭᠡᠨ᠂ ᠬᠦᠢᠲᠡᠨ ᠬᠡᠯᠬᠢᠶᠡᠲᠦ ᠪᠤᠰᠤ ᠲᠠᠸᠠᠷ ᠤᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠬᠤᠯᠪᠣᠭᠳᠠᠯ ᠪᠥᠬᠦᠶ ᠬᠤᠳᠠᠯᠳᠤᠭᠠᠨ ᠤ ᠡᠷᠦᠬᠡ ᠶᠢᠨ ᠲᠣᠭᠲᠠᠭᠠᠯ ᠶᠣᠰᠣᠭᠠᠷ ᠡᠵᠡᠩᠨᠡᠬᠦ ᠶᠢ ᠬᠢᠨᠠᠮᠠᠭᠠᠶ ᠰᠢᠪᠠᠳᠠᠨ ᠱᠠᠭᠠᠷᠳᠠᠵᠤ᠂ ᠦᠢᠯᠡᠳᠪᠦᠷᠢᠯᠡᠯ ᠡᠵᠡᠩᠨᠡᠯᠲᠡ ᠶᠢᠨ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠥᠬᠦ ᠬᠤᠰᠢᠭᠤᠨ ᠤ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ᠎ᠠ᠃                                     ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号