ᠭᠤᠤ ᠷᠦᠨ ᠰᠢ ᠮᠠᠨ ᠤ ᠬᠤᠰᠢᠭᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠣᠳᠣᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2022/1/5
     12 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠷᠦᠨ ᠰᠢ ᠮᠠᠨ ᠤ ᠬᠤᠰᠢᠭᠤᠨ ᠤ ᠤᠷᠱᠤᠨ ᠬᠥᠭᠦᠷᠭᠡ ᠶᠢᠨ ᠪᠠᠶᠢᠴᠠᠭᠠᠬᠤ ᠥᠷᠲᠡᠭᠡ᠂ ᠮᠣᠩᠭᠤᠯ ᠡᠮᠨᠡᠯᠭᠡ ᠶᠢᠨ ᠬᠤᠷᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠸᠠᠺᠼᠢᠨ ᠤ ᠲᠠᠷᠢᠯᠭ᠎ᠠ ᠶᠢᠨ ᠴᠡᠭ᠂ ᠰᠡᠷᠭᠡᠶᠢᠯᠡᠨ ᠡᠵᠡᠮᠳᠡᠬᠦ ᠡᠳ᠋ ᠪᠣᠳᠠᠰ ᠨᠥᠭᠡᠴᠡᠯᠡᠬᠦ ᠬᠥᠮᠥᠷᠭᠡ ᠪᠠ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ᠂ ᠨᠡᠶᠢᠭᠡᠮ ᠤᠨ ᠬᠠᠮᠢᠶᠠᠷᠤᠨ ᠡᠵᠡᠮᠳᠡᠬᠦ᠂ ᠭᠤᠤᠯᠳᠠᠯᠭ᠎ᠠ ᠲᠠᠢ ᠬᠥᠮᠦᠰ ᠢ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠬᠤ᠂ ᠸᠠᠺᠼᠢᠨ ᠤ ᠲᠠᠷᠢᠯᠭ᠎ᠠ ᠬᠢᠬᠦ᠂ ᠡᠳ᠋ ᠪᠣᠳᠠᠰ ᠨᠥᠭᠡᠴᠡᠯᠡᠬᠦ ᠪᠠ ᠰᠠᠭᠤᠭᠠᠯᠢ ᠠᠷᠠᠳ ᠤᠨ ᠲᠣᠭᠤᠷᠢᠭ ᠤᠨ ᠪᠠᠶᠢᠰᠢᠩ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠶᠢᠨ ᠬᠠᠮᠲᠤ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠠᠵᠢᠯᠲᠠᠳ ᠢ ᠡᠷᠬᠢᠨ ᠦᠵᠡᠵᠦ ᠲᠣᠬᠤᠨᠢᠭᠤᠯᠪᠠ᠃      ᠬᠤᠲᠠ ᠶᠢᠨ ᠤᠳᠤᠷᠢᠳᠤᠯᠭ᠎ᠠ ᠬᠠᠨ ᠯᠢ ᠫᠢᠩ᠂ ᠬᠤᠸᠠᠩ ᠹᠧᠩ᠂ ᠾᠧ ᠲᠤᠤ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠭᠤᠤ ᠷᠦᠨ ᠰᠢ᠂ ᠰᠢᠨ᠎ᠡ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠯᠠᠪᠳᠠᠭᠤᠨ ᠪᠠᠲᠤᠲᠠᠶ ᠨᠠᠷᠢᠨ ᠬᠢᠨᠠᠮᠠᠭᠠᠢ ᠰᠡᠬᠦᠯ ᠬᠤᠷᠢᠶᠠᠬᠤ ᠱᠠᠲᠤᠨ ᠳᠤ ᠣᠷᠣᠪᠠ᠂ ᠠᠯᠢ ᠨᠢᠭᠡ ᠭᠤᠭᠴᠤᠭ᠎ᠠ ᠳᠤ ᠠᠯᠳᠠᠭ᠎ᠠ ᠭᠠᠷᠴᠤ᠂ ᠬᠡᠨ ᠨᠢᠭᠡᠨ ᠰᠣᠨᠣᠷ ᠰᠡᠷᠡᠮᠵᠢ ᠪᠠᠨ ᠰᠤᠯᠠᠷᠠᠭᠤᠯᠪᠠᠯ᠂ ᠬᠢᠵᠢᠭ ᠳᠠᠬᠢᠨ ᠳᠡᠯᠭᠡᠷᠡᠬᠦ ᠪᠣᠯᠤᠯᠴᠠᠭ᠎ᠠ ᠲᠠᠢ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠪᠠ ᠳᠤᠳᠤᠭᠠᠳᠤ  ᠳᠤ ᠪᠠᠨ ᠳᠠᠬᠢᠨ ᠡᠬᠦᠰᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠠ ︽ᠬᠥᠳᠡᠯᠦᠩᠭᠦᠶ ᠪᠠᠷ ᠠᠷᠢᠯᠭᠠᠬᠤ︾ ᠶᠡᠷᠦᠩᠬᠡᠶ ᠴᠢᠭᠯᠡᠯᠲᠡ ᠶᠢ ᠪᠠᠷᠢᠮᠳᠠᠯᠠᠵᠤ᠂ ᠳᠠᠭᠤᠰᠤᠨ ᠳᠠᠭᠤᠰᠲᠠᠯ᠎ᠠ ᠪᠣᠯᠭᠤᠮᠵᠢᠯᠠᠬᠤ᠂ ᠦᠴᠦᠬᠡᠨ ᠴᠤ ᠰᠤᠯᠠᠷᠠᠬᠤ ᠦᠭᠡᠢ ᠪᠠᠷ ᠰᠢᠨ᠎ᠡ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ᠂ ᠪᠠᠶᠠᠷ ᠤᠨ ᠡᠳᠦᠷ ᠤᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠬᠦᠯᠵᠦ᠂ ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃
     ᠭᠤᠤ ᠷᠦᠨ ᠰᠢ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢᠶᠠᠨ ᠲᠡᠭᠦᠯᠳᠡᠷᠵᠢᠭᠦᠯᠵᠦ᠂ ᠱᠠᠳᠤ ᠱᠠᠳᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠲᠤ ᠴᠣᠭᠴᠠᠯᠠᠵᠤ᠂ ᠨᠠᠷᠢᠨ ᠬᠢᠨᠠᠮᠠᠭᠠᠢ ᠰᠡᠬᠦᠯ ᠬᠤᠷᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠢ︔ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠲᠤᠰᠬᠠᠢ ᠪᠠᠶᠢᠭᠤᠯᠭ᠎ᠠ ᠪᠠ ᠤᠯᠠᠨ ᠲᠦᠮᠡᠨ ᠢ ᠤᠶᠠᠯᠳᠤᠭᠤᠯᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠬᠦ ᠬᠡᠷᠡᠭᠲᠡᠢ︔ ᠡᠳ᠋ ᠪᠣᠳᠠᠰ ᠤᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠤᠢᠢᠷ᠎ᠠ ᠶᠢᠨ ᠬᠤᠭᠤᠴᠠᠭᠠᠨ ᠤ ᠲᠦᠢᠯ ᠤᠨ ᠬᠦᠢᠳᠡᠨ ᠠᠭᠤᠷ ᠠᠮᠢᠰᠬᠤᠯ ᠳᠤ ᠴᠢᠭᠯᠡᠭᠦᠯᠦᠨ᠂ ᠬᠦᠢᠳᠡᠨ ᠢ ᠰᠡᠷᠭᠡᠶᠢᠯᠡᠬᠦ ᠬᠤᠪᠴᠠᠰᠤ ᠬᠤᠨᠠᠷ᠂ ᠡᠮᠴᠢᠯᠡᠭᠡᠨ ᠤ ᠰᠡᠷᠭᠡᠶᠢᠯᠡᠨ ᠬᠠᠮᠠᠭᠠᠯᠠᠯᠲᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠬᠡᠷᠡᠭᠴᠡᠭᠡ ᠶᠢ ᠴᠠᠭ ᠲᠤᠬᠠᠢ ᠳᠤᠨᠢ ᠬᠠᠩᠭᠠᠵᠤ᠂ ᠤᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠪᠠᠲᠤᠯᠠᠵᠤ᠂ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ︔ ᠨᠡᠶᠢᠭᠡᠮ ᠤᠨ ᠲᠠᠯ᠎ᠠ ᠶᠢᠨ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠲᠦᠷᠭᠡᠨ ᠲᠤᠰᠬᠠᠯ ᠭᠠᠷᠭᠠᠵᠤ ᠰᠢᠢᠳᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠲᠠᠶᠢᠨ ᠤ ᠦᠶ᠎ᠡ ᠶᠢᠨ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠪᠦᠲᠦᠮᠵᠢᠲᠡᠢ ᠠᠷᠭᠠᠴᠠᠭᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ︔ ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ ᠦᠷᠦᠭᠡ᠂ ᠲᠤᠰᠠᠭᠠᠷᠯᠠᠬᠤ ᠪᠠᠭᠤᠳᠠᠯ᠂ ᠡᠮᠴᠢᠯᠡᠭᠡᠨ ᠤ ᠪᠠᠶᠢᠭᠤᠯᠤᠮᠵᠢ᠂ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠭᠤᠭᠴᠤᠭ᠎ᠠ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠪᠥᠬᠦ ᠵᠠᠮ ᠮᠥᠷ ᠢᠶᠠᠷ ᠪᠦᠬᠦᠨ ᠢ ᠪᠢᠲᠡᠭᠦᠮᠵᠢᠯᠡᠵᠦ ᠡᠴᠦᠰ ᠲᠤᠨᠢ ᠠᠷᠢᠯᠭᠠᠬᠤ ᠶᠢ ᠴᠢᠩᠭ᠎ᠠ ᠬᠢᠵᠦ᠂ ᠪᠥᠬᠦ ᠶᠠᠪᠤᠴᠠ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠬᠢᠨᠠᠮᠠᠭᠠᠶ ᠥᠷᠨᠢᠭᠦᠯᠵᠦ᠂ ᠬᠠᠮᠤᠷᠤᠭᠳᠠᠬᠤ ᠦᠭᠡᠢ ᠣᠷᠣᠨ ᠦᠯᠡᠳᠡᠭᠡᠬᠦ ᠥᠬᠡᠶ᠂ ᠨᠢᠭᠡ ᠶᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠵᠤ᠂ ᠴᠢᠩᠭ᠎ᠠ ᠰᠤᠷᠲᠠᠯ᠂ ᠪᠣᠳᠠᠲᠠᠶ ᠠᠷᠭ᠎ᠠ ᠬᠡᠮᠵᠢᠶ᠎ᠡ᠂ ᠭᠦᠢᠴᠡᠳ ᠡᠷᠴᠢ ᠵᠣᠷᠢᠭ ᠢᠶᠠᠷ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠰᠠᠬᠢᠵᠤ᠂ ᠠᠵᠤ ᠠᠬᠤᠶ ᠨᠡᠶᠢᠭᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠳᠤ ᠠᠮᠤᠷ ᠲᠦᠪᠰᠢᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号