ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/1/5
     ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠭᠠᠵᠢᠮ ᠢᠶᠠᠷ ᠲᠣᠭᠲᠠᠪᠤᠷᠢᠵᠢᠵᠤ᠂ ᠰᠢᠨ᠎ᠡ ᠵᠢᠯ᠂ ᠴᠠᠭᠠᠨ ᠰᠠᠷ᠎ᠠ ᠪᠠᠨ ᠤᠳᠠᠯ ᠦᠭᠡᠢ ᠤᠭᠲᠤᠬᠤ ᠪᠣᠯᠤᠨ᠎ᠠ᠃ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠶᠢᠨ ᠲᠥᠯᠥᠭᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠣᠶᠢᠷ᠎ᠠ ᠳᠤ ᠬᠤᠷᠠᠯ ᠬᠤᠷᠠᠯᠳᠤᠭᠤᠯᠤᠨ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠱᠠᠭᠠᠷᠳᠠᠯᠭ᠎ᠠ ᠵᠢᠴᠢ ᠳᠡᠭᠡᠳᠦ ᠱᠠᠲᠤᠨ ᠤ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠠᠶ ᠠᠵᠢᠯ ᠤᠨ ᠲᠣᠬᠢᠷᠠᠭᠤᠯᠤᠯᠲᠠ ᠶᠢ ᠳᠤᠷᠠᠳᠤᠨ ᠭᠠᠷᠭᠠᠪᠠ᠃      ᠨᠢᠭᠡ ᠳᠤ ᠬᠢᠵᠢᠭ ᠤᠨ ᠪᠠᠶᠢᠳᠠᠯ ᠢ ᠡᠰᠡᠷᠭᠦᠴᠡᠬᠦ ᠠᠵᠢᠯ ᠤᠨ ᠢᠯᠠᠯᠲᠠ ᠶᠢ ᠣᠯᠤᠭᠰᠠᠨ ᠨᠢ ᠬᠢᠯᠪᠠᠷ ᠪᠤᠰᠤ ᠶᠤᠮ᠂ ᠡᠷᠬᠡᠪᠰᠢ ᠦᠷᠭᠦᠯᠵᠢᠯᠡᠨ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠩᠭᠤ ᠶᠢᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ︽ᠬᠤᠶᠠᠷ ᠪᠠᠶᠠᠷ︾ ᠤᠨ ᠬᠤᠭᠤᠴᠠᠭᠠᠨ ᠳᠤ ᠬᠥᠮᠦᠰ ᠤᠨ ᠰᠢᠯᠵᠢᠯᠲᠡ ᠶᠢᠨ ᠴᠢᠨᠠᠷ ᠶᠡᠭᠡ ᠪᠠᠶᠢᠬᠤ ᠪᠠᠶᠢᠳᠠᠯ ᠳᠤ ᠴᠢᠭᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠡᠭᠦᠳᠡᠯ ᠬᠥᠮᠦᠰ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃
     ᠬᠤᠶᠠᠷ ᠲᠤ ᠳᠠᠭᠠᠭᠠᠴᠢᠯᠠᠭᠰᠠᠨ ᠨᠡᠶᠢᠭᠡᠮ ᠲᠣᠭᠤᠷᠢᠭ ᠲᠠᠢ ᠢᠳᠡᠪᠬᠢᠲᠡᠶ ᠨᠡᠪᠲᠡᠷᠡᠯᠴᠡᠨ᠂ ᠨᠢᠭᠲᠠ ᠬᠠᠮᠵᠢᠯᠴᠠᠵᠤ᠂ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠂ ᠨᠡᠶᠢᠭᠡᠮ ᠲᠣᠭᠤᠷᠢᠭ ᠢ ᠴᠠᠭ ᠲᠤᠬᠠᠶ ᠳᠤᠨᠢ ᠪᠦᠲᠦᠮᠵᠢᠲᠡᠶ ᠬᠠᠪᠰᠤᠷᠤᠨ ᠬᠢᠵᠢᠭ ᠤᠨ ᠪᠠᠶᠢᠳᠠᠯ ᠤᠨ ᠡᠯ᠎ᠡ ᠵᠦᠢᠯ ᠤᠨ ᠠᠵᠢᠯ ᠢ ᠥᠷᠨᠢᠭᠦᠯᠵᠦ᠂ ᠳᠠᠭᠠᠭᠠᠴᠢᠯᠠᠭᠰᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠴᠢ ᠪᠠᠶᠢᠭᠤᠯᠭ᠎ᠠ ᠨᠢᠭᠡᠴᠡ ᠶᠢᠨ ᠠᠵᠢᠯᠲᠠᠨ ᠠᠵᠢᠯᠴᠢᠨ ᠤ ᠬᠡᠷ ᠪᠦᠯᠢ ᠶᠢᠨ ᠬᠢᠨ ᠤ ᠸᠠᠺᠼᠢᠨ ᠤ ᠲᠠᠷᠢᠯᠭ᠎ᠠ ᠶᠢᠨ ᠳᠠᠶᠢᠴᠢᠯᠠᠯᠲᠠ ᠪᠠ ᠤᠬᠠᠭᠤᠯᠭ᠎ᠠ ᠶᠢ ᠴᠢᠩᠭᠠᠳᠬᠠᠵᠤ᠂ ᠲᠠᠷᠢᠯᠭ᠎ᠠ ᠬᠢᠬᠦ ᠶᠣᠰᠤᠲᠠᠢ ᠬᠦᠮᠦᠰ ᠢ ᠴᠥᠮ ᠲᠠᠷᠢᠯᠭ᠎ᠠ ᠬᠢᠯᠭᠡᠬᠦ ᠬᠡᠷᠡᠭᠲᠡᠢ᠃      ᠭᠤᠷᠪᠠ ᠳᠤ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠣᠷᠣᠵᠤ ᠭᠠᠷᠬᠤ ᠬᠥᠮᠦᠰ ᠤᠨ ᠳᠡᠩᠰᠡᠯᠡᠯᠲᠡ᠂ ᠪᠡᠶ᠎ᠡ ᠶᠢᠨ ᠳᠤᠯᠠᠭᠠᠨ ᠤ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠦᠵᠡᠯ ᠰᠠᠨᠠᠭ᠎ᠠ ᠲᠠᠨᠢᠯᠲᠠ ᠪᠠ ᠬᠠᠷᠢᠭᠤᠴᠠᠯᠭ᠎ᠠ ᠶᠢᠨ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠬᠠᠮᠲᠤᠪᠠᠷ ᠪᠠᠬᠢᠵᠢᠭᠦᠯᠬᠦ ᠬᠡᠷᠡᠭᠲᠡᠢ᠃      ᠳᠦᠷᠪᠡ ᠳᠤ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠂ ᠬᠡᠷᠡᠭᠵᠢᠭᠦᠯᠬᠦ ᠲᠥᠰᠦᠯ ᠲᠣᠭᠲᠠᠭᠠᠵᠤ᠂ ᠡᠭᠦᠷᠭᠡ ᠪᠠᠨ ᠲᠣᠳᠣᠷᠬᠠᠶᠢᠯᠠᠵᠤ᠂ ᠲᠠᠷᠢᠶᠠᠯᠠᠩ ᠤᠨ ᠮᠠᠰᠢᠨ᠂ ᠵᠢᠭᠠᠰᠤᠨ ᠠᠵᠤ ᠠᠬᠤᠶ᠂ ᠮᠠᠯ ᠤᠨ ᠡᠮ ︵ᠲᠠᠷᠢᠶᠠᠨ ᠡᠮ︶᠂ ᠲᠡᠵᠢᠭᠡᠯ ᠡᠪᠡᠰᠦ ᠪᠣᠷᠳᠤᠭ᠎ᠠ᠂ ᠨᠢᠲᠤᠯᠬᠤ ᠠᠵᠤ ᠠᠬᠤᠶᠢᠯᠠᠯ ᠵᠢᠴᠢ ᠤᠰᠤᠨ ᠠᠰᠢᠭᠯᠠᠯᠲᠠ ᠶᠢᠨ ᠬᠦᠷᠢᠶᠡᠨ ᠳᠠᠬᠢ ᠬᠢᠨᠠᠯᠲᠠ ᠪᠠᠶᠢᠴᠠᠭᠠᠯᠲᠠ ᠶᠢ ᠭᠤᠣᠯᠳᠠᠯᠭ᠎ᠠ ᠲᠠᠢ ᠥᠷᠨᠢᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠢ︔ ᠲᠡᠷᠡ ᠳᠠᠷᠤᠢ ᠳᠤᠨᠢ ᠰᠢᠢᠳᠪᠦᠷᠢᠯᠡᠵᠦ ᠳᠡᠶᠢᠯᠬᠦ ᠦᠭᠡᠢ ᠪᠣᠯ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃      ᠲᠠᠪᠤ ᠳᠤ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠠ ᠠᠵᠢᠯ ᠲᠦᠷᠦᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠰᠤᠯᠠᠷᠠᠬᠤ ᠪᠤᠳᠤᠯ ᠢ ᠲᠡᠪᠴᠢᠵᠦ᠂ ᠤᠳᠤᠷᠢᠳᠤᠯᠭ᠎ᠠ ᠠᠵᠢᠯ ᠤᠨ ᠪᠠᠶᠢᠷᠢ ᠳᠠᠭᠠᠨ ᠵᠢᠵᠢᠭᠦᠷᠯᠡᠬᠦ ᠪᠠ ᠴᠢᠬᠤᠯᠠ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ ᠮᠡᠳᠡᠭᠡ ᠵᠠᠩᠭᠢ ᠶᠢ ᠲᠤᠬᠢᠷᠠᠭᠤᠯᠬᠤ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠬᠠᠮᠠᠭᠠᠯᠠᠵᠤ᠂ ᠠᠮᠤᠷ ᠲᠦᠪᠰᠢᠨ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠢ ᠬᠠᠮᠲᠤᠪᠠᠷ ᠥᠩᠭᠡᠷᠡᠭᠦᠯᠬᠦ ᠬᠡᠷᠡᠭᠲᠡᠢ᠃                                         ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号