10 ᠰᠠᠷ᠎ᠠ ᠶᠢᠨ 9 ᠤ ᠡᠳᠦᠷ᠂ ᠮᠠᠨ ᠤ ᠬᠤᠰᠢᠭᠤ ᠭᠤᠷᠪᠠᠳᠤᠭᠠᠷ ᠡᠭᠡᠯᠵᠢ ᠶᠢᠨ ᠣᠷᠣᠨ ᠪᠦᠰᠡ ᠶᠢᠨ | ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠥᠷᠨᠢᠭᠦᠯᠵᠦ᠂ ᠮᠠᠨ ᠤ ᠬᠤᠰᠢᠭᠤᠨ ᠤ ᠬᠠᠷᠢᠶ᠎ᠠ | ᠣᠷᠣᠨ ᠳᠤ ᠰᠠᠭᠤᠭ᠎ᠠ ᠪᠣᠶ ᠪᠦᠬᠦᠢ ᠬᠥᠮᠥᠰ ︵ᠲᠣᠰ ᠭᠠᠵᠠᠷ ᠤᠨ ᠪᠠᠶᠢᠩᠭᠤ ᠰᠠᠭᠤᠭ᠎ᠠ ᠬᠥᠮᠥᠨ ᠠᠮᠠ᠂ ᠲᠦᠷ | ᠴᠠᠭ ᠤᠨ ᠨᠡᠭᠦᠳᠡᠯ ᠬᠥᠮᠥᠨ ᠠᠮᠠ᠂ ᠭᠠᠳᠠᠨ᠎ᠠ ᠣᠷᠣᠨ ᠤ ᠬᠦᠮᠦᠰ ᠵᠡᠷᠭᠡ ᠪᠠᠭᠲᠠᠨ᠎ᠠ︶ ᠰᠢᠯᠭᠠᠨ ᠪᠠᠶᠢᠴᠠᠭᠠᠯᠲᠠ ᠳᠤ | ᠣᠷᠣᠯᠴᠠᠵᠤ᠂ ᠨᠡᠶᠢᠲᠡ 40581 ᠬᠦᠮᠦᠨ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ | ᠪᠠᠶᠢᠴᠠᠭᠠᠯᠲᠠ ᠶᠢᠨ ᠦᠷ᠎ᠡ ᠳ᠋ᠦᠩ ᠳᠤ ᠪᠢᠯᠢᠭ ᠴᠢᠨᠠᠷᠲᠠᠢ 40574 ᠬᠥᠮᠥᠨ ᠪᠠᠶᠢᠵᠤ᠂ ᠠᠷᠭ᠎ᠠ ᠴᠢᠨᠠᠷᠲᠠᠢ 7 | ᠬᠦᠮᠦᠨ ︵ᠲᠦᠪᠯᠡᠷᠡᠭᠦᠯᠦᠨ ᠬᠠᠮᠢᠶᠠᠷᠤᠨ ᠡᠵᠡᠮᠳᠡᠵᠦ ᠪᠠᠶᠢᠭ᠎ᠠ ᠬᠦᠮᠦᠰ ᠠᠴᠠ ᠠᠷᠭ᠎ᠠ ᠴᠢᠨᠠᠷᠲᠠᠢ 6 ᠬᠥᠮᠥᠨ᠂ | ᠲᠦᠪᠯᠡᠷᠡᠭᠦᠯᠦᠨ ᠬᠠᠮᠢᠶᠠᠷᠤᠨ ᠡᠵᠡᠮᠳᠡᠵᠦ ᠪᠠᠶᠢᠭ᠎ᠠ ᠣᠷᠣᠨ ᠠᠴᠠ ᠠᠷᠭ᠎ᠠ ᠴᠢᠨᠠᠷᠲᠠᠢ 1 ᠬᠦᠮᠦᠨ︶ ᠢ ᠢᠯᠡᠷᠡᠭᠦᠯᠵᠦ᠂ | ᠨᠡᠶᠢᠲᠡ ᠠᠷᠭ᠎ᠠ ᠴᠢᠨᠠᠷᠲᠠᠢ 18 ᠬᠥᠮᠥᠨ ᠪᠣᠯᠵᠤ ᠨᠡᠮᠡᠭᠳᠡᠪᠡ ︵ᠡᠭᠦᠨ ᠳᠤ ᠣᠨᠣᠰᠢᠯᠠᠭᠳᠠᠭᠰᠠᠨ ᠬᠦᠮᠦᠨ 2᠂ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 16 ᠬᠦᠮᠦᠨ︶᠃ | ᠣᠳᠣᠬᠠᠨ ᠳᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠶᠡᠷᠦᠩᠬᠡᠢ ᠳᠡᠭᠡᠨ ᠡᠵᠡᠮᠳᠡᠵᠦ ᠪᠣᠯᠬᠤ | ᠪᠣᠯᠪᠠᠴᠤ᠂ ᠲᠦᠭᠰᠢᠭᠦᠷᠢ ᠮᠥᠨ ᠣᠷᠣᠰᠢᠭᠰᠠᠭᠠᠷ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠡᠷᠬᠡᠪᠰᠢ | ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠠᠷᠠᠳ ᠢᠷᠭᠡᠳ ᠤᠨ ᠡᠭᠦᠷᠭᠡ ᠬᠠᠷᠢᠭᠤᠴᠠᠯᠭ᠎ᠠ ᠪᠠᠨ | ᠰᠠᠶᠢᠲᠤᠷ ᠭᠦᠢᠴᠡᠳᠬᠡᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ | ᠱᠠᠭᠠᠷᠳᠠᠯᠭ᠎ᠠ ᠶᠣᠰᠣᠭᠠᠷ᠂ ᠲᠣᠭᠲᠠᠩᠭᠤᠢ ᠬᠤᠭᠤᠴᠠᠭᠠᠨ ᠳᠠᠬᠢ ᠬᠠᠮᠢᠶᠠᠷᠤᠯᠲᠠ ᠳᠤ ᠰᠠᠶᠢᠲᠤᠷ ᠬᠠᠮᠵᠢᠯᠴᠠᠵᠤ᠂ | ᠲᠠᠷᠠᠭᠠᠴᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠣᠰ ᠪᠡᠶ᠎ᠡ ᠶᠢᠨ | ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠨ᠂ ᠪᠦᠭᠡᠮᠨᠡᠷᠡᠨ ᠴᠤᠭᠯᠠᠷᠠᠬᠤ ᠦᠭᠡᠢ᠂ ᠨᠡᠶᠢᠭᠡᠮ ᠤᠨ ᠬᠠᠷᠢᠯᠴᠠᠭᠠᠨ ᠤ | 1 ᠮᠧᠲᠷ ᠤᠨ ᠵᠠᠢ ᠶᠢ ᠪᠠᠲᠤᠯᠠᠵᠤ᠂ ᠪᠡᠶ᠎ᠡ ᠶᠢᠨ ᠳᠤᠯᠠᠭᠠᠨ ᠬᠡᠮᠵᠢᠬᠦ᠂ ᠺᠣᠳ᠋ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠳᠤ ᠢᠳᠡᠪᠬᠢᠲᠡᠢ ᠬᠠᠮᠵᠢᠯᠴᠠᠨ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ | ᠴᠤᠤᠷᠬᠠᠯ ᠳᠠᠮᠵᠢᠭᠤᠯᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ | ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 10 ᠰᠠᠷ᠎ᠠ ᠶᠢᠨ 10 ᠤ ᠡᠳᠦᠷ |