ᠤᠴᠢᠷ ᠰᠢᠯᠲᠠᠭᠠᠨ ᠦᠭᠡᠢ ᠪᠠᠷ ᠬᠠᠷᠢᠶ᠎ᠠ ᠣᠷᠣᠨ ᠳᠠᠬᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠳᠤ ᠥᠯᠥ ᠣᠷᠤᠯᠴᠠᠬᠤ ᠬᠥᠮᠥᠰ ᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ﹇2022﹈ 26 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/10/10
       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ 10 ᠰᠠᠷ᠎ᠠ ᠶᠢᠨ 7 ᠤ ᠡᠳᠦᠷ ᠠᠴᠠ 10 ᠰᠠᠷ᠎ᠠ ᠶᠢᠨ 9 ᠤ ᠡᠳᠦᠷ ᠪᠣᠯᠲᠠᠯ᠎ᠠ ᠪᠥᠬᠦ ᠬᠤᠰᠢᠭᠤᠨ ᠤ ᠬᠡᠪᠴᠢᠶᠡᠨ ᠳᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠥᠷᠨᠢᠭᠦᠯᠵᠦ᠂ ᠲᠣᠮᠣ ᠳ᠋ᠠᠶᠢᠲ᠋ᠠ ᠶᠢᠨ ᠶᠡᠷᠦᠩᠬᠡᠶᠢᠯᠡᠨ ᠬᠠᠷᠭᠤᠭᠤᠯᠬᠤ ᠢᠶᠠᠷ ᠳᠡᠮᠵᠢᠨ᠂ ᠬᠡᠰᠡᠭ ᠬᠥᠮᠥᠰ ᠮᠥᠨ ᠯᠡ ᠳᠡᠭᠡᠷ᠎ᠡ ᠳᠤᠷᠠᠳᠤᠭᠰᠠᠨ ᠴᠠᠭ ᠬᠤᠭᠤᠴᠠᠭᠠᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠳᠤ ᠣᠷᠣᠯᠴᠠᠭᠰᠠᠨ ᠦᠭᠡᠢ ᠪᠠᠶᠢᠳᠠᠯ ᠢ ᠮᠠᠭᠠᠳᠯᠠᠨ ᠲᠣᠭᠲᠠᠭᠠᠪᠠ᠃ ᠤᠴᠢᠷ ᠰᠢᠯᠲᠠᠭᠠᠨ ᠦᠭᠡᠢ ᠪᠠᠷ ᠨᠢᠭᠡᠳᠦᠯᠲᠡᠢ ᠵᠣᠬᠢᠶᠠᠨ ᠪᠠᠶᠢᠭᠤᠯᠤᠭᠰᠠᠨ ᠪᠥᠭᠡᠮ ᠬᠦᠴᠢᠯ ᠤᠨ ᠪᠠᠶᠢᠴᠠᠭᠠᠯᠲᠠ ᠳᠤ ᠣᠷᠤᠯᠴᠠᠬᠤ ᠦᠭᠡᠢ ᠪᠣᠯ᠂ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠤᠨ ᠳᠣᠣᠷ᠎ᠠ ᠬᠠᠤᠯᠢ ᠶᠣᠰᠣᠭᠠᠷ ᠲᠣᠭᠲᠠᠭᠠᠯ᠂ ᠵᠠᠷᠯᠢᠭ ᠨᠡᠶᠢᠲᠡᠯᠡᠬᠦ ᠶᠢ ᠲᠡᠪᠴᠢᠭᠰᠡᠨ ᠦᠢᠯᠡ ᠠᠵᠢᠯᠯᠠᠭ᠎ᠠ ᠪᠠᠶᠢᠵᠤ᠂ ᠨᠡᠶᠢᠭᠡᠮ ᠤᠨ ᠬᠠᠮᠢᠶᠠᠷᠤᠯᠲᠠ ᠶᠢ ᠬᠠᠷᠰᠢᠯᠠᠭᠰᠠᠨ ᠦᠢᠯᠡ ᠠᠵᠢᠯᠯᠠᠭ᠎ᠠ ᠳᠤ ᠲᠣᠭᠠᠴᠠᠭᠳᠠᠨ᠎ᠠ᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠠᠳᠠᠯᠢ ᠪᠤᠰᠤ ᠦᠢᠯᠡ ᠪᠠᠶᠢᠳᠠᠯ ᠢᠶᠠᠷ ᠨᠢ ᠰᠡᠷᠡᠮᠵᠢ ᠥᠭᠬᠦ᠂ ᠵᠣᠭᠤᠰ ᠢᠶᠠᠷ ᠲᠣᠷᠭᠠᠬᠤ᠂ ᠲᠦᠷ ᠬᠤᠷᠢᠬᠤ ᠵᠡᠷᠭᠡ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠴᠦ ᠪᠣᠯᠣᠨ᠎ᠠ᠃ ᠡᠭᠦᠨ ᠤ ᠬᠠᠮᠲᠤ᠂ ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠡᠷᠡᠭᠦᠯ ᠢ ᠬᠠᠮᠠᠭᠠᠯᠠᠬᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠣᠰᠣᠭᠠᠷ ᠳᠤᠷᠠᠳᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠲᠡᠪᠴᠢᠭᠰᠡᠨ ᠠᠴᠠ ᠪᠣᠯᠵᠤ᠂ ᠰᠢᠨ᠎ᠡ ᠲᠢᠳᠢᠮᠯᠢᠭ ᠸᠢᠷᠦ᠋ᠰ ᠢ ᠲᠠᠷᠬᠠᠭᠠᠭᠰᠠᠨ ᠪᠤᠶᠤ ᠲᠠᠷᠬᠠᠭᠠᠬᠤ ᠬᠦᠨᠳᠦ ᠨᠣᠴᠢᠲᠠᠢ ᠠᠶᠤᠯ ᠢ ᠪᠤᠢ ᠪᠣᠯᠭᠠᠭᠰᠠᠨ ᠪᠠᠶᠢᠪᠠᠯ᠂ ︽ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠭᠤᠴᠢᠳᠤᠭᠠᠷ ᠵᠦᠢᠯ ᠳᠠᠬᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠰᠢᠯᠠᠭᠰᠠᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠬᠡᠬᠦ ᠬᠡᠷᠡᠭᠲᠡᠢ᠃ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠰᠤᠳᠤᠯᠤᠨ ᠲᠣᠭᠲᠠᠭᠠᠭᠰᠠᠨ ᠢᠶᠠᠷ᠂ ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠳᠤ ᠤᠴᠢᠷ ᠰᠢᠯᠲᠠᠭᠠᠨ ᠦᠭᠡᠢ ᠪᠠᠷ ᠣᠷᠣᠯᠴᠠᠭᠰᠠᠨ ᠦᠭᠡᠢ ᠬᠥᠮᠥᠰ ᠤᠨ ᠡᠷᠡᠭᠦᠯ ᠮᠡᠨᠳᠦ ᠶᠢᠨ ᠺᠣᠳ᠋  ᠨᠢ ᠤᠯᠠᠭᠠᠨ ᠺᠣᠳ᠋ ᠪᠣᠯᠵᠤ᠂ ᠬᠤᠪᠢ ᠶᠢᠨ ᠰᠦᠢᠳᠬᠡᠯ ᠢᠶᠠᠷ ᠢᠶᠠᠨ ᠪᠠᠶᠢᠴᠠᠭᠠᠯᠲᠠ ᠬᠢᠬᠦ ᠪᠠ ᠲᠥᠪᠯᠡᠷᠡᠭᠦᠯᠦᠨ ᠲᠤᠰᠠᠭᠠᠷᠯᠠᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠂ ᠬᠡᠷᠪᠡ ᠳᠡᠭᠡᠷ᠎ᠡ ᠳᠤᠷᠠᠳᠤᠭᠰᠠᠨ ᠬᠥᠮᠥᠰ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠦᠭᠡᠢ ᠠᠴᠠ ᠪᠣᠯᠵᠤ᠂ ᠬᠢᠵᠢᠭ ᠤᠨ ᠪᠠᠶᠢᠳᠠᠯ ᠢ ᠲᠠᠷᠬᠠᠭᠠᠬᠤ ᠵᠡᠷᠭᠡ ᠬᠦᠨᠳᠦ ᠨᠣᠴᠢᠲᠠᠢ ᠦᠷ᠎ᠡ ᠳ᠋ᠦᠩ ᠳᠤ ᠬᠦᠷᠭᠡᠪᠡᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃        ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠠᠰᠢ ᠨᠠᠷᠢᠨ ᠪᠤᠳᠤᠯᠢᠶᠠᠨᠲᠠᠢ ᠪᠠᠶᠢᠨ᠎ᠠ᠂ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠳᠤ ᠣᠷᠤᠯᠴᠠᠬᠤ ᠪᠣᠯ ᠠᠷᠠᠳ ᠢᠷᠭᠡᠳ ᠨᠢᠭᠡᠪᠦᠷᠢ ᠶᠢᠨ ᠡᠭᠦᠷᠭᠡ ᠬᠠᠷᠢᠭᠤᠴᠠᠯᠭ᠎ᠠ ᠮᠥᠨ᠂ ᠮᠠᠨ ᠤ ᠬᠤᠰᠢᠭᠤ ᠥᠨᠥᠳᠥᠷ᠂ ᠮᠠᠷᠭᠠᠰᠢ᠂ ᠨᠦᠭᠦᠭᠡᠳᠦᠷ ᠭᠤᠷᠪᠠᠨ ᠡᠳᠦᠷ ᠲᠤ ᠦᠷᠭᠦᠯᠵᠢᠯᠡᠨ 3 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠥᠷᠭᠡᠨ ᠣᠯᠠᠨ ᠰᠠᠭᠤᠭᠠᠯᠢ ᠠᠷᠠᠳ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠳᠤ ᠤᠬᠠᠮᠰᠠᠷ ᠠᠴᠠ ᠪᠠᠨ ᠣᠷᠣᠯᠴᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠲᠤ ᠪᠠᠷ ᠰᠠᠶᠢᠲᠤᠷ ᠬᠢᠬᠦ ᠶᠢ ᠬᠦᠰᠡᠵᠦ ᠪᠠᠶᠢᠨ᠎ᠠ᠃               ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                           2022 ᠣᠨ ᠤ 10 ᠰᠠᠷ᠎ᠠ ᠶᠢᠨ 10 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号