ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 40 ᠳ᠋ᠦ᠋ᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/10/15
       ︽ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ﹇2022﹈ 39 ᠳ᠋ᠦ᠋ᠭᠡᠷ ᠲᠣᠭᠠᠲᠤ︾ ᠠᠯᠪᠠᠨ ᠵᠠᠷᠯᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠣᠳᠣᠯᠣᠯᠲᠠ ᠪᠠᠷ ᠳᠠᠮᠵᠢᠨ᠂ 2022 ᠣᠨ ᠤ 10 ᠰᠠᠷ᠎ᠠ ᠶᠢᠨ 16 ᠤ ᠡᠳᠦᠷ ᠤᠨ 0 ᠴᠠᠭ ᠠᠴᠠ ᠡᠬᠢᠯᠡᠨ᠂ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠪᠦᠰᠡ ᠶᠢ ᠭᠠᠷᠭᠠᠪᠠᠯ᠂ ᠪᠤᠰᠤᠳ ᠣᠷᠣᠨ ᠪᠦᠰᠡ ᠶᠢᠨ ᠲᠣᠭᠲᠠᠩᠭᠤᠢ ᠬᠠᠮᠢᠶᠠᠷᠤᠯᠲᠠ ᠶᠢ ᠬᠦᠴᠦᠨ ᠦᠭᠡᠢ ᠪᠣᠯᠭᠠᠬᠤ ᠶᠢᠨ ᠬᠠᠮᠲᠤ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠪᠠᠷ ᠲᠣᠭᠲᠠᠪᠠ᠂ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄        ᠨᠢᠭᠡ᠂ ᠠᠶᠤᠯ ᠲᠦᠭᠰᠢᠭᠦᠷᠢᠲᠡᠢ ᠣᠷᠣᠨ ᠪᠦᠰᠡ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠪᠠ ᠬᠢᠵᠢᠭ ᠲᠤ ᠬᠤᠯᠪᠣᠭᠳᠠᠭᠰᠠᠨ ᠬᠠᠮᠢᠶ᠎ᠠ ᠪᠦᠬᠦᠢ ᠬᠥᠮᠥᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠪᠣᠶ ᠪᠦᠬᠦᠢ ᠬᠥᠮᠥᠰ ᠡᠷᠬᠡᠪᠰᠢ 48 ᠴᠠᠭ ᠤᠨ ᠳᠣᠲᠣᠷ᠎ᠠ ᠬᠤᠶᠠᠷ ᠤᠳᠠᠭ᠎ᠠ ︵ᠬᠤᠭᠤᠷᠤᠨᠲᠤ ᠪᠠᠨ 24 ᠴᠠᠭ ᠠᠴᠠ ᠳᠡᠭᠡᠭᠰᠢ ᠠᠯᠤᠰᠯᠠᠬᠤ ᠬᠡᠷᠡᠭᠲᠡᠢ︶ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠃ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠦᠭᠡᠢ ᠪᠣᠯ᠂ ᠡᠷᠬᠡᠪᠰᠢ ᠬᠤᠰᠢᠭᠤᠨ ᠳᠤ ᠣᠷᠣᠬᠤ ᠪᠠᠶᠢᠴᠠᠭᠠᠬᠤ ᠥᠷᠲᠡᠭᠡ ᠳᠤ ᠨᠢᠭᠡ ᠤᠳᠠᠭ᠎ᠠ ᠶᠢᠨ ︽ᠬᠦᠷᠦᠭᠰᠡᠨ ᠭᠠᠵᠠᠷ ᠤᠨ ᠪᠠᠶᠢᠴᠠᠭᠠᠯᠲᠠ︾ ᠬᠢᠯᠭᠡᠬᠦ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠣᠷᠣᠵᠤ ᠰᠠᠭᠤᠭᠰᠠᠨ ᠪᠠᠭᠤᠳᠠᠯ ᠳᠠᠭᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ︽ᠬᠦᠷᠦᠭᠰᠡᠨ ᠭᠠᠵᠠᠷ ᠤᠨ ᠪᠠᠶᠢᠴᠠᠭᠠᠯᠲᠠ︾ ᠬᠢᠭᠰᠡᠨ ᠤ ᠳᠠᠷᠠᠭ᠎ᠠ᠂ ᠪᠠᠶᠢᠴᠠᠭᠠᠯᠲᠠ ᠶᠢᠨ ᠦᠷ᠎ᠡ ᠳ᠋ᠦᠩ ᠨᠢ ᠭᠠᠷᠬᠤ ᠠᠴᠠ ᠡᠮᠦᠨ᠎ᠡ ᠲᠦᠷ ᠴᠠᠭ ᠭᠡᠷ ᠲᠡᠭᠡᠨ ᠰᠠᠭᠤᠵᠤ ᠭᠠᠳᠠᠭᠰᠢ ᠭᠠᠷᠴᠤ ᠪᠣᠯᠬᠤ ᠦᠭᠡᠢ᠃ ᠬᠤᠰᠢᠭᠤᠨ ᠠᠴᠠ ᠶᠠᠪᠤᠭᠰᠠᠨ ᠪᠣᠶ ᠪᠦᠬᠦᠢ ᠬᠥᠮᠥᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠃        ᠬᠤᠶᠠᠷ᠂ 7 ᠡᠳᠦᠷ ᠤᠨ ᠳᠣᠲᠣᠷ᠎ᠠ ᠵᠣᠬᠢᠬᠤ ᠬᠡᠪᠴᠢᠶᠡᠨ ᠤ ᠨᠡᠶᠢᠭᠡᠮ ᠲᠣᠭᠤᠷᠢᠭ ᠲᠤ ᠬᠠᠯᠳᠠᠪᠤᠷᠢᠯᠠᠭᠰᠠᠨ ᠪᠤᠶᠤ ᠨᠢᠭᠡᠨᠲᠡ ᠶᠡᠭᠡ ᠬᠡᠪᠴᠢᠶᠡᠨ ᠤ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠠᠴᠠ ᠪᠤᠴᠠᠵᠤ ᠢᠷᠡᠭᠰᠡᠨ ᠵᠢᠴᠢ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠤ ᠵᠠᠮ ᠬᠠᠷᠢᠯᠴᠠᠭᠠᠨ ᠤ ᠪᠠᠭᠠᠵᠢ ᠳᠤ ᠰᠠᠭᠤᠵᠤ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠲᠤ᠂ 7 ᠡᠳᠦᠷ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ︵ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠠᠴᠠ ᠶᠠᠪᠤᠭᠰᠠᠨ ᠡᠳᠦᠷ ᠠᠴᠠ ᠡᠬᠢᠯᠡᠨ ᠪᠤᠳᠤᠵᠤ ᠨᠥᠬᠦᠵᠦ ᠭᠦᠢᠴᠡᠭᠡᠨ᠎ᠡ︶᠃        ᠭᠤᠷᠪᠠ᠂ ᠠᠯᠳ᠋ᠬᠠᠮᠡᠭᠡᠯ ᠪᠠᠯᠭᠠᠰᠤ ᠶᠢᠨ ᠲᠣᠭᠤᠷᠢᠭ ᠲᠠᠬᠢ ᠰᠠᠭᠤᠭᠠᠯᠢ ᠠᠷᠠᠳ ᠤᠨ ᠲᠣᠭᠤᠷᠢᠭ ᠢᠶᠠᠷ ᠣᠷᠣᠵᠤ ᠭᠠᠷᠬᠤ ᠶᠢ ᠴᠢᠩᠭ᠎ᠠ ᠬᠠᠮᠢᠶᠠᠷᠴᠤ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠵᠢᠵᠢᠭᠦᠷᠯᠡᠨ ᠰᠠᠬᠢᠬᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠤᠪᠢᠷᠠᠭᠤᠯᠬᠤ ᠦᠭᠡᠢ᠃ ᠪᠤᠶ ᠪᠦᠬᠦᠢ ᠰᠠᠭᠤᠭᠠᠯᠢ ᠠᠷᠠᠳ ︽ᠴᠢᠬᠤᠯᠠ ᠦᠭᠡᠢ ᠪᠣᠯ ᠭᠠᠳᠠᠭᠰᠢ ᠭᠠᠷᠬᠤ ᠦᠭᠡᠢ︾ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠴᠠᠭ ᠬᠤᠭᠤᠴᠠᠭ᠎ᠠ ᠠᠯᠤᠰᠯᠠᠨ᠂ ᠡᠭᠡᠯᠵᠢᠯᠡᠨ ᠭᠠᠳᠠᠭᠰᠢ ᠭᠠᠷᠬᠤ︾ ᠵᠠᠷᠴᠢᠮ ᠶᠣᠰᠣᠭᠠᠷ᠂ ᠡᠳᠦᠷ ᠪᠦᠷᠢ ᠡᠷᠦᠬᠡ ᠪᠦᠷᠢ ᠠᠴᠠ 1 ᠬᠥᠮᠥᠨ ᠲᠣᠬᠢᠷᠠᠭᠤᠯᠤᠨ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ ᠭᠠᠳᠠᠭᠰᠢ ᠭᠠᠷᠴᠤ ᠠᠮᠢᠳᠤᠷᠠᠯ ᠤᠨ ᠡᠳ᠋ ᠪᠣᠳᠠᠰ ᠬᠤᠳᠠᠯᠳᠤᠨ ᠠᠪᠴᠤ ᠪᠣᠯᠣᠨ᠎ᠠ᠃ ᠰᠠᠭᠤᠭᠠᠯᠢ ᠠᠷᠠᠳ ᠤᠨ ᠲᠣᠭᠤᠷᠢᠭ ᠢᠶᠠᠷ ᠣᠷᠣᠵᠤ ᠭᠠᠷᠬᠤ ᠪᠣᠶ ᠪᠦᠬᠦᠢ ᠬᠥᠮᠥᠰ ᠤᠨ ᠪᠡᠶ᠎ᠡ ᠶᠢᠨ ᠳᠤᠯᠠᠭᠠᠨ ᠢ ᠬᠡᠮᠵᠢᠨ᠂ ᠺᠣᠳ᠋ ᠪᠠᠶᠢᠴᠠᠭᠠᠵᠤ᠂ ᠠᠮᠠᠪᠴᠢ ᠵᠡᠭᠦᠵᠦ᠂ ᠬᠥᠮᠥᠨ ᠪᠠ ᠲᠡᠷᠭᠡ ᠳᠠᠷᠠᠭᠠᠯᠠᠨ ᠬᠠᠷᠭᠤᠭᠤᠯᠤᠨ ᠪᠠᠶᠢᠴᠠᠭᠠᠵᠤ ᠳᠡᠩᠰᠡᠯᠡᠨ ᠲᠡᠮᠳᠡᠭᠯᠡᠵᠦ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠪᠡᠯ ᠰᠠᠶ᠋ᠢ ᠰᠠᠭᠤᠭᠠᠯᠢ ᠠᠷᠠᠳ ᠤᠨ ᠲᠣᠭᠤᠷᠢᠭ ᠢᠶᠠᠷ ᠣᠷᠣᠵᠤ ᠭᠠᠷᠴᠤ ᠪᠣᠯᠣᠨ᠎ᠠ᠃        ᠳᠥᠷᠪᠡ᠂ 10 ᠰᠠᠷ᠎ᠠ ᠶᠢᠨ 15 ᠤ ᠡᠳᠦᠷ ᠠᠴᠠ 10 ᠰᠠᠷ᠎ᠠ ᠶᠢᠨ 31 ᠤ ᠡᠳᠦᠷ ᠪᠣᠯᠲᠠᠯ᠎ᠠ᠂ ᠠᠯᠳ᠋ᠬᠠᠮᠡᠭᠡᠯ ᠪᠠᠯᠭᠠᠰᠤ ᠭᠠᠷᠠᠭ ᠤᠨ ᠬᠤᠶᠠᠷ᠂ ᠭᠠᠷᠠᠭ ᠤᠨ ᠲᠠᠪᠤᠨ ︵10 ᠰᠠᠷ᠎ᠠ ᠶᠢᠨ 18᠂ 21᠂ 25᠂ 28 ᠤ ᠡᠳᠦᠷ︶ ᠳᠤ ᠲᠣᠰ ᠪᠦᠷᠢ ᠨᠢᠭᠡ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠥᠷᠨᠢᠭᠦᠯᠦᠨ᠎ᠡ᠃ ᠪᠤᠰᠤᠳ ᠵᠢᠷᠭᠤᠭᠠᠨ ᠰᠤᠮᠤ ᠪᠠᠯᠭᠠᠰᠤ ᠭᠠᠷᠠᠭ ᠤᠨ ᠨᠢᠭᠡᠨ᠂ ᠭᠠᠷᠠᠭ ᠤᠨ ᠳᠥᠷᠪᠡᠨ ︵10 ᠰᠠᠷ᠎ᠠ ᠶᠢᠨ 17᠂ 20᠂ 24᠂ 27 ᠤ ᠡᠳᠦᠷ︶ ᠳᠤ ᠲᠣᠰ ᠪᠦᠷᠢ ᠨᠢᠭᠡ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠥᠷᠨᠢᠭᠦᠯᠦᠨ᠎ᠡ᠃        ᠲᠠᠪᠤ᠂ ᠬᠤᠳᠠᠯᠳᠤᠭ᠎ᠠ᠂ ᠬᠡᠲᠦ ᠳᠡᠯᠭᠡᠭᠦᠷ᠂ ᠠᠮᠤ ᠪᠤᠳᠠᠭ᠎ᠠ ᠲᠣᠰᠣ᠂ ᠦᠰᠦ ᠵᠠᠰᠠᠬᠤ ︵ᠵᠥᠪᠬᠡᠨ ᠦᠰᠦ ᠵᠠᠰᠠᠬᠤ ᠠᠵᠢᠯ ᠢᠶᠠᠷ ᠬᠢᠵᠠᠭᠠᠷᠯᠠᠨ᠎ᠠ︶ ᠵᠡᠷᠭᠡ ᠠᠮᠢᠳᠤᠷᠠᠯ ᠤᠨ ᠪᠠᠲᠤᠯᠠᠭ᠎ᠠ ᠶᠢᠨ ᠵᠦᠢᠯ ᠤᠨ ᠲᠠᠯᠠᠪᠤᠷ ᠭᠠᠵᠠᠷ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠷᠢᠭᠤᠳᠬᠠᠬᠤ ᠪᠠ 50% ᠶᠢᠨ ᠤᠷᠤᠰᠬᠠᠯ ᠢ ᠬᠢᠵᠠᠭᠠᠷᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠡᠮᠬᠢ ᠵᠢᠷᠤᠮ ᠲᠠᠢ ᠪᠠᠷ ᠨᠡᠭᠡᠭᠡᠵᠦ ᠪᠣᠯᠣᠨ᠎ᠠ᠃ ᠬᠤᠪᠢ ᠶᠢᠨ ᠡᠮᠴᠢᠯᠡᠭᠡᠨ ᠤ ᠭᠠᠵᠠᠷ᠂ ᠨᠣᠮ ᠤᠨ ᠰᠠᠩ᠂ ᠮᠦᠽᠧᠢ᠂ ᠺᠢᠨᠤ᠋ ᠵᠦᠴᠦᠭᠡ ᠶᠢᠨ ᠲᠢᠶᠠᠲᠷ᠂ ᠰᠢᠲᠠᠷ᠎ᠠ ᠶᠢᠨ ᠦᠷᠦᠭᠡ᠂ ᠤᠬᠢᠶᠠᠯᠭ᠎ᠠ᠂ ᠤᠮᠪᠠᠯᠲᠠ ᠶᠢᠨ ᠭᠠᠵᠠᠷ᠂ KTV᠂ ᠠᠷᠢᠬᠢᠨ ᠮᠤᠬᠤᠯᠠᠭ᠂ ᠰᠦᠯᠵᠢᠶᠡᠨ ᠪᠠᠭᠠᠷ᠂ ᠬᠥᠯ ᠵᠠᠰᠠᠯᠭ᠎ᠠ ᠶᠢᠨ ᠭᠠᠵᠠᠷ᠂ ᠢᠯᠢᠯᠡᠭᠡ ᠶᠢᠨ ᠭᠠᠵᠠᠷ᠂ ᠴᠢᠴᠢᠭᠦᠷ ᠪᠥᠮᠪᠦᠭᠡ ᠶᠢᠨ ᠲᠢᠩᠬᠢᠮ᠂ ᠲᠣᠭᠯᠠᠭᠠᠮ ᠤᠨ ᠲᠢᠩᠬᠢᠮ᠂ ᠵᠦᠴᠦᠭᠡ ᠶᠢᠨ ᠲᠣᠭᠯᠠᠭᠠᠮ ᠤᠨ ᠭᠠᠵᠠᠷ᠂ ᠭᠡᠷ ᠳᠣᠲᠣᠷᠠᠬᠢ ᠬᠡᠦᠬᠡᠳ ᠤᠨ ᠨᠠᠭᠠᠳᠤᠮ ᠤᠨ ᠭᠠᠵᠠᠷ᠂ ᠪᠡᠶ᠎ᠡ ᠴᠢᠭᠢᠷᠠᠭᠵᠢᠭᠤᠯᠬᠤ ᠭᠠᠵᠠᠷ ᠵᠡᠷᠭᠡ ᠠᠮᠢᠳᠤᠷᠠᠯ ᠤᠨ ᠴᠢᠬᠤᠯᠠ ᠪᠤᠰᠤ ᠡᠵᠡᠩᠨᠡᠯᠲᠡ ᠶᠢᠨ ᠭᠠᠵᠠᠷ ᠢ ᠲᠦᠷ ᠨᠡᠭᠡᠭᠡᠬᠦ ᠦᠭᠡᠢ᠂ ᠨᠡᠭᠡᠭᠡᠬᠦ ᠴᠠᠭ ᠢ ᠠᠰ ᠲᠤᠨᠢ ᠮᠡᠳᠡᠭᠳᠡᠨ᠎ᠡ᠃        ᠵᠢᠷᠭᠤᠭ᠎ᠠ᠂ ᠢᠳᠡᠭᠡᠨ ᠤᠮᠳᠠᠭᠠᠨ ᠤ ᠡᠵᠡᠩᠨᠡᠯᠲᠡ ᠶᠢᠨ ᠡᠷᠦᠬᠡ ᠬᠤᠭᠤᠯᠠᠨ ᠭᠡᠷ ᠲᠤ ᠰᠠᠭᠤᠵᠤ ᠬᠤᠭᠤᠯᠠᠯᠠᠭᠤᠯᠵᠤ ᠪᠣᠯᠬᠤ ᠦᠭᠡᠢ᠂ ᠵᠥᠪᠬᠡᠨ ᠵᠠᠬᠢᠶᠠᠯᠠᠭ᠎ᠠ ᠶᠢᠨ ᠬᠤᠭᠤᠯᠠ ᠬᠠᠩᠭᠠᠵᠤ ᠪᠣᠯᠣᠨ᠎ᠠ᠃        ᠳᠣᠯᠤᠭ᠎ᠠ᠂ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠠᠩᠬ᠎ᠠ ᠣᠨᠣᠰᠢᠯᠠᠬᠤ ᠶᠢ ᠬᠠᠷᠢᠭᠤᠴᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠬᠤ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠬᠠᠯᠠᠭᠤᠨ ᠢ ᠪᠠᠭᠤᠷᠠᠭᠤᠯᠬᠤ᠂ ᠪᠠᠺᠲ᠋ᠧᠷᠢ ᠢ ᠡᠰᠡᠷᠭᠦᠴᠡᠬᠦ᠂ ᠸᠢᠷᠦ᠋ᠰ ᠢ ᠡᠰᠡᠷᠭᠦᠴᠡᠬᠦ ᠪᠠ ᠬᠠᠨᠢᠶᠠᠳᠤ ᠲᠠᠭᠰᠢᠭᠤᠷ ᠵᠡᠷᠭᠡ ᠡᠮ ᠤᠨ ᠵᠦᠢᠯ ᠢ ᠪᠣᠷᠣᠯᠠᠭᠤᠯᠬᠤ ᠳᠤ ᠦᠨᠡᠨ ᠨᠡᠷ᠎ᠡ ᠪᠠᠷ ᠲᠡᠮᠳᠡᠭᠯᠡᠬᠦ ᠪᠠ ᠬᠠᠷᠭᠤᠭᠤᠯᠤᠨ ᠪᠠᠶᠢᠴᠠᠭᠠᠵᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃        ᠨᠠᠢᠮᠠ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ︽ᠬᠡᠨ ᠬᠢᠨᠠᠨ ᠵᠦᠪᠰᠢᠶᠡᠷᠡᠪᠡᠯ᠂ ᠬᠡᠨ ᠭᠤᠣᠯᠯᠠᠨ ᠬᠠᠮᠢᠶᠠᠷᠴᠤ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠪᠠ ᠵᠢᠯᠣᠭᠤᠳᠣᠯᠭ᠎ᠠ ᠦᠢᠯᠡᠴᠢᠯᠡᠭᠡ ᠶᠢ ᠴᠢᠩᠭᠠᠳᠬᠠᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠵᠤ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠦᠷᠢᠮᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠭᠦᠢᠴᠡᠳᠬᠡᠬᠦ ᠦᠭᠡᠢ ᠪᠣᠯ ᠠᠵᠢᠯ ᠢ ᠨᠢ ᠵᠣᠭᠰᠣᠭᠠᠨ ᠴᠡᠭᠴᠡᠯᠡᠨ ᠰᠠᠶᠢᠵᠢᠷᠠᠭᠤᠯᠵᠤ᠂ ᠬᠢᠷᠢ ᠲᠡᠩᠴᠡᠭᠰᠡᠨ ᠤ ᠲᠠᠷᠠᠭ᠎ᠠ ᠰᠠᠶ᠋ᠢ ᠡᠵᠡᠩᠨᠡᠯᠲᠡ ᠪᠠᠨ ᠰᠡᠷᠭᠦᠭᠡᠵᠦ ᠪᠣᠯᠣᠨ᠎ᠠ᠃        ᠶᠢᠰᠦ᠂ ᠪᠥᠬᠦ ᠬᠤᠰᠢᠭᠤᠨ ᠤ ᠬᠡᠪᠴᠢᠶᠡᠨ ᠳᠠᠬᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠂ ᠲᠦᠷᠢᠶᠡᠰᠦᠨ ᠮᠠᠰᠢᠨ ᠲᠡᠷᠭᠡ ᠶᠢᠨ ᠲᠡᠭᠡᠭᠡᠪᠦᠷᠢᠯᠡᠯᠲᠡ ᠶᠢ ᠲᠦᠷ ᠵᠣᠭᠰᠣᠭᠠᠨ᠎ᠠ᠂ ᠰᠡᠷᠭᠦᠭᠡᠬᠦ ᠴᠠᠭ ᠢ ᠠᠰ ᠲᠤᠨᠢ ᠮᠡᠳᠡᠭᠳᠡᠨ᠎ᠡ᠃        ᠠᠷᠪᠠ᠂ ᠪᠥᠬᠦ ᠬᠤᠰᠢᠭᠤᠨ ᠤ ᠡᠯ᠎ᠡ ᠨᠢᠭᠡᠴᠡ ᠭᠡᠷ ᠲᠡᠭᠡᠨ ᠤᠶᠠᠨ ᠬᠠᠲᠠᠨ ᠠᠵᠢᠯᠯᠠᠬᠤ ᠳᠦᠷᠢᠮ ᠢ ᠬᠡᠷᠡᠭᠵᠢᠭᠦᠯᠵᠦ᠂ ᠵᠢᠯᠤᠭᠤᠳᠬᠤ ᠭᠠᠵᠠᠷ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ︔ ᠬᠤᠰᠢᠭᠤᠨ ᠳᠤ ᠰᠠᠭᠤᠭ᠎ᠠ ᠡᠯ᠎ᠡ ᠠᠵᠤ ᠠᠬᠤᠶᠢᠯᠠᠯ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯᠲᠠᠳ ᠴᠢᠬᠤᠯᠠ ᠦᠭᠡᠢ ᠪᠣᠯ ᠭᠠᠳᠠᠭᠰᠢ ᠭᠠᠷᠴᠤ ᠪᠣᠯᠬᠤ ᠦᠭᠡᠢ᠂ ᠤᠯᠤᠰ ᠤᠨ ᠳᠣᠲᠣᠭᠠᠳᠤ ᠶᠢᠨ ᠪᠤᠰᠤᠳ ᠦᠨᠳᠦᠷ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠳᠤ ᠣᠴᠢᠵᠤ ᠪᠣᠯᠬᠤ ᠦᠭᠡᠢ᠃ ᠡᠯ᠎ᠡ ᠪᠠᠶᠢᠭᠤᠯᠭ᠎ᠠ ᠨᠢᠭᠡᠴᠡ ᠶᠡᠭᠡ ᠬᠡᠪᠴᠢᠶᠡᠨ ᠤ ᠴᠤᠭᠯᠠᠭᠠᠨ᠂ ᠬᠠᠮᠲᠤ ᠪᠠᠷ ᠬᠤᠭᠤᠯᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ ᠪᠣᠯᠬᠤ ᠦᠭᠡᠢ᠂ ᠣᠯᠵᠤ ᠮᠡᠳᠡᠪᠡᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠲᠤᠰᠢᠶᠠᠵᠤ ᠴᠢᠩᠭ᠎ᠠ ᠰᠢᠢᠳᠪᠦᠷᠢᠯᠡᠭᠦᠯᠦᠨ᠎ᠡ᠃        ᠠᠷᠪᠠᠨ ᠨᠢᠭᠡ᠂ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠭᠢᠨᠳᠠᠨ ᠵᠡᠷᠭᠡ ᠪᠠᠶᠢᠭᠤᠯᠤᠮᠵᠢ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃        ᠠᠷᠪᠠᠨ ᠬᠤᠶᠠᠷ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠵᠢᠴᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠦᠷᠬᠦᠯᠵᠢᠯᠡᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠬᠢᠵᠦ᠂ ᠰᠦᠯᠵᠢᠶᠡᠨ ᠤ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠴᠠᠭ ᠢ ᠠᠰ ᠲᠤᠨᠢ ᠮᠡᠳᠡᠭᠳᠡᠨ᠎ᠡ᠃        ᠠᠷᠪᠠᠨ ᠭᠤᠷᠪᠠ᠂ ᠪᠣᠶ ᠪᠦᠬᠦᠢ ᠰᠢᠤᠳᠠᠨ ᠤ ᠶᠠᠪᠤᠳᠠᠯ ᠲᠦᠷᠭᠡᠨ ᠬᠦᠷᠭᠡᠯᠲᠡ ᠶᠢᠨ ᠠᠵᠢᠯ ᠢ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠱᠠᠭᠠᠷᠳᠠᠯᠭ᠎ᠠ ᠶᠣᠰᠣᠭᠠᠷ᠂ 5 ᠯᠢᠲᠷ ᠤᠰᠤ ᠪᠦᠷᠢ ᠳᠤ 5 ᠭᠷᠡᠮ ᠭᠤᠷᠪᠠᠨ ᠡᠾᠯᠣᠷᠲᠤ ᠬᠠᠪᠲᠠᠭᠠᠢ ᠡᠮ ᠨᠡᠮᠡᠵᠦ ᠬᠠᠷᠢᠴᠠᠯ ᠶᠣᠰᠣᠭᠠᠷ ᠠᠷᠢᠭᠤᠳᠬᠠᠬᠤ ᠰᠢᠩᠭᠡᠨ ᠪᠣᠯᠭᠠᠨ ᠲᠣᠬᠢᠷᠠᠭᠤᠯᠵᠤ᠂ ᠢᠯᠭᠠᠬᠤ ᠲᠠᠯᠠᠪᠤᠷ᠂ ᠲᠡᠷᠭᠡ ᠬᠥᠰᠬᠡ ᠵᠢᠴᠢ ᠲᠦᠷᠭᠡᠨ ᠬᠦᠷᠭᠡᠯᠲᠡ ᠶᠢᠨ ᠪᠣᠭᠤᠳᠠᠯ ᠢ ᠪᠥᠬᠦ ᠲᠠᠯ᠎ᠠ ᠪᠠᠷ᠂ ᠣᠯᠠᠨ ᠤᠳᠠᠭ᠎ᠠ ᠠᠷᠢᠭᠤᠳᠬᠠᠬᠤ ᠬᠡᠷᠡᠭᠲᠡᠢ᠃        ᠠᠷᠪᠠᠨ ᠳᠥᠷᠪᠡ᠂ ᠬᠠᠮᠢᠶᠠᠷᠤᠨ ᠡᠵᠡᠮᠳᠡᠬᠦ ᠬᠤᠭᠤᠴᠠᠭᠠᠨ ᠳᠤ᠂ ᠬᠡᠷᠪᠡ ᠲᠣᠰ ᠠᠯᠪᠠᠨ ᠵᠠᠷᠯᠠᠯ ᠤᠨ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠵᠥᠷᠢᠴᠡᠭᠰᠡᠨ ᠨᠢᠭᠡᠴᠡ ᠵᠢᠴᠢ ᠠᠵᠢᠯᠲᠠᠨ ᠢ ᠣᠯᠵᠤ ᠮᠡᠳᠡᠪᠡᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠬᠡᠨ᠎ᠡ᠃        ᠠᠷᠪᠠᠨ ᠲᠠᠪᠤ᠂ ᠬᠡᠳᠦᠶᠢᠪᠡᠷ ᠮᠠᠨ ᠤ ᠬᠤᠰᠢᠭᠤᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠵᠣᠬᠢᠬᠤ ᠬᠡᠮᠵᠢᠶᠡᠨ ᠤ ᠲᠣᠬᠢᠷᠠᠭᠤᠯᠤᠯᠲᠠ ᠬᠢᠭᠰᠡᠨ ᠪᠣᠯᠪᠠᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠪᠠᠶᠢᠳᠠᠯ ᠮᠥᠨ ᠯᠡ ᠬᠦᠨᠳᠦ ᠨᠣᠴᠢᠲᠠᠢ ᠪᠠᠶᠢᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠳᠠᠷᠤᠯᠲᠠ ᠦᠷᠭᠦᠯᠵᠢᠯᠡᠨ ᠣᠷᠣᠰᠢᠭᠰᠠᠭᠠᠷ ᠪᠠᠶᠢᠨ᠎ᠠ᠃ ᠥᠷᠭᠡᠨ ᠣᠯᠠᠨ ᠲᠦᠮᠡᠨ ᠠᠯᠢ ᠴᠢᠳᠠᠬᠤ ᠪᠠᠷ ᠭᠠᠳᠠᠭᠰᠢ ᠭᠠᠷᠬᠤ ᠶᠢ ᠪᠠᠭᠠᠰᠬᠠᠵᠤ᠂ ᠦᠨᠡᠨᠬᠦ ᠭᠠᠳᠠᠭᠰᠢ ᠭᠠᠷᠬᠤ ᠴᠢᠬᠤᠯᠠᠲᠠᠢ ᠪᠣᠯ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠬᠥᠮᠥᠨ ᠬᠠᠷ᠎ᠠ ᠴᠤᠭᠯᠠᠷᠠᠬᠤ  ᠠᠴᠠ ᠵᠠᠶᠢᠯᠠᠰᠬᠢᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ ᠡᠭᠦᠨ ᠤ ᠬᠠᠮᠲᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ᠬᠠᠯᠠᠭᠤᠷᠠᠬᠤ᠂ ᠬᠠᠭᠤᠷᠠᠢ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠢᠯᠡᠷᠡᠯ ᠭᠠᠷᠪᠠᠯ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠢ᠃              ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                            2022 ᠣᠨ ᠤ 10 ᠰᠠᠷ᠎ᠠ ᠶᠢᠨ 15 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号