ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 54 ᠳ᠋ᠦ᠋ᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/10/21
       10 ᠰᠠᠷ᠎ᠠ ᠶᠢᠨ 21 ᠤ ᠡᠳᠦᠷ ᠤᠨ 16 ᠴᠠᠭ ᠠᠴᠠ ᠡᠬᠢᠯᠡᠨ᠂ ᠮᠠᠨ ᠤ ᠬᠤᠰᠢᠭᠤᠨ ᠳᠤ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠪᠠᠶᠢᠬᠤ ᠦᠭᠡᠢ ᠪᠣᠯᠵᠤ᠂ ᠪᠥᠬᠦ ᠣᠷᠣᠨ ᠪᠦᠰᠡ ᠪᠠᠷ ᠢᠶᠠᠨ ᠳᠣᠣᠷ᠎ᠠ ᠵᠡᠷᠭᠡ ᠶᠢᠨ ᠲᠦᠭᠰᠢᠭᠦᠷᠢᠲᠡᠢ ᠣᠷᠣᠨ ᠪᠣᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠴᠢᠩᠭ᠎ᠠ ᠪᠥᠭᠡᠳ ᠰᠠᠶᠢᠲᠤᠷ ᠬᠢᠵᠦ᠂ ᠦᠢᠯᠡᠳᠪᠦᠷᠢᠯᠡᠯ ᠠᠮᠢᠳᠤᠷᠠᠯ ᠤᠨ ᠡᠮᠬᠢ ᠲᠢᠭᠯᠢᠮ ᠢ ᠪᠦᠬᠦ ᠲᠠᠯ᠎ᠠ ᠪᠠᠷ ᠰᠡᠷᠭᠦᠭᠡᠬᠦ ᠶᠢᠨ ᠲᠥᠯᠥᠭᠡ᠂ ᠣᠳᠣ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄        ᠨᠢᠭᠡ᠂ ᠣᠶᠢᠷ᠎ᠠ ᠶᠢᠨ 7 ᠡᠳᠦᠷ ᠤᠨ ᠳᠣᠲᠣᠷ᠎ᠠ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ᠂ ᠪᠤᠴᠠᠵᠤ ᠢᠷᠡᠭᠰᠡᠨ ᠤ ᠳᠠᠷᠠᠭᠠᠬᠢ 7 ᠡᠳᠦᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ︵1᠂ 2᠂ 3᠂ 5᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ︶ ᠬᠢᠬᠦ ᠬᠡᠷᠡᠭᠲᠡᠢ︔ ᠣᠶᠢᠷ᠎ᠠ ᠶᠢᠨ 7 ᠡᠳᠦᠷ ᠤᠨ ᠳᠣᠲᠣᠷ᠎ᠠ ᠳᠤᠮᠳᠠ ᠵᠡᠷᠭᠡ ᠶᠢᠨ ᠲᠦᠭᠰᠢᠭᠦᠷᠢᠲᠡᠢ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ᠂ ᠪᠤᠴᠠᠵᠤ ᠢᠷᠡᠭᠰᠡᠨ ᠤ ᠳᠠᠷᠠᠭᠠᠬᠢ 7 ᠡᠳᠦᠷ ᠲᠤ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ︵1᠂ 4᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ︶ ᠬᠢᠬᠦ ᠬᠡᠷᠡᠭᠲᠡᠢ᠂ ᠬᠡᠷᠪᠡ ᠭᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠦᠭᠡᠢ ᠪᠣᠯ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠢ︔ ᠣᠶᠢᠷ᠎ᠠ ᠶᠢᠨ 7 ᠡᠳᠦᠷ ᠤᠨ ᠳᠣᠲᠣᠷ᠎ᠠ ᠳᠣᠣᠷ᠎ᠠ ᠵᠡᠷᠭᠡ ᠶᠢᠨ ᠲᠦᠭᠰᠢᠭᠦᠷᠢᠲᠡᠢ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ᠂ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠰᠠᠭᠤᠭᠰᠠᠨ ᠪᠠᠭᠤᠳᠠᠯ ᠳᠠᠭᠠᠨ ᠮᠡᠳᠡᠭᠦᠯᠦᠨ ᠳᠠᠩᠰᠠᠯᠠᠭᠤᠯᠵᠤ᠂ ︽3 ᠡᠳᠦᠷ ᠲᠤ 2 ᠤᠳᠠᠭ᠎ᠠ ᠶᠢᠨ ᠪᠦᠭᠡᠮ ᠬᠦᠴᠢᠯ ᠤᠨ ᠪᠠᠶᠢᠴᠠᠭᠠᠯᠲᠠ︾ ᠬᠢᠵᠦ᠂ ᠬᠤᠶᠠᠳᠤᠭᠠᠷ ᠤᠳᠠᠭ᠎ᠠ ᠶᠢᠨ ᠪᠠᠶᠢᠴᠠᠭᠠᠯᠲᠠ ︵ᠨᠢᠭᠡᠳᠦᠭᠡᠷ ᠤᠳᠠᠭ᠎ᠠ ᠲᠠᠢ ᠨᠠᠭᠠᠲᠤ ᠵᠠᠬ᠎ᠠ ᠳᠠᠭᠠᠨ 24 ᠴᠠᠭ ᠠᠯᠤᠰᠯᠠᠬᠤ ᠬᠡᠷᠡᠭᠲᠡᠢ︶ ᠶᠢᠨ ᠦᠷ᠎ᠡ ᠳ᠋ᠦᠩ ᠭᠠᠷᠬᠤ ᠠᠴᠠ ᠡᠮᠦᠨ᠎ᠡ᠂ ᠵᠠᠷᠴᠢᠮ ᠳᠡᠭᠡᠷ᠎ᠡ ᠪᠠᠨ ᠭᠠᠳᠠᠭᠰᠢ ᠭᠠᠷᠬᠤ ᠦᠭᠡᠢ᠂ ᠴᠤᠭᠯᠠᠷᠠᠬᠤ ᠦᠭᠡᠢ ᠪᠠᠶᠢᠬᠤ ᠬᠡᠷᠡᠭᠲᠡᠢ︔ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ ᠪᠥᠭᠡᠳ ᠠᠩᠬ᠎ᠠ ᠬᠢᠯᠢ ᠳᠤ ᠣᠷᠣᠭᠰᠠᠨ ᠭᠠᠵᠠᠷ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠳᠠᠭᠤᠰᠤᠭᠠᠳ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ᠂ ᠤᠷᠢᠳᠴᠢᠯᠠᠨ ᠳᠠᠩᠰᠠᠯᠠᠭᠤᠯᠵᠤ ᠮᠡᠳᠡᠭᠦᠯᠦᠭᠰᠡᠨ ᠰᠠᠭᠤᠷᠢᠨ ᠳᠡᠭᠡᠷ᠎ᠡ ᠪᠢᠳᠡᠭᠦᠮᠵᠢᠯᠡᠬᠦ ᠬᠡᠯᠪᠡᠷᠢ ᠪᠠᠷ ᠰᠠᠭᠤᠭ᠎ᠠ ᠭᠠᠵᠠᠷ ᠲᠤᠨᠢ ᠰᠢᠯᠵᠢᠭᠦᠯᠦᠨ ᠬᠦᠷᠭᠡᠵᠦ᠂ ᠰᠤᠮᠤ ᠪᠠᠯᠭᠠᠰᠤ᠂ ᠨᠡᠶᠢᠭᠡᠮ ᠲᠣᠭᠤᠷᠢᠭ ︵ᠭᠠᠴᠠᠭ᠎ᠠ︶ ᠠᠴᠠ ᠲᠤᠰᠬᠠᠢ ᠬᠥᠮᠥᠨ ᠲᠣᠬᠢᠷᠠᠭᠤᠯᠤᠨ 3 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠵᠡᠷᠭᠡ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠬᠤ ᠬᠡᠷᠡᠭᠲᠡᠢ᠃ ᠳᠡᠭᠡᠷ᠎ᠡ ᠬᠤᠯᠪᠣᠭᠳᠠᠭᠰᠠᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠴᠥᠮ ᠥᠪᠡᠷ ᠢᠶᠠᠨ ᠰᠢᠢᠳᠪᠦᠷᠢᠯᠡᠬᠦ ᠬᠡᠷᠡᠭᠲᠡᠢ᠃        ᠬᠤᠶᠠᠷ᠂ ᠮᠠᠨ ᠤ ᠬᠤᠰᠢᠭᠤᠨ ᠳᠤ ᠪᠤᠴᠠᠵᠤ ᠢᠷᠡᠭᠰᠡᠨ ᠪᠣᠶ ᠪᠦᠬᠦᠢ ᠬᠥᠮᠥᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠠᠪᠴᠤ᠂ ᠬᠤᠰᠢᠭᠤᠨ ᠳᠤ ᠣᠷᠣᠬᠤ ᠪᠠᠶᠢᠴᠠᠭᠠᠬᠤ ᠥᠷᠲᠡᠭᠡ ᠳᠤ ᠨᠢᠭᠡ ᠤᠳᠠᠭ᠎ᠠ ︽ᠬᠦᠷᠦᠭᠰᠡᠨ ᠭᠠᠵᠠᠷ ᠤᠨ ᠪᠠᠶᠢᠴᠠᠭᠠᠯᠲᠠ︾ ᠬᠢᠬᠦ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠣᠷᠤᠵᠤ ᠰᠠᠭᠤᠭᠰᠠᠨ ᠪᠠᠭᠤᠳᠠᠯ ᠳᠠᠭᠠᠨ ᠳᠠᠩᠰᠠᠯᠠᠭᠤᠯᠤᠭᠰᠠᠨ ᠤ ᠳᠠᠷᠠᠭ᠎ᠠ᠂ ︽ᠴᠡᠭ ᠠᠴᠠ ᠴᠡᠭ︾ ᠲᠤ ᠬᠦᠷᠴᠦ᠂ ︽ᠬᠦᠷᠦᠭᠰᠡᠨ ᠭᠠᠵᠠᠷ ᠤᠨ ᠪᠠᠶᠢᠴᠠᠭᠠᠯᠲᠠ︾ ᠶᠢᠨ ᠦᠷ᠎ᠡ ᠳ᠋ᠦᠩ ᠭᠠᠷᠬᠤ ᠠᠴᠠ ᠡᠮᠦᠨ᠎ᠡ ᠲᠦᠷ ᠴᠠᠭ ᠰᠠᠭᠤᠭ᠎ᠠ ᠭᠠᠵᠠᠷ ᠠᠴᠠ ᠪᠠᠨ ᠭᠠᠳᠠᠭᠰᠢ ᠭᠠᠷᠴᠤ ᠪᠣᠯᠬᠤ ᠦᠭᠡᠢ᠃        ᠭᠤᠷᠪᠠ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ 10 ᠰᠠᠷ᠎ᠠ ᠶᠢᠨ 24 ᠤ ᠡᠳᠦᠷ ᠠᠴᠠ ᠰᠦᠯᠵᠢᠶᠡᠨ ᠤ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠨ᠎ᠡ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠰᠤᠷᠭᠠᠭᠤᠯᠢ ᠡᠬᠢᠯᠡᠬᠦ ᠠᠴᠠ ᠡᠮᠦᠨᠡᠬᠢ ᠬᠢᠵᠢᠭ ᠢ ᠰᠡᠷᠭᠡᠶᠢᠯᠡᠬᠦ ᠪᠡᠯᠡᠳᠬᠡᠯ ᠠᠵᠢᠯ ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃ ᠡᠯ᠎ᠡ ᠰᠤᠷᠭᠠᠭᠤᠯᠢ ᠨᠤᠭᠤᠳ ᠰᠤᠷᠭᠠᠭᠤᠯᠢ ᠶᠢᠨ ᠡᠭᠦᠳᠡᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠣᠰᠤ ᠬᠥᠮᠥᠰ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠪᠣᠯᠬᠤ ᠦᠭᠡᠢ᠂ ᠰᠣᠷᠣᠭᠴᠢ ᠶᠢᠨ ᠰᠤᠷᠭᠠᠭᠤᠯᠢ ᠳᠠᠭᠠᠨ ᠪᠤᠴᠠᠬᠤ ᠵᠠᠮ ᠳᠤᠮᠳᠠᠬᠢ ᠪᠠ ᠰᠤᠷᠭᠠᠭᠤᠯᠢ ᠳᠠᠭᠠᠨ ᠪᠤᠴᠠᠭᠰᠠᠨ ᠤ ᠳᠠᠷᠠᠭᠠᠬᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠢ᠃ ᠶᠠᠪᠤᠵᠤ ᠰᠤᠷᠤᠯᠴᠠᠬᠤ ᠰᠤᠷᠤᠭᠴᠢᠳ ᠤᠨ ᠬᠠᠮᠲᠤ ᠰᠠᠭᠤᠭ᠎ᠠ ᠭᠡᠷ ᠤᠨ ᠠᠬᠠᠮᠠᠳ ᠬᠤᠰᠢᠭᠤᠨ ᠠᠴᠠ ᠭᠠᠷᠬᠤ ᠪᠠ ᠬᠤᠰᠢᠭᠤᠨ ᠳᠠᠭᠠᠨ ᠪᠤᠴᠠᠬᠤ ᠳᠤ ᠡᠷᠬᠡᠪᠰᠢ ᠰᠤᠷᠭᠠᠭᠤᠯᠢ ᠪᠠ ᠪᠠᠶᠢᠭ᠎ᠠ ᠭᠠᠴᠠᠭ᠎ᠠ ︵ᠨᠡᠶᠢᠭᠡᠮ ᠲᠣᠭᠤᠷᠢᠭ︶ ᠳᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠰᠤᠷᠭᠠᠭᠤᠯᠢ ᠶᠢᠨ ᠲᠠᠯ᠎ᠠ ᠠᠴᠠ ᠡᠳᠦᠷ ᠪᠦᠷᠢ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠷᠪᠢᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠬᠢᠴᠢᠶᠡᠯ ᠪᠣᠯᠭᠠᠨ ᠠᠴᠠ ᠡᠮᠦᠨ᠎ᠡ ᠭᠠᠷ ᠢᠶᠠᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃ ᠪᠥᠬᠦ ᠬᠤᠰᠢᠭᠤᠨ ᠤ ᠡᠯ᠎ᠡ ᠰᠤᠷᠭᠠᠭᠤᠯᠢ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ᠭᠠᠷᠠᠭ ᠪᠦᠷᠢ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠡᠭᠦᠷᠭᠡ ᠪᠠᠨ ᠭᠦᠢᠴᠡᠳᠬᠡᠬᠦ ᠬᠡᠷᠡᠭᠲᠡᠢ᠃ ᠰᠢᠤᠳᠠᠨ ᠤ ᠵᠦᠢᠯ᠂ ᠲᠦᠷᠭᠡᠨ ᠬᠦᠷᠭᠡᠯᠲᠡ ᠶᠢ ᠴᠥᠮ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠪᠣᠯᠬᠤ ᠦᠭᠡᠢ᠃        ᠳᠥᠷᠪᠡ᠂ ᠡᠯ᠎ᠡ ᠢᠳᠡᠭᠡᠨ ᠤᠮᠳᠠᠭᠠᠨ ᠤ ᠲᠠᠯᠠᠪᠤᠷ ᠭᠠᠵᠠᠷ ᠤᠨ ᠡᠵᠡᠩᠨᠡᠯᠲᠡ ᠶᠢ ᠴᠢᠯᠦᠭᠡᠲᠡᠢ ᠪᠣᠯᠭᠠᠵᠤ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠷᠢᠭᠤᠳᠬᠠᠬᠤ ᠪᠠ 50% ᠶᠢᠨ ᠤᠷᠤᠰᠬᠠᠯ ᠢ ᠬᠢᠵᠠᠭᠠᠷᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠵᠠᠬᠢᠶᠠᠯᠠᠭ᠎ᠠ ᠶᠢᠨ ᠬᠤᠭᠤᠯᠠ ᠬᠦᠷᠭᠡᠬᠦ ᠳᠤ ᠬᠦᠷᠦᠯᠴᠡᠬᠦ ᠦᠭᠡᠢ ᠪᠠᠷ ᠬᠦᠷᠭᠡᠬᠦ ᠦᠢᠯᠡᠴᠢᠯᠡᠭᠡ ᠶᠢ ᠬᠡᠷᠡᠭᠵᠢᠭᠦᠯᠬᠦ ᠬᠡᠷᠡᠭᠲᠡᠢ᠃        ᠲᠠᠪᠤ᠂ ᠲᠦᠷᠢᠶᠡᠰᠦᠨ ᠮᠠᠰᠢᠨ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠣᠬᠢᠴᠠᠩᠭᠤᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠡᠵᠡᠩᠨᠡᠯᠲᠡ ᠪᠠᠨ ᠪᠥᠬᠦ ᠲᠠᠯ᠎ᠠ ᠪᠠᠷ ᠰᠡᠷᠭᠦᠭᠡᠨ᠎ᠡ᠃        ᠵᠢᠷᠭᠤᠭ᠎ᠠ᠂ ᠡᠯ᠎ᠡ ᠲᠥᠷᠥᠯ ᠤᠨ ᠦᠢᠯᠡᠴᠢᠯᠡᠭᠡᠨ ᠤ ᠲᠢᠩᠬᠢᠮ᠂ ᠬᠤᠪᠢ ᠶᠢᠨ ᠡᠮᠴᠢᠯᠡᠭᠡᠨ ᠤ ᠭᠠᠵᠠᠷ᠂ ᠵᠣᠴᠢᠳ ᠤᠨ ᠪᠠᠭᠤᠳᠠᠯ ᠵᠢᠴᠢ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠲᠠᠯᠠᠪᠤᠷ ᠭᠠᠵᠠᠷ ᠨᠢ ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠴᠠᠭ ᠬᠤᠭᠤᠴᠠᠭ᠎ᠠ ᠠᠯᠤᠰᠯᠠᠬᠤ᠂ 50% ᠶᠢᠨ ᠤᠷᠤᠰᠬᠠᠯ ᠢ ᠬᠢᠵᠠᠭᠠᠷᠯᠠᠬᠤ᠂ ᠠᠮᠠᠪᠴᠢ ᠵᠡᠭᠦᠬᠦ᠂ ᠳᠤᠯᠠᠭᠠᠨ ᠢ ᠬᠡᠮᠵᠢᠨ ᠺᠣᠳ᠋ ᠰᠢᠷᠪᠢᠬᠦ ︵︽ᠮᠧᠩ e ᠲᠦᠩ︾︶᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠡᠵᠡᠩᠨᠡᠯᠲᠡ ᠪᠠᠨ ᠰᠡᠷᠭᠦᠭᠡᠵᠦ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠪᠣᠯ᠂ ᠡᠵᠡᠩᠨᠡᠯᠲᠡ ᠪᠠᠨ ᠰᠡᠷᠭᠦᠭᠡᠵᠦ ᠪᠣᠯᠬᠤ ᠦᠭᠡᠢ᠃ ᠵᠣᠴᠢᠳ ᠤᠨ ᠪᠠᠭᠤᠳᠠᠯ᠂ ᠲᠣᠮᠣ ᠬᠤᠭᠤᠯᠠᠨ ᠭᠡᠷ ᠵᠡᠷᠭᠡ ᠬᠤᠳᠠᠯᠳᠤᠭᠠᠨ ᠤ ᠬᠤᠨᠤᠭ ᠪᠠᠭᠤᠳᠠᠯ ᠤᠨ ᠭᠠᠵᠠᠷ ᠲᠤ᠂ ᠬᠤᠰᠢᠭᠤᠨ ᠠᠴᠠ ᠭᠠᠳᠠᠨ᠎ᠠ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠤᠨ ︽ᠡᠷᠡᠭᠦᠯ ᠮᠡᠨᠳᠦ ᠶᠢᠨ ᠺᠣᠳ᠋︾ ︽ᠠᠶᠠᠯᠠᠯ ᠤᠨ ᠺᠣᠳ᠋︾ ︽48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ︾ ᠪᠠ ︽ᠬᠦᠷᠦᠭᠰᠡᠨ ᠭᠠᠵᠠᠷ ᠤᠨ ᠪᠠᠶᠢᠴᠠᠭᠠᠯᠲᠠ ᠶᠢᠨ ᠭᠡᠷᠡᠴᠢ︾ ᠶᠢ ᠴᠢᠩᠭ᠎ᠠ ᠪᠠᠶᠢᠴᠠᠭᠠᠨ ᠰᠢᠯᠭᠠᠬᠤ ᠬᠡᠷᠡᠭᠲᠡᠢ᠃        ᠳᠣᠯᠤᠭ᠎ᠠ᠂ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠥᠮᠥᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ᠠᠵᠢᠯ ᠲᠥᠷᠥᠯ ᠤᠨ ᠱᠠᠭᠠᠷᠳᠠᠯᠭ᠎ᠠ ᠶᠣᠰᠣᠭᠠᠷ ᠲᠠᠯᠠᠪᠤᠷ ᠭᠠᠵᠠᠷ ᠤᠨ ᠠᠷᠢᠭᠤᠳᠬᠠᠬᠤ ᠠᠵᠢᠯ ᠢ ᠴᠢᠩᠭᠠᠳᠬᠠᠬᠤ ᠬᠡᠷᠡᠭᠲᠡᠢ᠃        ᠨᠠᠢᠮᠠ᠂ ᠪᠠᠷᠢᠯᠭ᠎ᠠ ᠶᠢᠨ ᠭᠠᠵᠠᠷ ᠵᠡᠷᠭᠡ ᠬᠥᠮᠥᠨ ᠣᠯᠠᠨ ᠨᠢᠭᠲᠠᠷᠠᠭᠰᠠᠨ ᠬᠡᠯᠪᠡᠷᠢ ᠶᠢᠨ ᠨᠢᠭᠡᠴᠡ ᠨᠦᠭᠦᠳ ᠠᠵᠢᠯ ᠪᠠ ᠬᠤᠭᠤᠯᠠ ᠬᠤᠨᠤᠭ ᠤᠨ ᠲᠠᠯᠠᠪᠤᠷ ᠤᠨ ︽ᠴᠡᠭ ᠠᠴᠠ ᠴᠡᠭ ᠲᠤ ᠬᠦᠷᠬᠦ︾ ᠬᠠᠮᠢᠶᠠᠷᠤᠯᠲᠠ ᠶᠢ ᠴᠢᠩᠭᠠᠳᠬᠠᠵᠤ᠂ ᠭᠠᠳᠠᠷ ᠮᠤᠵᠢ ᠣᠷᠣᠨ ︵ᠬᠤᠲᠠ᠂ ᠲᠣᠭᠤᠷᠢᠭ︶ ᠠᠴᠠ ᠠᠵᠢᠯ ᠤᠨ ᠪᠠᠶᠢᠷᠢ ᠳᠠᠭᠠᠨ ᠪᠤᠴᠠᠭᠰᠠᠨ ᠬᠥᠮᠥᠰ ᠤᠨ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠬᠡᠷᠡᠭᠲᠡᠢ᠃ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠬᠤᠰᠢᠭᠤ ᠬᠤᠲᠠ ᠠᠯᠤᠰᠯᠠᠨ ᠠᠵᠢᠯᠯᠠᠵᠤ ᠪᠠᠶᠢᠪᠠᠯ᠂ ᠬᠠᠷᠢᠶ᠎ᠠ ᠭᠠᠵᠠᠷ ᠤᠨ ᠰᠤᠮᠤ ᠪᠠᠯᠭᠠᠰᠤ ᠪᠠ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ᠂ ᠵᠠᠮ ᠬᠠᠷᠢᠯᠴᠠᠭ᠎ᠠ ᠵᠡᠷᠭᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠴᠢᠩᠭ᠎ᠠ ᠬᠢᠨᠠᠨ ᠬᠠᠮᠢᠶᠠᠷᠬᠤ ᠬᠡᠷᠡᠭᠲᠡᠢ᠃        ᠶᠢᠰᠦ᠂ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠠᠩᠬ᠎ᠠ ᠣᠨᠣᠰᠢᠯᠠᠬᠤ ᠶᠢ ᠬᠠᠷᠢᠭᠤᠴᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠬᠤ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠬᠤᠪᠢ ᠶᠢᠨ ᠡᠮᠴᠢᠯᠡᠭᠡᠨ ᠤ ᠭᠠᠵᠠᠷ ᠲᠤ ᠬᠠᠯᠠᠭᠤᠷᠠᠭᠰᠠᠨ ᠡᠪᠡᠳᠴᠢᠲᠡᠨ ᠢ ᠭᠥᠯᠢᠶᠡᠨ ᠠᠪᠴᠤ ᠣᠨᠣᠰᠢᠯᠠᠭᠤᠯᠬᠤ ᠪᠤᠶᠤ ᠭᠡᠷ ᠲᠤᠨᠢ ᠬᠦᠷᠴᠦ ᠲᠠᠷᠢᠯᠭ᠎ᠠ ᠬᠢᠬᠦ ᠶᠢ ᠴᠠᠭᠠᠵᠠᠯᠠᠨ᠎ᠠ︔ ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ᠂ ᠡᠮ ᠤᠨ ᠳᠡᠯᠭᠡᠭᠦᠷ ᠬᠠᠯᠠᠭᠤᠨ ᠢ ᠪᠠᠭᠤᠷᠠᠭᠤᠯᠬᠤ ᠂ ᠬᠠᠨᠢᠶᠠᠳᠤ ᠶᠢ ᠵᠣᠭᠰᠤᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠢ ᠡᠰᠡᠷᠭᠦᠴᠡᠬᠦ ᠵᠡᠷᠭᠡ ᠡᠮ ᠤᠨ ᠵᠦᠢᠯ ᠢ ᠪᠣᠷᠣᠯᠠᠭᠤᠯᠬᠤ ᠳᠠᠭᠠᠨ ᠡᠷᠬᠡᠪᠰᠢ ᠦᠨᠡᠨ ᠨᠡᠷ᠎ᠡ ᠪᠠᠷ ᠳᠠᠩᠰᠠᠯᠠᠭᠤᠯᠬᠤ ᠪᠠ ᠬᠠᠷᠭᠤᠭᠤᠯᠤᠨ ᠪᠠᠶᠢᠴᠠᠭᠠᠭᠰᠠᠨ ᠮᠡᠳᠡᠭᠦᠯᠦᠯᠲᠡ ᠬᠢᠬᠦ ᠬᠡᠷᠡᠭᠲᠡᠢ᠃        ᠠᠷᠪᠠ᠂ ᠰᠠᠭᠤᠭᠠᠯᠢ ᠠᠷᠠᠳ ᠤᠨ ᠤᠷᠤᠭ ᠪᠡᠯᠪᠡᠰᠦᠷᠡᠯ ᠤᠨ ᠠᠵᠢᠯᠯᠠᠭ᠎ᠠ ᠶᠢ ᠳᠦᠭᠦᠮᠴᠢᠯᠡᠨ ᠬᠢᠬᠦ ᠶᠢ ᠰᠠᠨᠠᠭᠠᠴᠢᠯᠠᠨ᠎ᠠ᠃ 50 ᠬᠥᠮᠥᠨ ᠵᠢᠴᠢ ᠲᠡᠭᠦᠨ ᠠᠴᠠ ᠳᠡᠭᠡᠭᠰᠢᠬᠢ ᠲᠣᠮᠣ ᠬᠡᠯᠪᠡᠷᠢ ᠶᠢᠨ ᠬᠤᠷᠠᠯ᠂ ᠪᠣᠯᠪᠠᠰᠤᠷᠠᠯ᠂ ᠴᠤᠭᠯᠠᠭᠠᠨ ᠦᠵᠡᠰᠬᠦᠯᠡᠩ᠂ ᠤᠷᠠᠨ ᠰᠠᠶᠢᠬᠠᠨ ᠤ ᠲᠣᠭᠯᠠᠯᠲᠠ ᠵᠡᠷᠭᠡ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠴᠢᠬᠤᠯᠠ ᠦᠭᠡᠢ ᠪᠣᠯ ᠡᠷᠬᠢᠯᠡᠬᠦ ᠦᠭᠡᠢ ᠪᠠᠶᠢᠬᠤ ᠬᠡᠷᠡᠭᠲᠡᠢ᠃ ᠦᠨᠡᠨᠬᠦ ᠡᠷᠭᠢᠯᠡᠬᠦ ᠴᠢᠬᠤᠯᠠᠲᠠᠢ ᠪᠣᠯ᠂ ︽ᠬᠡᠨ ᠬᠢᠨᠠᠨ ᠵᠥᠪᠰᠢᠶᠡᠷᠡᠭᠰᠡᠨ ᠪᠣᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ᠲᠣᠭᠲᠠᠭᠠᠵᠤ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠰᠢᠭᠤᠨ ᠤ ᠵᠢᠯᠤᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃        ᠠᠷᠪᠠᠨ ᠨᠢᠭᠡ᠂ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠭᠠᠵᠠᠷ ᠪᠠ ᠪᠠᠶᠢᠭᠤᠯᠤᠮᠵᠢ ᠲᠣᠭᠲᠠᠭᠠᠯ ᠶᠣᠰᠣᠭᠠᠷ ᠲᠠᠯᠠᠪᠤᠷ ᠭᠠᠵᠠᠷ ᠤᠨ ᠠᠷᠢᠭᠤᠳᠬᠠᠬᠤ ᠠᠵᠢᠯ ᠢ ᠴᠢᠩᠭ᠎ᠠ ᠬᠡᠷᠡᠭᠵᠢᠭᠦᠯᠵᠦ᠂ ᠲᠤᠰᠬᠠᠢ ᠬᠥᠮᠥᠨ ᠲᠣᠬᠢᠷᠠᠭᠤᠯᠤᠨ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ ᠪᠠ ︽ᠨᠢᠭᠡ ᠮᠧᠲᠷ ᠤᠨ ᠵᠠᠢ︾ ᠵᠡᠷᠭᠡ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠨ᠂ ᠲᠣᠭᠲᠠᠭᠰᠠᠨ ᠴᠠᠭ ᠲᠤ ᠰᠠᠯᠬᠢ ᠠᠭᠠᠷ ᠨᠡᠪᠲᠡᠷᠡᠭᠦᠯᠬᠦ ᠬᠡᠷᠡᠭᠲᠡᠢ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠳᠦᠷ ᠪᠦᠷᠢ ᠲᠤᠰᠬᠠᠢ ᠬᠥᠮᠥᠨ ᠵᠢᠭᠠᠨ ᠲᠣᠭᠲᠠᠭᠠᠵᠤ ᠡᠯ᠎ᠡ ᠡᠵᠡᠩᠨᠡᠯᠲᠡ ᠶᠢᠨ ᠭᠤᠣᠯ ᠴᠣᠭᠴᠠ ᠶᠢ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠤᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠲᠠᠯ᠎ᠠ ᠪᠠᠷ ᠬᠦᠷᠦᠯᠴᠡᠬᠦ ᠦᠭᠡᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢ ᠴᠥᠮ ᠠᠵᠢᠯ ᠢ ᠨᠢ ᠵᠣᠭᠰᠣᠭᠠᠨ ᠵᠠᠰᠠᠨ ᠴᠡᠭᠴᠡᠯᠡᠭᠦᠯᠬᠦ ᠬᠡᠷᠡᠭᠲᠡᠢ᠃        ᠠᠷᠪᠠᠨ ᠬᠤᠶᠠᠷ᠂ ᠥᠷᠭᠡᠨ ᠣᠯᠠᠨ ᠲᠦᠮᠡᠨ ᠮᠠᠨ ᠤ ᠬᠤᠰᠢᠭᠤᠨ ᠤ ᠠᠯᠪᠠᠨ ᠵᠠᠭᠤᠴᠢᠯᠠᠭᠤᠷ ᠤᠨ ᠮᠡᠳᠡᠭᠡ ᠵᠠᠩᠭᠢ ᠶᠢ ᠠᠩᠬᠠᠷᠴᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠮᠠᠨ ᠤ ᠬᠤᠰᠢᠭᠤᠨ ᠤ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠨᠡᠶᠢᠲᠡᠯᠡᠭᠰᠡᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠶᠢᠯᠠᠭᠠᠵᠤ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠢ ᠬᠠᠮᠵᠢᠯᠴᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠠᠮᠠᠪᠴᠢ ᠵᠡᠭᠦᠬᠦ ᠶᠢ ᠪᠠᠷᠢᠮᠲᠠᠯᠠᠵᠤ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ᠂ ᠬᠤᠪᠢ ᠬᠥᠮᠥᠨ ᠤ ᠡᠷᠡᠭᠦᠯ ᠬᠠᠮᠠᠭᠠᠯᠠᠯ ᠢ ᠠᠩᠬᠠᠷᠬᠤ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠠᠭᠠᠷ ᠨᠡᠪᠲᠡᠷᠡᠭᠦᠯᠬᠦ᠂ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠰᠠᠶᠢᠨ ᠳᠠᠳᠬᠠᠯ ᠢ ᠪᠣᠢ ᠪᠣᠯᠭᠠᠵᠤ᠂ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠴᠠᠭ ᠲᠤᠬᠠᠢ ᠳᠤᠨᠢ ᠲᠣᠭᠲᠠᠭᠠᠯ ᠶᠣᠰᠣᠭᠠᠷ ᠡᠮᠨᠡᠭᠦᠯᠵᠦ᠂ ᠡᠪᠡᠳᠴᠢᠨ ᠲᠠᠢ ᠪᠠᠷ ᠠᠵᠢᠯᠯᠠᠬᠤ ᠦᠭᠡᠢ᠂ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠦᠭᠡᠢ᠂ ᠴᠤᠭᠯᠠᠷᠠᠬᠤ ᠦᠭᠡᠢ᠂ ᠪᠦᠭᠡᠮᠨᠡᠷᠡᠬᠦ ᠦᠭᠡᠢ ᠪᠠᠶᠢᠵᠤ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠬᠤ ᠪᠠᠷ ᠬᠠᠮᠲᠤ ᠪᠠᠷ ᠴᠢᠷᠮᠠᠶᠢᠵᠠᠭᠠᠶ᠎ᠠ᠃              ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                            2022 ᠣᠨ ᠤ 10 ᠰᠠᠷ᠎ᠠ ᠶᠢᠨ 21 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号