ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 56 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/10/24
       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠦᠨ᠂ ᠮᠠᠨ ᠤ ᠬᠤᠰᠢᠭᠤᠨ ᠳᠤ ᠬᠢᠵᠢᠭ ᠤᠨ ᠪᠠᠶᠢᠳᠠᠯ ᠡᠭᠦᠰᠬᠦ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠤᠯᠠᠮ ᠴᠢᠩᠭᠠᠳᠬᠠᠵᠤ᠂ ᠳᠠᠯᠳᠠ ᠪᠠᠷ ᠲᠠᠷᠬᠠᠬᠤ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠦᠨ ᠡᠵᠡᠮᠳᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠬᠤ ᠶᠢᠨ ᠲᠦᠯᠦᠭᠡ᠂ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠠᠯᠳ᠋ᠬᠠᠮᠡᠭᠡᠯ ᠪᠠᠯᠭᠠᠰᠤ ᠶᠢᠨ ᠲᠣᠭᠤᠷᠢᠭ ᠲᠤ ᠣᠷᠣᠨ ᠬᠡᠪᠴᠢᠶᠡᠨ ᠤ ᠪᠠᠶᠢᠩᠭᠤᠵᠢᠭᠰᠠᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠬᠦ ᠪᠠᠷ ᠲᠣᠭᠲᠠᠪᠠ᠂ ᠣᠳᠣ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄        ᠨᠢᠭᠡ᠂ ᠦᠯᠢᠭᠡᠷ ᠠᠪᠬᠤ ᠬᠡᠪᠴᠢᠶ᠎ᠡ        ᠪᠠᠶᠢᠩᠭᠤᠵᠢᠭᠰᠠᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠰᠢᠭᠰᠢᠨ ᠪᠠᠶᠢᠴᠠᠭᠠᠭᠳᠠᠬᠤ ᠬᠦᠮᠦᠰ ᠪᠣᠯ ᠠᠯᠳ᠋ᠬᠠᠮᠡᠭᠡᠯ ᠪᠠᠯᠭᠠᠰᠤ ᠶᠢᠨ ᠲᠠᠪᠤᠨ ᠨᠡᠶᠢᠭᠡᠮ ᠲᠣᠭᠤᠷᠢᠭ ︵ᠪᠤᠶᠢᠷ᠂ ᠪᠣᠭᠳᠠᠠᠭᠤᠯᠠ᠂ ᠬᠡᠷᠦᠯᠦᠨ᠂ ᠬᠥᠯᠥᠨ᠂ ᠡᠷᠳᠡᠨᠢᠠᠭᠤᠯᠠ ᠨᠡᠶᠢᠭᠡᠮ ᠲᠣᠭᠤᠷᠢᠭ︶ ᠤᠨ ᠪᠥᠬᠦ ᠪᠠᠶᠢᠩᠭᠤ ᠰᠠᠭᠤᠭ᠎ᠠ ᠰᠠᠭᠤᠭᠠᠯᠢ ᠠᠷᠠᠳ᠂ ᠲᠦᠷ ᠰᠠᠭᠤᠭ᠎ᠠ ᠰᠠᠭᠤᠭᠠᠯᠢ ᠠᠷᠠᠳ ᠪᠠ ᠲᠦᠷ ᠴᠠᠭ ᠤᠨ ᠨᠡᠭᠦᠳᠡᠯ ᠬᠥᠮᠥᠨ ᠠᠮᠠ ᠪᠣᠯᠣᠨ᠎ᠠ᠃        ᠬᠤᠶᠠᠷ᠂ ᠦᠯᠢᠭᠡᠷ ᠠᠪᠬᠤ ᠴᠠᠭ᠂ ᠭᠠᠵᠠᠷ        2022 ᠣᠨ ᠤ 10 ᠰᠠᠷ᠎ᠠ ᠶᠢᠨ 25 ᠤ ᠡᠳᠦᠷ ᠠᠴᠠ ᠡᠬᠢᠯᠡᠨ᠂ ᠭᠠᠷᠠᠭ ᠪᠦᠷᠢ ᠶᠢᠨ ᠭᠠᠷᠠᠭ ᠤᠨ ᠬᠤᠶᠠᠷ ᠪᠠ ᠲᠠᠪᠤᠨ ᠤ 7᠄ 00 ︱ 9᠄ 00᠃        ᠦᠯᠢᠭᠡᠷ ᠠᠪᠬᠤ ᠭᠠᠵᠠᠷ ᠢ ᠰᠠᠭᠤᠭᠠᠯᠢ ᠠᠷᠠᠳ ᠤᠨ ᠲᠣᠭᠤᠷᠢᠭ ᠢᠶᠠᠷ ᠨᠢᠭᠡᠴᠡ ᠪᠣᠯᠭᠠᠵᠤ᠂ ᠪᠣᠳᠠᠲᠠᠢ ᠭᠠᠵᠠᠷ ᠢ ᠨᠡᠶᠢᠭᠡᠮ ᠲᠣᠭᠤᠷᠢᠭ ᠤᠨ ᠠᠵᠢᠯᠲᠠᠨ ᠤ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃        ᠭᠤᠷᠪᠠ᠂ ᠠᠩᠬᠠᠷᠬᠤ ᠵᠦᠢᠯ        ︵ᠨᠢᠭᠡ︶ ᠥᠷᠭᠡᠨ ᠣᠯᠠᠨ ᠲᠦᠮᠡᠨ ᠬᠠᠷᠢᠶ᠎ᠠ ᠭᠠᠵᠠᠷ ᠤᠨ ᠢᠶᠠᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠰᠠᠨ ᠥᠯᠢᠭᠡᠷ ᠠᠪᠬᠤ ᠴᠡᠭ ᠲᠤ ᠡᠮᠬᠢ ᠵᠢᠷᠤᠮ ᠲᠠᠢ ᠪᠠᠷ ᠬᠦᠷᠴᠦ ᠥᠯᠢᠭᠡᠷ ᠠᠪᠤᠭᠤᠯᠵᠤ᠂ ᠪᠠᠶᠢᠩᠭᠤᠵᠢᠭᠰᠠᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠳᠤ ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠵᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠪᠠᠶᠢᠬᠤ ᠵᠠᠷᠴᠢᠮ ᠢ ᠪᠠᠷᠢᠮᠲᠠᠯᠠᠨ᠂ ᠪᠣᠶ ᠪᠦᠬᠦᠢ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠪᠦᠬᠦᠨ ᠢ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ ᠪᠠᠶᠢᠩᠭᠤᠵᠢᠭᠰᠠᠨ ᠤᠷᠢᠳᠴᠢᠯᠠᠨ ᠰᠡᠷᠭᠡᠶᠢᠯᠡᠬᠦ ᠴᠢᠨᠠᠷᠲᠠᠢ ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠤᠭᠤᠴᠠᠭᠠᠨ ᠳᠤ ᠪᠢᠲᠡᠭᠦᠮᠵᠢᠯᠡᠨ ᠡᠵᠡᠮᠳᠡᠬᠦ ᠦᠭᠡᠢ᠂ ᠲᠣᠭᠲᠠᠩᠭᠤᠢ ᠬᠠᠮᠢᠶᠠᠷᠤᠯᠲᠠ ᠬᠢᠬᠦ ᠦᠭᠡᠢ ᠪᠠᠶᠢᠵᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠳᠠᠭᠤᠰᠤᠭᠰᠠᠨ ᠤ ᠳᠠᠷᠠᠭ᠎ᠠ ᠳᠠᠷᠤᠢ ᠳᠤᠨᠢ ᠶᠠᠪᠤᠵᠤ ᠪᠣᠯᠣᠨ᠎ᠠ᠃ ᠪᠥᠭᠡᠮ ᠬᠦᠴᠢᠯ ᠤᠨ ᠥᠯᠢᠭᠡᠷ ᠠᠪᠬᠤ ᠶᠠᠪᠤᠴᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠠᠮᠠᠪᠴᠢ ᠵᠡᠭᠦᠵᠦ᠂ 1 ᠮᠧᠲᠷ ᠤᠨ ᠵᠠᠢ ᠶᠢ ᠪᠠᠲᠤᠯᠠᠨ᠂ ᠣᠯᠠᠨ ᠨᠡᠶᠢᠲᠡ ᠶᠢᠨ ᠡᠮᠬᠢ ᠳᠢᠭᠯᠢᠮ ᠢ ᠵᠢᠷᠤᠮᠯᠠᠵᠤ᠂ ᠥᠯᠢᠭᠡᠷ ᠠᠪᠴᠤ ᠪᠠᠷᠠᠭᠰᠠᠨ ᠤ ᠳᠠᠷᠠᠭ᠎ᠠ ᠳᠠᠷᠤᠢ ᠲᠦᠷᠭᠡᠨ ᠶᠠᠪᠤᠵᠤ᠂ ᠰᠠᠭᠠᠲᠠᠬᠤ ᠦᠭᠡᠢ᠂ ᠴᠤᠭᠯᠠᠷᠠᠬᠤ ᠦᠭᠡᠢ ᠪᠠᠶᠢᠵᠤ᠂ ᠬᠡᠪ ᠤᠨ ᠠᠵᠢᠯ ᠠᠮᠢᠳᠤᠷᠠᠯ ᠤᠨ ᠡᠮᠬᠢ ᠳᠢᠭᠯᠢᠮ ᠢ ᠪᠠᠲᠤᠯᠠᠬᠤ ᠬᠡᠷᠡᠭᠲᠡᠢ᠃ ᠬᠦᠢᠲᠡᠨ ᠤᠷᠤᠰᠬᠠᠯ᠂ ᠴᠠᠰᠤ ᠪᠣᠷᠣᠭᠠᠨ ᠵᠡᠷᠭᠡ ᠴᠠᠭ ᠠᠭᠤᠷ ᠤᠨ ᠪᠠᠶᠢᠳᠠᠯ ᠲᠣᠬᠢᠶᠠᠯᠳᠤᠪᠠᠯ᠂ ᠥᠷᠭᠡᠨ ᠤᠯᠠᠨ ᠲᠦᠮᠡᠨ ᠬᠦᠢᠲᠡᠨ ᠢ ᠰᠡᠷᠭᠡᠶᠢᠯᠡᠨ ᠰᠠᠶᠢᠲᠤᠷ ᠳᠤᠯᠠᠭᠠᠯᠠᠵᠤ᠂ ᠴᠠᠰᠤ ᠪᠣᠷᠤᠭ᠎ᠠ ᠶᠢ ᠰᠡᠷᠭᠡᠶᠢᠯᠡᠬᠦ ᠵᠡᠷᠭᠡ ᠪᠡᠯᠡᠳᠬᠡᠯ ᠢ ᠤᠷᠢᠳᠴᠢᠯᠠᠨ ᠰᠠᠶᠢᠲᠤᠷ ᠬᠢᠭᠡᠷᠡᠢ᠃        ︵ᠬᠤᠶᠠᠷ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠥᠬᠦ ᠪᠠᠭᠰᠢ ᠰᠤᠷᠤᠭᠴᠢᠳ ᠭᠠᠷᠠᠭ ᠪᠦᠷᠢ ᠶᠢᠨ ᠪᠥᠭᠡᠮ ᠬᠦᠴᠢᠯ ᠤᠨ ᠪᠠᠶᠢᠴᠠᠭᠠᠯᠲᠠ ᠳᠤ ᠣᠷᠤᠯᠴᠠᠬᠤ ᠦᠭᠡᠢ᠂ ᠦᠷᠭᠦᠯᠵᠢᠯᠡᠨ ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ︾ ᠱᠠᠭᠠᠷᠳᠠᠯᠭ᠎ᠠ ᠶᠣᠰᠣᠭᠠᠷ ᠰᠤᠷᠭᠠᠭᠤᠯᠢ ᠳᠤ ᠭᠠᠷᠠᠭ ᠪᠦᠷᠢ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠥᠷᠨᠢᠭᠦᠯᠦᠨ᠎ᠡ᠃        ︵ᠭᠤᠷᠪᠠ︶ ᠥᠯᠢᠭᠡᠷ ᠠᠪᠴᠤ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠥᠯᠢᠭᠡᠷ ᠠᠪᠬᠤ ᠴᠡᠭ ᠲᠤ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠨᠠᠭᠠᠯᠲᠠ ᠶᠢ ᠴᠠᠭ ᠲᠤᠬᠠᠢ ᠳᠤᠨᠢ ᠠᠪᠴᠤ᠂ ᠡᠯ᠎ᠡ ᠲᠥᠷᠥᠯ ᠤᠨ ᠲᠠᠯᠠᠪᠤᠷ ᠲᠤ ᠣᠷᠣᠵᠤ᠂ ᠪᠠᠯᠭᠠᠰᠤᠨ ᠳᠣᠲᠣᠷ᠎ᠠ ᠡᠮᠬᠢ ᠵᠢᠷᠤᠮ ᠲᠠᠢ ᠪᠠᠷ ᠶᠠᠪᠤᠵᠤ ᠪᠣᠯᠣᠨ᠎ᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠨᠠᠭᠠᠯᠲᠠ ᠶᠢᠨ ᠬᠦᠴᠦᠨ ᠲᠠᠢ ᠬᠤᠭᠤᠴᠠᠭ᠎ᠠ ᠨᠢ ᠳᠠᠷᠠᠭ᠎ᠠ ᠨᠢᠭᠡ ᠡᠭᠡᠯᠵᠢ ᠶᠢᠨ ᠪᠥᠭᠡᠮ ᠬᠦᠴᠢᠯ ᠤᠨ ᠦᠯᠢᠭᠡᠷ ᠠᠪᠬᠤ ᠠᠴᠠ ᠡᠮᠦᠨ᠎ᠡ ᠪᠣᠯᠣᠨ᠎ᠠ᠃         ︵ᠳᠥᠷᠪᠡ︶ ᠪᠠᠶᠢᠩᠭᠤᠵᠢᠭᠰᠠᠨ ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠳᠤ ᠣᠷᠣᠯᠴᠠᠭᠰᠠᠨ ᠦᠭᠡᠢ ᠰᠠᠭᠤᠭᠠᠯᠢ ᠠᠷᠠᠳ ᠤᠨ ᠡᠯ᠎ᠡ ᠲᠥᠷᠥᠯ ᠤᠨ ᠲᠠᠯᠠᠪᠤᠷ ᠲᠤ ᠣᠷᠣᠬᠤ ᠶᠢ ᠴᠠᠭᠠᠵᠠᠯᠠᠵᠤ᠂ ᠬᠢᠵᠢᠭ ᠳᠡᠯᠭᠡᠷᠡᠬᠦ ᠲᠦᠭᠰᠢᠭᠦᠷᠢ ᠶᠢ ᠪᠤᠢ ᠪᠣᠯᠭᠠᠭᠰᠠᠨ ᠪᠠᠶᠢᠪᠠᠯ᠂ ᠵᠣᠬᠢᠴᠠᠩᠭᠤᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃        ︵ᠲᠠᠪᠤ︶ ᠰᠢᠨ᠎ᠡ ᠪᠠᠷ ᠸᠠᠺᠼᠢᠨ ᠤ ᠲᠠᠷᠢᠯᠭ᠎ᠠ ᠬᠢᠯᠭᠡᠵᠦ 48 ᠴᠠᠭ ᠢ ᠬᠡᠲᠦᠷᠡᠭᠡᠳᠦᠢ ᠬᠥᠮᠥᠰ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠣᠷᠤᠯᠴᠠᠬᠤ ᠦᠭᠡᠢ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠲᠤ ᠴᠠᠭ ᠲᠤᠬᠠᠢ ᠳᠤᠨᠢ ᠮᠡᠳᠡᠭᠦᠯᠦᠨ ᠳᠠᠩᠰᠠᠯᠠᠭᠤᠯᠵᠤ᠂ ᠳᠠᠷᠠᠭᠠᠴᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠨᠥᠬᠦᠨ ᠬᠢᠯᠭᠡᠵᠦ᠂ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠨᠠᠭᠠᠯᠲᠠ ᠠᠪᠤᠨ᠎ᠠ᠃          ︵ᠵᠢᠷᠭᠤᠭ᠎ᠠ︶ ᠭᠡᠷ ᠲᠡᠭᠡᠨ ᠲᠤᠰᠠᠭᠠᠷᠯᠠᠨ ᠬᠠᠮᠢᠶᠠᠷᠬᠤ ᠶᠢ ᠬᠦᠯᠢᠶᠡᠵᠦ ᠪᠠᠶᠢᠭ᠎ᠠ᠂ ᠭᠡᠷ ᠪᠦᠯᠢ ᠶᠢᠨ ᠡᠷᠡᠭᠦᠯ ᠮᠡᠨᠳᠦ ᠶᠢ ᠬᠢᠨᠠᠨ ᠬᠡᠮᠵᠢᠯᠲᠡ ᠪᠠᠶᠢᠭ᠎ᠠ ᠬᠦᠮᠦᠰ ᠭᠠᠳᠠᠭᠰᠢ ᠭᠠᠷᠴᠤ ᠪᠣᠯᠬᠤ ᠦᠭᠡᠢ᠂ ᠨᠡᠶᠢᠭᠡᠮ ᠲᠣᠭᠤᠷᠢᠭ ᠠᠴᠠ ᠠᠵᠢᠯᠲᠠᠨ ᠲᠣᠬᠢᠷᠠᠭᠤᠯᠤᠨ ᠭᠡᠷ ᠲᠤᠨᠢ ᠣᠴᠢᠵᠤ ᠥᠯᠢᠭᠡᠷ ᠠᠪᠤᠨ᠎ᠠ︔ ᠬᠦᠨᠳᠦ ᠡᠪᠡᠳᠴᠢᠨ ᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠬᠦᠮᠦᠰ ᠪᠠᠶᠢᠭ᠎ᠠ ᠨᠡᠶᠢᠭᠡᠮ ᠲᠣᠭᠤᠷᠢᠭ ᠲᠤ ᠪᠠᠨ ᠴᠠᠭ ᠲᠤᠬᠠᠢ ᠳᠤᠨᠢ ᠮᠡᠳᠡᠭᠦᠯᠦᠨ ᠳᠠᠩᠰᠠᠯᠠᠭᠤᠯᠵᠤ᠂ ᠠᠵᠢᠯᠲᠠᠨ ᠤ ᠭᠡᠷ ᠲᠤᠨᠢ ᠬᠦᠷᠴᠦ ᠦᠯᠢᠭᠡᠷ ᠠᠪᠬᠤ ᠶᠢ ᠬᠦᠯᠢᠶᠡᠬᠦ ᠬᠡᠷᠡᠭᠲᠡᠢ᠃        ︵ᠳᠣᠯᠤᠭ᠎ᠠ︶ ᠥᠷᠭᠡᠨ ᠣᠯᠠᠨ ᠰᠠᠭᠤᠭᠠᠯᠢ ᠠᠷᠠᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠥᠯᠢᠭᠡᠷ ᠠᠪᠬᠤ ᠶᠠᠪᠤᠴᠠ ᠳᠤ ᠰᠡᠭᠦᠳᠡᠷ ᠲᠠᠲᠠᠬᠤ᠂ ᠳᠦᠷᠰᠦ ᠰᠢᠩᠭᠡᠭᠡᠬᠦ ᠶᠢ ᠴᠢᠩᠭ᠎ᠠ ᠴᠠᠭᠠᠵᠠᠯᠠᠵᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠬᠡᠷᠡᠭᠲᠡᠢ᠃           ᠪᠦᠭᠡᠮ ᠬᠦᠴᠢᠯ ᠤᠨ ᠪᠠᠶᠢᠴᠠᠭᠠᠯᠲᠠ ᠶᠢ ᠪᠠᠶᠢᠩᠭᠤᠵᠢᠭᠤᠯᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠳᠤ ᠭᠦᠷᠪᠡᠯ᠂ ᠲᠠᠷᠠᠭᠠᠴᠢ ᠶᠢᠨ ᠬᠠᠮᠤᠭ ᠤᠨ ᠰᠢᠨ᠎ᠡ ᠠᠯᠪᠠᠨ ᠵᠠᠷᠯᠠᠯ ᠢᠶᠠᠷ ᠪᠠᠷᠢᠮᠵᠢᠶ᠎ᠠ ᠪᠣᠯᠭᠠᠨ᠎ᠠ᠃        ᠳᠠᠭᠠᠯᠳᠤᠭᠤᠯᠤᠯ᠄ ᠠᠯᠳ᠋ᠬᠠᠮᠡᠭᠡᠯ ᠪᠠᠯᠭᠠᠰᠤ ᠶᠢᠨ ᠲᠣᠭᠤᠷᠢᠭ ᠤᠨ ᠡᠯ᠎ᠡ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ ᠤ ᠬᠠᠷᠢᠯᠴᠠᠬᠤ ᠤᠲᠠᠰᠤ        ᠨᠢᠭᠡᠳᠦᠭᠡᠷ ᠨᠡᠶᠢᠭᠡᠮ ᠲᠣᠭᠤᠷᠢᠭ ︵ᠪᠤᠶᠢᠷ ᠨᠡᠶᠢᠭᠡᠮ ᠲᠣᠭᠤᠷᠢᠭ︶  ᠰᠠᠷᠠᠭᠤᠯ  13304700116        ᠬᠤᠶᠠᠳᠤᠭᠠᠷ ᠨᠡᠶᠢᠭᠡᠮ ᠲᠣᠭᠤᠷᠢᠭ ︵ᠪᠣᠭᠳᠠᠠᠭᠤᠯᠠ ᠨᠡᠶᠢᠭᠡᠮ ᠲᠣᠭᠤᠷᠢᠭ︶ ᠪᠣᠤ ᠮᠢᠩ ᠶᠠᠨ 13304702536        ᠭᠤᠷᠪᠠᠳᠤᠭᠠᠷ ᠨᠡᠶᠢᠭᠡᠮ ᠲᠣᠭᠤᠷᠢᠭ ︵ᠬᠡᠷᠦᠯᠦᠨ ᠨᠡᠶᠢᠭᠡᠮ ᠲᠣᠭᠤᠷᠢᠭ︶ ᠭᠡᠷᠡᠯ᠎ᠡ 13514807168        ᠳᠦᠷᠪᠡᠳᠦᠭᠡᠷ ᠨᠡᠶᠢᠭᠡᠮ ᠲᠣᠭᠤᠷᠢᠭ ︵ᠬᠦᠯᠦᠨ ᠨᠡᠶᠢᠭᠡᠮ ᠲᠣᠭᠤᠷᠢᠭ︶ ᠴᠦᠨ ᠶᠢᠩ 13722009844        ᠲᠠᠪᠤᠳᠤᠭᠠᠷ ᠨᠡᠶᠢᠭᠡᠮ ᠲᠣᠭᠤᠷᠢᠭ ︵ᠡᠷᠳᠡᠨᠢᠠᠭᠤᠯᠠ ᠨᠡᠶᠢᠭᠡᠮ ᠲᠣᠭᠤᠷᠢᠭ︶ ᠵᠢᠶᠠ ᠵᠢᠩ ᠶᠢᠩ 13947028769               ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                               2022 ᠣᠨ ᠤ 10 ᠰᠠᠷ᠎ᠠ ᠶᠢᠨ 23 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号