10 ᠰᠠᠷ᠎ᠠ ᠶᠢᠨ 24 ᠤ ᠡᠳᠦᠷ᠂ ᠮᠠᠨ ᠤ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ ᠮᠢᠨ ᠯᠧ ᠰᠠᠭᠤᠭᠠᠯᠢ | ᠲᠣᠭᠤᠷᠢᠭ ᠤᠨ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠬᠠᠷᠢᠯᠴᠠᠭ ᠲᠠᠨ᠎ᠠ ᠪᠠ ᠭᠦᠸᠧ ᠸᠧᠨ ᠫᠢᠩ ᠳᠤ | ᠬᠡᠮᠡᠷᠯᠢᠭ ᠲᠤᠭ ᠬᠦᠷᠭᠡᠵᠦ᠂ ᠲᠤᠰ ᠡᠭᠡᠯᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ | ᠬᠤᠭᠤᠴᠠᠭᠠᠨ ᠳᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ ᠬᠠᠯᠠᠭᠤᠨ ᠦᠢᠯᠡᠴᠢᠯᠡᠭᠡ ᠬᠠᠩᠭᠠᠭᠰᠠᠨ | ᠬᠠᠷᠢᠯᠴᠠᠭᠴᠢ ᠳᠤ ᠲᠠᠯᠠᠷᠬᠠᠵᠤ ᠪᠠᠶᠢᠭ᠎ᠠ ᠰᠡᠳᠬᠢᠯ ᠢᠶᠠᠨ ᠢᠯᠡᠳᠬᠡᠪᠡ᠃ | | | | ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠠᠯᠳ᠋ᠬᠠᠮᠡᠭᠡᠯ ᠪᠠᠯᠭᠠᠰᠤ ᠶᠢᠨ ᠮᠢᠨ ᠯᠧ ᠰᠠᠭᠤᠭᠠᠯᠢ | ᠲᠣᠭᠤᠷᠢᠭ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠪᠣᠯᠵᠤ᠂ ᠭᠡᠷ ᠠᠴᠠ ᠪᠠᠨ ᠭᠠᠷᠬᠤ ᠦᠭᠡᠢ᠂ ᠭᠡᠷ ᠲᠤᠨᠢ | ᠬᠦᠷᠴᠦ ᠦᠢᠯᠡᠴᠢᠯᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠮᠢᠨ ᠯᠧ ᠰᠠᠭᠤᠭᠠᠯᠢ ᠲᠣᠭᠤᠷᠢᠭ ᠲᠤ ᠨᠡᠶᠢᠲᠡ | 312 ᠡᠷᠦᠬᠡ᠂ 758 ᠬᠦᠮᠦᠨ ᠰᠠᠭᠤᠵᠤ ᠪᠠᠶᠢᠳᠠᠭ᠃ ᠡᠭᠦᠨ ᠳᠤ ᠬᠦᠳᠡᠯᠵᠦ ᠪᠠᠷᠢᠬᠤ ᠳᠤ ᠳᠦᠭᠦᠮ ᠦᠭᠡᠢ | ᠰᠠᠭᠤᠭᠠᠯᠢ ᠠᠷᠠᠳ 83 ᠬᠦᠮᠦᠨ ᠪᠣᠢ᠂ ᠨᠡᠶᠢᠭᠡᠮ ᠲᠣᠭᠤᠷᠢᠭ ᠤᠨ ᠬᠠᠷᠢᠯᠴᠠᠭᠴᠢ ᠪᠠ ᠰᠠᠭᠤᠭᠠᠯᠢ ᠲᠣᠭᠤᠷᠢᠭ ᠤᠨ | ᠠᠰᠠᠷ ᠤᠨ ᠳᠠᠷᠤᠭ᠎ᠠ ᠰᠡᠳᠬᠢᠯ ᠨᠢᠭᠡᠳᠦᠨ ᠬᠠᠮᠲᠤᠷᠠᠨ ᠠᠵᠢᠯᠯᠠᠵᠤ᠂ ᠭᠡᠷ ᠲᠡᠭᠡᠨ ᠰᠠᠭᠤᠭ᠎ᠠ ᠣᠯᠠᠨ ᠲᠦᠮᠡᠨ ᠢ | ᠬᠠᠪᠰᠤᠷᠤᠨ ᠠᠮᠢᠳᠤᠷᠠᠯ ᠤᠨ ᠡᠳ᠋ ᠪᠤᠳᠠᠰ ᠬᠤᠳᠠᠯᠳᠤᠨ ᠠᠪᠴᠤ ᠦᠭᠬᠦᠨ᠂ ᠰᠠᠭᠤᠭᠠᠯᠢ ᠠᠷᠠᠳ ᠤᠨ ᠬᠡᠪ ᠤᠨ | ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠡᠭᠦᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠣᠭᠤᠮᠲᠠ ᠶᠢ ᠴᠢᠩᠭ᠎ᠠ ᠰᠠᠬᠢᠵᠤ᠂ 24 ᠴᠠᠭ ᠢᠶᠠᠷ ᠳᠠᠩᠰᠠᠯᠠᠨ ᠲᠡᠮᠳᠡᠭᠯᠡᠬᠦ᠂ ᠪᠡᠶ᠎ᠡ ᠶᠢᠨ ᠳᠤᠯᠠᠭᠠᠨ ᠢ ᠬᠡᠮᠵᠢᠬᠦ | ᠬᠦᠮᠦᠰ ᠢ ᠵᠢᠭᠰᠠᠭᠠᠨ ᠪᠠᠶᠢᠴᠠᠭᠠᠬᠤ᠂ ᠬᠢᠵᠢᠭ ᠢ ᠰᠡᠷᠭᠡᠶᠢᠯᠡᠬᠦ ᠤᠬᠠᠭᠤᠯᠭ᠎ᠠ ᠬᠢᠬᠦ ᠵᠡᠷᠭᠡ ᠠᠵᠢᠯ ᠢ ᠰᠠᠶᠢᠲᠤᠷ ᠬᠢᠵᠦ᠂ | ᠰᠠᠭᠤᠭᠠᠯᠢ ᠠᠷᠠᠳ ᠲᠤ ᠬᠢᠵᠢᠭ ᠢ ᠰᠡᠷᠭᠡᠶᠢᠯᠡᠨ ᠡᠵᠡᠮᠳᠡᠬᠦ ᠬᠠᠲᠠᠭᠤ ᠴᠢᠩᠭ᠎ᠠ ᠬᠠᠯᠬᠠᠪᠴᠢ ᠶᠢ ᠪᠠᠶᠢᠭᠤᠯᠵᠤ ᠥᠭᠪᠡ᠃ | | | | ᠡᠨᠡᠬᠦ ᠬᠡᠮᠡᠷᠯᠢᠭ ᠲᠤᠭ ᠪᠣᠯ ᠵᠣᠷᠢᠭᠵᠢᠭᠤᠯᠤᠯ ᠲᠠᠯᠠᠷᠬᠠᠯ᠂ ᠬᠦᠨᠳᠦ ᠬᠠᠷᠢᠭᠤᠴᠠᠯᠭ᠎ᠠ᠂ ᠮᠦᠨᠴᠦ ᠣᠯᠠᠨ | ᠲᠦᠮᠡᠨ ᠠᠴᠠ ᠬᠠᠷᠢᠯᠴᠠᠬᠤ ᠠᠵᠢᠯᠲᠠᠨ ᠳᠤ ᠥᠭᠭᠦᠭᠰᠡᠨ ᠦᠨᠡᠯᠡᠯᠲᠡ ᠪᠣᠯᠣᠨ᠎ᠠ᠃ ᠠᠯᠳ᠋ᠬᠠᠮᠡᠭᠡᠯ ᠪᠠᠯᠭᠠᠰᠤ ᠶᠢᠨ ᠮᠢᠨ | ᠯᠧ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠪᠠᠰᠠ ᠬᠤᠰᠢᠭᠤᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠲᠤ 2100 ᠲᠦᠬᠦᠷᠢᠭ ᠤᠨ ᠬᠠᠶᠢᠷ᠎ᠠ ᠶᠢᠨ ᠵᠣᠭᠤᠰ ᠬᠠᠨᠳᠢᠪᠯᠠᠵᠤ᠂ ᠪᠦᠬᠦ ᠬᠤᠰᠢᠭᠤᠨ ᠤ ᠬᠢᠵᠢᠭ ᠢ | ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠪᠠᠲᠤᠳᠬᠠᠬᠤ ᠳᠤ ᠬᠤᠪᠢ ᠨᠡᠮᠡᠷᠢ ᠦᠵᠡᠭᠦᠯᠪᠡ᠃ | | | ᠰᠤᠷᠪᠤᠯᠵᠢᠯᠠᠭᠴᠢ᠄ ᠰᠣᠨᠣᠷ ᠶᠢᠦ ᠮᠢᠩ | | |