ᠬᠤᠰᠢᠭᠤᠨ ᠤ ᠤᠳᠤᠷᠢᠳᠤᠯᠭ᠎ᠠ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2022/10/25
       10 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠬᠠᠷᠠᠭᠠᠨ ᠳᠠᠪᠲᠠᠮᠵᠢ ᠶᠢᠨ ᠬᠤᠷᠠᠯ ᠤᠨ ᠭᠡᠷ ᠲᠤ ᠵᠠᠬᠢᠳᠠᠯ ᠰᠤᠷᠪᠤᠯᠵᠢᠯᠠᠭ᠎ᠠ ᠬᠢᠵᠦ ᠪᠠᠶᠢᠭ᠎ᠠ ᠬᠦᠮᠦᠰ ᠢ ᠬᠦᠯᠢᠶᠡᠨ ᠠᠪᠴᠤ᠂ ᠲᠤᠬᠠᠢ ᠶᠢᠨ ᠲᠠᠯᠠᠪᠤᠷ ᠲᠤ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠴᠠᠭᠤᠯᠤᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠯᠤ᠋ ᠰᠢᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠠᠵᠢᠯᠯᠠᠭ᠎ᠠ ᠳᠤ ᠣᠷᠣᠯᠴᠠᠪᠠ᠃        ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠴᠠ ᠳᠤ᠂ ᠪᠦᠬᠡᠪᠠᠶᠠᠷ ᠵᠠᠬᠢᠳᠠᠯ ᠰᠤᠷᠪᠤᠯᠵᠢᠯᠠᠭ᠎ᠠ ᠬᠢᠵᠦ ᠪᠠᠶᠢᠭ᠎ᠠ ᠣᠯᠠᠨ ᠲᠦᠮᠡᠨ ᠲᠠᠢ ᠲᠣᠳᠣᠨᠣᠰᠤᠭ ᠢᠶᠠᠷ ᠶᠠᠷᠢᠯᠴᠠᠨ᠂ ᠪᠠᠶᠢᠳᠠᠯ ᠢ ᠨᠢ ᠣᠶᠢᠯᠠᠭᠠᠨ ᠨᠠᠷᠢᠯᠢᠭ ᠠᠰᠠᠭᠤᠨ ᠯᠠᠪᠯᠠᠵᠤ᠂ ᠣᠯᠠᠨ ᠲᠦᠮᠡᠨ ᠤ ᠲᠤᠰᠬᠠᠭᠰᠠᠨ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠲᠤᠬᠠᠢ ᠶᠢᠨ ᠲᠠᠯᠠᠪᠤᠷ ᠲᠤ ᠰᠣᠳᠣᠯᠣᠨ ᠶᠠᠷᠢᠯᠴᠠᠵᠤ᠂ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ ᠪᠠᠶᠢᠭᠤᠯᠭ᠎ᠠ ᠶᠢ ᠲᠣᠳᠣᠷᠬᠠᠶᠢᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠪᠠᠯ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃        ᠪᠦᠬᠡᠪᠠᠶᠠᠷ ᠵᠢᠭᠠᠵᠤ ᠭᠠᠷᠭᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠤᠨ ᠣᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠦᠨ᠃ ᠬᠠᠮᠢᠶ᠎ᠠ ᠪᠦᠬᠦᠢ ᠰᠣᠮᠣ ᠪᠠᠯᠭᠠᠰᠤ᠂ ᠰᠠᠯᠠᠭ᠎ᠠ ᠮᠦᠴᠢᠷ ᠤᠳ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠮᠦᠨ ᠴᠢᠨᠠᠷ᠂ ᠦᠨᠳᠦᠰᠦᠨ ᠵᠣᠭᠰᠣᠯᠲᠠ᠂ ᠠᠷᠭ᠎ᠠ ᠬᠡᠯᠪᠡᠷᠢ ᠶᠢ ᠭᠦᠨᠵᠡᠭᠡᠢ ᠣᠶᠢᠯᠠᠭᠠᠨ ᠡᠵᠡᠮᠰᠢᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠵᠠᠬᠢᠳᠠᠯ ᠰᠤᠷᠪᠤᠯᠵᠢᠯᠠᠭ᠎ᠠ ᠶᠢᠨ ᠪᠦᠬᠦ ᠶᠠᠪᠤᠴᠠ ᠳᠤ ᠦᠨᠡᠨᠬᠦ ᠲᠤᠤᠱᠯᠠᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠳᠤᠮᠳᠠ ᠢᠯᠡᠷᠡᠭᠦᠯᠵᠦ᠂ ᠬᠠᠥᠯᠢ ᠶᠣᠰᠣᠭᠠᠷ ᠬᠡᠷᠡᠭ ᠰᠢᠢᠳᠪᠦᠷᠢᠯᠡᠬᠦ᠂ ᠵᠦᠷᠢᠴᠡᠯ ᠢ ᠨᠠᠮᠳᠠᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃                              ᠰᠤᠷᠪᠤᠯᠵᠢᠯᠠᠭᠴᠢ᠄ ᠰᠣᠯᠣᠩᠭᠤᠸ᠎ᠠ  ᠸᠠᠩ ᠢᠦᠢ  ᠶᠢᠦ ᠮᠢᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号