ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠬᠡᠪᠴᠢᠶᠡᠨ ᠤ ᠪᠠᠶᠢᠩᠭᠤᠵᠢᠭᠰᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠤᠨ ᠲᠤᠬᠠᠢ ﹇2022﹈ 57 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/10/26
       10 ᠰᠠᠷ᠎ᠠ ᠶᠢᠨ 25 ᠤ ᠡᠳᠦᠷ᠂ ᠮᠠᠨ ᠤ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ ᠲᠣᠭᠤᠷᠢᠭ ᠲᠤ ᠣᠷᠣᠨ ᠬᠡᠪᠴᠢᠶᠡᠨ ᠤ ᠪᠠᠶᠢᠩᠭᠤᠵᠢᠭᠰᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠨᠡᠶᠢᠲᠡ 22289 ᠬᠦᠮᠦᠨ ︵ᠬᠤᠸᠠᠩ ᠶᠢᠨ ᠪᠦᠯᠦᠭᠯᠡᠯ ᠤᠨ 441 ᠬᠦᠮᠦᠨ ᠢ ᠪᠠᠭᠲᠠᠭᠠᠨ᠎ᠠ︶ ᠪᠠᠶᠢᠴᠠᠭᠠᠯᠲᠠ ᠳᠤ ᠣᠷᠣᠯᠴᠠᠵᠤ᠂ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠦᠬᠦᠨ ᠢᠶᠠᠷ ᠢᠶᠠᠨ ᠪᠢᠯᠢᠭ ᠴᠢᠨᠠᠷᠲᠠᠢ ᠪᠣᠯᠣᠭᠰᠠᠨ ᠪᠠᠶᠢᠨ᠎ᠠ᠃        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠮᠦᠨ ᠪᠦᠬᠦᠨ ᠬᠠᠷᠢᠭᠤᠴᠠᠯᠭ᠎ᠠ ᠲᠠᠢ ᠶᠤᠮ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ ᠪᠦᠭᠡᠳ ᠨᠠᠷᠢᠨ ᠪᠤᠳᠤᠯᠢᠶᠠᠨᠲᠠᠢ ᠪᠠᠶᠢᠵᠤ᠂ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠣᠯ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠬᠤ ᠶᠢ ᠲᠦᠷᠭᠡᠨ ᠢᠯᠡᠷᠡᠭᠦᠯᠬᠦ᠂ ᠬᠠᠯᠳᠠᠪᠤᠷᠢᠯᠠᠬᠤ ᠠᠷᠭ᠎ᠠ ᠵᠠᠮ ᠢ ᠪᠦᠲᠦᠮᠵᠢᠲᠡᠢ ᠲᠠᠰᠤᠯᠬᠤ ᠪᠠ ᠬᠢᠵᠢᠭ ᠤᠨ ᠪᠠᠶᠢᠳᠠᠯ ᠦᠷᠭᠡᠵᠢᠨ ᠳᠡᠯᠭᠡᠷᠡᠬᠦ ᠶᠢ ᠰᠡᠷᠭᠡᠶᠢᠯᠡᠬᠦ ᠬᠠᠮᠤᠭ ᠤᠨ ᠴᠢᠬᠤᠯᠠ ᠠᠷᠭ᠎ᠠ ᠪᠠᠷᠢᠯ ᠪᠠᠶᠢᠵᠤ᠂ ︽ᠳᠦᠷᠪᠡᠨ ᠡᠷᠲᠡ︾ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠠᠪᠴᠠᠯ ᠪᠣᠯᠣᠨ᠎ᠠ᠃ ᠦᠷᠭᠡᠨ ᠣᠯᠠᠨ ᠲᠦᠮᠡᠨ ᠦᠪᠡᠷ ᠤᠨ ᠪᠡᠶ᠎ᠡ᠂ ᠭᠡᠷ ᠤᠨ ᠬᠦᠮᠦᠰ ᠪᠠ ᠨᠡᠶᠢᠭᠡᠮ ᠳᠤ ᠬᠠᠷᠢᠭᠤᠴᠠᠬᠤ ᠣᠪᠣᠷ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠰᠠᠨᠠᠭᠠᠴᠢᠯᠠᠭ᠎ᠠ ᠠᠴᠠ ᠪᠠᠨ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠣᠷᠣᠯᠴᠠᠵᠤ᠂ ᠣᠯᠠᠨ ᠢᠶᠠᠷ ᠢᠶᠠᠨ ᠰᠡᠳᠬᠢᠯ ᠨᠢᠭᠡᠳᠦᠨ᠂ ᠬᠠᠮᠲᠤ ᠪᠠᠷ ᠢᠶᠠᠨ ᠬᠢᠵᠢᠭ ᠢ ᠡᠰᠡᠷᠭᠦᠴᠡᠵᠦ᠂ ᠬᠢᠯᠪᠠᠷ ᠪᠣᠰᠤ ᠪᠠᠷ ᠣᠯᠣᠭᠰᠠᠨ ᠬᠢᠵᠢᠭ ᠢ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠬᠠᠮᠲᠤ ᠪᠠᠷ ᠰᠠᠬᠢᠨ ᠬᠠᠮᠠᠭᠠᠯᠠᠶ᠎ᠠ᠃             ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                             2022 ᠣᠨ ᠤ 10 ᠰᠠᠷ᠎ᠠ ᠶᠢᠨ 26 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号