10 ᠰᠠᠷ᠎ᠠ ᠶᠢᠨ 25 ᠤ ᠡᠳᠦᠷ᠂ ᠮᠠᠨ ᠤ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ ᠲᠣᠭᠤᠷᠢᠭ ᠲᠤ | ᠣᠷᠣᠨ ᠬᠡᠪᠴᠢᠶᠡᠨ ᠤ ᠪᠠᠶᠢᠩᠭᠤᠵᠢᠭᠰᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠨᠡᠶᠢᠲᠡ 22289 | ᠬᠦᠮᠦᠨ ︵ᠬᠤᠸᠠᠩ ᠶᠢᠨ ᠪᠦᠯᠦᠭᠯᠡᠯ ᠤᠨ 441 ᠬᠦᠮᠦᠨ ᠢ ᠪᠠᠭᠲᠠᠭᠠᠨ᠎ᠠ︶ ᠪᠠᠶᠢᠴᠠᠭᠠᠯᠲᠠ ᠳᠤ ᠣᠷᠣᠯᠴᠠᠵᠤ᠂ ᠰᠢᠯᠭᠠᠨ | ᠪᠠᠶᠢᠴᠠᠭᠠᠯᠲᠠ ᠶᠢᠨ ᠦᠷ᠎ᠡ ᠳ᠋ᠦᠩ ᠨᠢ ᠪᠦᠬᠦᠨ ᠢᠶᠠᠷ ᠢᠶᠠᠨ ᠪᠢᠯᠢᠭ ᠴᠢᠨᠠᠷᠲᠠᠢ ᠪᠣᠯᠣᠭᠰᠠᠨ ᠪᠠᠶᠢᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠮᠦᠨ ᠪᠦᠬᠦᠨ ᠬᠠᠷᠢᠭᠤᠴᠠᠯᠭ᠎ᠠ ᠲᠠᠢ ᠶᠤᠮ᠃ | ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ ᠪᠦᠭᠡᠳ ᠨᠠᠷᠢᠨ | ᠪᠤᠳᠤᠯᠢᠶᠠᠨᠲᠠᠢ ᠪᠠᠶᠢᠵᠤ᠂ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠣᠯ | ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠬᠤ ᠶᠢ ᠲᠦᠷᠭᠡᠨ ᠢᠯᠡᠷᠡᠭᠦᠯᠬᠦ᠂ ᠬᠠᠯᠳᠠᠪᠤᠷᠢᠯᠠᠬᠤ ᠠᠷᠭ᠎ᠠ ᠵᠠᠮ ᠢ | ᠪᠦᠲᠦᠮᠵᠢᠲᠡᠢ ᠲᠠᠰᠤᠯᠬᠤ ᠪᠠ ᠬᠢᠵᠢᠭ ᠤᠨ ᠪᠠᠶᠢᠳᠠᠯ ᠦᠷᠭᠡᠵᠢᠨ ᠳᠡᠯᠭᠡᠷᠡᠬᠦ ᠶᠢ ᠰᠡᠷᠭᠡᠶᠢᠯᠡᠬᠦ ᠬᠠᠮᠤᠭ ᠤᠨ ᠴᠢᠬᠤᠯᠠ | ᠠᠷᠭ᠎ᠠ ᠪᠠᠷᠢᠯ ᠪᠠᠶᠢᠵᠤ᠂ ︽ᠳᠦᠷᠪᠡᠨ ᠡᠷᠲᠡ︾ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠠᠪᠴᠠᠯ ᠪᠣᠯᠣᠨ᠎ᠠ᠃ | ᠦᠷᠭᠡᠨ ᠣᠯᠠᠨ ᠲᠦᠮᠡᠨ ᠦᠪᠡᠷ ᠤᠨ ᠪᠡᠶ᠎ᠡ᠂ ᠭᠡᠷ ᠤᠨ ᠬᠦᠮᠦᠰ ᠪᠠ ᠨᠡᠶᠢᠭᠡᠮ ᠳᠤ ᠬᠠᠷᠢᠭᠤᠴᠠᠬᠤ ᠣᠪᠣᠷ ᠢᠶᠠᠷ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠳᠦᠷᠢᠮ ᠲᠣᠭᠲᠠᠭᠠᠯ ᠢ ᠤᠬᠠᠮᠰᠠᠷ ᠠᠴᠠ ᠪᠠᠨ | ᠵᠢᠷᠤᠮᠯᠠᠨ᠂ ᠰᠠᠨᠠᠭᠠᠴᠢᠯᠠᠭ᠎ᠠ ᠠᠴᠠ ᠪᠠᠨ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ | ᠣᠷᠣᠯᠴᠠᠵᠤ᠂ ᠣᠯᠠᠨ ᠢᠶᠠᠷ ᠢᠶᠠᠨ ᠰᠡᠳᠬᠢᠯ ᠨᠢᠭᠡᠳᠦᠨ᠂ ᠬᠠᠮᠲᠤ ᠪᠠᠷ ᠢᠶᠠᠨ ᠬᠢᠵᠢᠭ ᠢ ᠡᠰᠡᠷᠭᠦᠴᠡᠵᠦ᠂ ᠬᠢᠯᠪᠠᠷ ᠪᠣᠰᠤ ᠪᠠᠷ | ᠣᠯᠣᠭᠰᠠᠨ ᠬᠢᠵᠢᠭ ᠢ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠬᠠᠮᠲᠤ ᠪᠠᠷ ᠰᠠᠬᠢᠨ ᠬᠠᠮᠠᠭᠠᠯᠠᠶ᠎ᠠ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 10 ᠰᠠᠷ᠎ᠠ ᠶᠢᠨ 26 ᠤ ᠡᠳᠦᠷ | | |