ᠬᠤᠰᠢᠭᠤᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠪᠠ
ᠨᠡᠶᠢᠲᠡᠯᠡᠭᠰᠡᠨ ᠴᠠᠭ᠄
2022/10/27
       10 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠬᠤ ᠠᠵᠢᠯ ᠢ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠡᠷᠬᠢᠯᠡᠵᠦ ᠶᠠᠷᠢᠶ᠎ᠠ ᠲᠠᠯᠪᠢᠪᠠ᠂ ᠳᠠᠰᠢᠵᠠᠮᠰᠤ᠂ ᠯᠢ ᠭᠤᠸᠠᠩ ᠵᠡᠷᠭᠡ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠠ ᠰᠣᠮᠣ ᠪᠠᠯᠭᠠᠰᠤ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
       ᠬᠤᠷᠠᠯ ᠳᠤ᠂ ᠪᠦᠬᠡᠪᠠᠶᠠᠷ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠡᠷᠡ ᠬᠡᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠮᠠᠨ ᠤ ᠨᠠᠮ ᠤᠨ ᠳᠤᠮᠳᠠᠳᠤ ᠤᠯᠤᠰ ᠤᠨ ᠨᠡᠶᠢᠭᠡᠮ ᠤᠨ ᠠᠭᠤᠤ ᠶᠡᠭᠡ ᠬᠤᠪᠢᠰᠤᠯᠲᠠ ᠶᠢ ᠬᠦᠲᠦᠯᠦᠨ ᠳᠠᠭᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠦᠶ᠎ᠡ ᠳᠤ ᠬᠤᠷᠠᠯᠳᠤᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢᠶᠠᠷ ᠵᠠᠮᠨᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠤᠷᠤᠭᠰᠢᠯᠠᠭᠰᠠᠨ ᠲᠤᠶᠢᠯ ᠤᠨ ᠴᠢᠬᠤᠯᠠ ᠶᠡᠭᠡ ᠬᠤᠷᠠᠯ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠮᠠᠷᠺᠰ ᠤᠨ ᠦᠵᠡᠯ ᠤᠨ ᠬᠠᠷᠠᠭᠠᠰᠤ ᠠᠴᠠ ︽ᠬᠤᠶᠠᠷ ᠶᠡᠭᠡ ᠲᠠᠯ᠎ᠠ︾ ᠶᠢ ᠨᠢᠭᠡᠳᠦᠯᠲᠡᠢ ᠲᠦᠯᠦᠪᠯᠡᠵᠦ᠂ ︽ᠳᠦᠷᠪᠡᠨ ᠠᠭᠤᠤ ᠶᠡᠭᠡ︾ ᠶᠢ ᠨᠢᠭᠡᠳᠦᠯᠲᠡᠢ ᠵᠢᠯᠣᠭᠤᠳᠣᠨ ᠥᠩᠭᠡᠷᠡᠭᠰᠡᠨ ᠲᠠᠪᠤᠨ ᠵᠢᠯ ᠤᠨ ᠠᠵᠢᠯ ᠪᠠ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ ᠶᠢ ᠡᠷᠭᠢᠴᠡᠭᠦᠯᠦᠨ ᠳ᠋ᠦᠩᠨᠡᠵᠦ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠤ ᠴᠠᠭ ᠦᠶ᠎ᠡ ᠶᠢᠨ ᠰᠢᠨ᠎ᠡ ᠠᠬᠤᠢ ᠪᠠᠶᠢᠳᠠᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ ᠪᠠ ᠮᠦᠨ ᠴᠢᠨᠠᠷ ᠤᠨ ᠱᠠᠭᠠᠷᠳᠠᠯᠭ᠎ᠠ ᠵᠡᠷᠭᠡ ᠴᠢᠬᠤᠯᠠ ᠠᠰᠠᠭᠤᠳᠠᠯ ᠢ ᠲᠣᠳᠣᠷᠬᠠᠶᠢᠯᠠᠨ ᠦᠭᠦᠯᠡᠵᠦ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠤ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠲᠡ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠪᠡ ᠭᠡᠵᠡᠢ᠃        ᠪᠦᠬᠡᠪᠠᠶᠠᠷ ᠴᠢᠩᠭᠠᠳᠬᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠤᠬᠠᠭᠤᠯᠬᠤ ᠪᠣᠯ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠠᠮᠤᠭ ᠤᠨ ᠴᠢᠬᠤᠯᠠ ᠤᠯᠤᠰ ᠲᠦᠷᠥ ᠶᠢᠨ ᠬᠠᠷᠢᠭᠤᠴᠠᠯᠭ᠎ᠠ ᠪᠣᠯᠣᠨ᠎ᠠ᠃ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠤᠳᠤᠷᠢᠳᠤᠯᠭ᠎ᠠ ᠪᠠᠨ ᠴᠢᠩᠭᠠᠳᠬᠠᠨ᠂ ᠨᠢᠮᠪᠠᠢ ᠵᠣᠬᠢᠶᠠᠨ ᠪᠠᠶᠢᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠡᠢ᠃        ᠪᠦᠬᠡᠪᠠᠶᠠᠷ ᠱᠠᠭᠠᠷᠳᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠤᠶ᠎ᠠ︾ ᠭᠡᠬᠦ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠦᠯᠦᠪᠯᠡᠨ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠰᠢᠨ᠎ᠡ ᠠᠬᠢᠴᠠ ᠶᠢ ᠨᠡᠩ ᠰᠠᠶᠢᠲᠤᠷ ᠲᠦᠯᠬᠢᠨ ᠠᠬᠢᠭᠤᠯᠵᠤ ᠦᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠭᠰᠠᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠂ ︽ᠳᠦᠷᠪᠡᠨ ᠲᠠᠯ᠎ᠠ ᠳᠤ ᠠᠷᠭ᠎ᠠ ᠪᠦᠬᠦᠨ ᠢ ᠰᠦᠪᠡᠭᠴᠢᠯᠡᠬᠦ︾ ︽ᠲᠠᠪᠤᠨ ᠶᠡᠭᠡ ᠠᠵᠢᠯᠯᠠᠭᠠᠨ ᠤ ᠲᠦᠯᠦᠪᠯᠡᠭᠡ︾ ᠶᠢ ᠭᠦᠨᠵᠡᠭᠡᠢ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠠᠵᠤ ᠠᠬᠤᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠦᠭᠡᠷᠡᠴᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠭᠡᠷᠡᠭᠲᠡᠢ ᠭᠡᠪᠡ᠃                                ᠰᠤᠷᠪᠤᠯᠵᠢᠯᠠᠭᠴᠢ᠄ ᠰᠣᠯᠣᠩᠭᠤᠸ᠎ᠠ  ᠸᠠᠩ ᠢᠦᠢ  ᠶᠢᠦ ᠮᠢᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号