ᠰᠢᠨ᠎ᠡ ᠪᠠᠷᠠᠭᠤᠨ ᠰᠢᠨ᠎ᠡ ᠲᠢᠳᠢᠮᠯᠢᠭ ᠰᠡᠷᠭᠡᠶᠢᠯᠡᠨ ᠡᠵᠡᠮᠳᠡᠬᠦ ᠵᠢᠯᠣᠭᠤᠳᠬᠤ ᠲᠠᠷᠬᠠᠭᠠᠭᠰᠠᠨ | ﹇2022﹈ 43 ᠳ᠋ᠤᠭᠠᠷ ᠲᠣᠭᠠᠲᠤ | | | ᠪᠥᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠯᠠᠨ | ᠲᠦᠮᠡᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠶᠢᠨ ᠲᠦᠯᠦᠭᠡ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ | ᠬᠤᠲᠠ ᠶᠢᠨ ᠠᠵᠢᠯ ᠤᠨ ᠱᠠᠭᠠᠷᠳᠠᠯᠭ᠎ᠠ ᠪᠠ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ᠂ ᠣᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠠᠬᠢ ᠣᠯᠠᠨ ᠲᠦᠮᠡᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄ | ● ᠡᠮ ᠡᠮᠨᠡᠯᠭᠡ ᠶᠢᠨ ᠦᠢᠯᠡᠴᠢᠯᠡᠭᠡᠨ ᠤ ᠲᠠᠯ᠎ᠠ ᠪᠠᠷ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠨᠡᠶᠢᠭᠡᠮ ᠲᠣᠭᠤᠷᠢᠭ᠂ ᠰᠤᠮᠤ | ᠪᠠᠯᠭᠠᠰᠤ᠂ ᠡᠮᠴᠢᠯᠡᠭᠡᠨ ᠤ ᠪᠠᠶᠢᠭᠤᠯᠤᠮᠵᠢ ᠭᠡᠬᠦ ᠭᠤᠷᠪᠠᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠣᠣᠷ ᠢ ᠬᠡᠷᠡᠭᠵᠢᠭᠦᠯᠬᠦ ᠶᠢᠨ ᠬᠠᠮᠲᠤ᠂ ᠳᠤᠮᠳᠠ ᠵᠡᠷᠭᠡ ᠶᠢᠨ | ᠲᠦᠭᠰᠢᠭᠦᠷᠢᠲᠡᠢ ᠣᠷᠣᠨ ᠳᠤ ᠪᠠᠶᠢᠭ᠎ᠠ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠳᠤ ᠲᠦᠷᠭᠡᠨ ᠠᠪᠤᠷᠠᠯᠳᠠ ᠶᠢᠨ ᠲᠡᠷᠭᠡ | ᠲᠣᠬᠢᠷᠠᠭᠤᠯᠤᠨ ᠰᠢᠯᠵᠢᠭᠦᠯᠦᠨ ᠡᠮᠨᠡᠭᠦᠯᠵᠦ ᠲᠤᠰᠴᠤ ᠬᠦᠷᠭᠡᠨ᠂ ᠡᠪᠡᠳᠴᠢᠲᠡᠨ ᠨᠢᠭᠡᠪᠦᠷᠢ ᠶᠢ ᠴᠠᠭ ᠲᠤᠬᠠᠢ ᠳᠤᠨᠢ ᠪᠦᠲᠦᠮᠵᠢᠲᠡᠶ ᠡᠮᠨᠡᠨ ᠵᠠᠰᠠᠬᠤ ᠶᠢ ᠦᠨᠡᠨᠬᠦ | ᠪᠠᠲᠤᠯᠠᠬᠤ ᠬᠡᠷᠡᠭᠲᠡᠢ᠃ ᠳᠤᠮᠳᠠ ᠵᠡᠷᠭᠡ ᠶᠢᠨ ᠲᠦᠭᠰᠢᠭᠦᠷᠢᠲᠡᠢ ᠣᠷᠣᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠪᠠᠶᠢᠭ᠎ᠠ ᠨᠡᠶᠢᠭᠡᠮ | ᠲᠣᠭᠤᠷᠢᠭ ᠲᠠᠢ ᠪᠠᠨ ᠬᠠᠷᠢᠯᠴᠠᠵᠤ᠂ ᠨᠡᠶᠢᠭᠡᠮ ᠲᠣᠭᠤᠷᠢᠭ ᠠᠴᠠ ᠬᠠᠷᠢᠶ᠎ᠠ ᠣᠷᠣᠨ ᠳᠠᠬᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ︵ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤᠨ ᠲᠥᠪ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ᠂ ᠰᠤᠮᠤ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ︶ ᠲᠠᠢ ᠬᠠᠷᠢᠯᠴᠠᠬᠤ ᠶᠢ ᠬᠠᠷᠢᠭᠤᠴᠠᠵᠤ᠂ ᠲᠡᠳᠡᠨ ᠳᠤ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠬᠤ ᠬᠡᠷᠡᠭᠲᠡᠢ᠃ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠠᠴᠠ ᠳᠠᠪᠠᠭᠰᠠᠨ ᠪᠠᠶᠢᠪᠠᠯ᠂ ᠨᠡᠶᠢᠭᠡᠮ ᠲᠣᠭᠤᠷᠢᠭ ︵ᠭᠠᠴᠠᠭ᠎ᠠ︶ ᠴᠠᠭ | ᠲᠤᠬᠠᠢ ᠳᠤᠨᠢ ᠰᠤᠮᠤ ᠪᠠᠯᠭᠠᠰᠤ ᠲᠠᠢ ᠪᠠᠨ ᠨᠡᠪᠲᠡᠷᠡᠯᠴᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠠᠴᠠ ᠡᠮᠴᠢᠯᠡᠭᠡᠨ ᠤ ᠰᠡᠷᠭᠡᠶᠢᠯᠡᠨ ᠡᠵᠡᠮᠳᠡᠬᠦ | ᠳᠤᠭᠤᠶᠢᠯᠠᠩ ᠳᠤ ᠮᠡᠳᠡᠭᠦᠯᠵᠦ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠠᠴᠠ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ︵ᠰᠢᠨ᠎ᠡ ᠪᠠᠷᠭᠤ | ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ︶ ᠲᠠᠢ ᠬᠠᠷᠢᠯᠴᠠᠨ᠂ ᠰᠢᠯᠵᠢᠭᠦᠯᠦᠨ ᠲᠡᠭᠡᠭᠡᠪᠦᠷᠢᠯᠡᠬᠦ ᠲᠡᠷᠭᠡ ᠬᠥᠰᠬᠡ ᠲᠣᠬᠢᠷᠠᠭᠤᠯᠬᠤ ᠬᠡᠷᠡᠭᠲᠡᠢ᠃ | ᠨᠡᠶᠢᠭᠡᠮ ᠲᠣᠭᠤᠷᠢᠭ ᠠᠴᠠ ᠲᠤᠰᠬᠠᠢ ᠬᠥᠮᠥᠨ ᠲᠣᠬᠢᠷᠠᠭᠤᠯᠤᠨ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠭᠰᠡᠨ ᠤ ᠳᠠᠷᠠᠭ᠎ᠠ ᠪᠠᠷ᠎ᠠ ᠪᠣᠯᠵᠤ | ᠡᠮᠨᠡᠭᠦᠯᠬᠦ ᠠᠵᠢᠯ ᠢ ᠪᠥᠬᠦ ᠶᠠᠪᠤᠴᠠ ᠳᠤ ᠰᠠᠶᠢᠲᠤᠷ ᠬᠢᠵᠦ᠂ ᠣᠨᠣᠰᠢᠯᠠᠨ ᠡᠮᠨᠡᠭᠦᠯᠵᠦ ᠳᠠᠭᠤᠰᠤᠭᠰᠠᠨ ᠤ ᠳᠠᠷᠠᠭ᠎ᠠ᠂ ᠰᠢᠯᠵᠢᠭᠦᠯᠦᠨ ᠲᠡᠭᠡᠭᠡᠪᠦᠷᠢᠯᠡᠬᠦ ᠳᠤᠭᠤᠶᠢᠯᠠᠩ ᠤᠨ | ᠲᠤᠰᠬᠠᠢ ᠲᠡᠷᠭᠡ ᠪᠠᠷ ᠲᠤᠰᠴᠤ ᠠᠪᠴᠢᠷᠠᠨ᠂ ᠪᠢᠲᠡᠭᠦᠮᠵᠢᠯᠡᠭᠰᠡᠨ ᠬᠠᠮᠢᠶᠠᠷᠤᠯᠲᠠ ᠬᠢᠬᠦ ᠬᠡᠷᠡᠭᠲᠡᠢ᠃ ᠳᠤᠮᠳᠠ ᠵᠡᠷᠭᠡ ᠶᠢᠨ ᠲᠦᠭᠰᠢᠭᠦᠷᠢᠲᠡᠢ ᠣᠷᠣᠨ ᠳᠤ ᠪᠠᠶᠢᠭ᠎ᠠ | ᠵᠢᠷᠮᠦᠰᠦᠨ ᠬᠦᠩᠭᠡᠵᠢᠬᠦ ᠡᠮᠡᠭᠲᠡᠢ᠂ ᠨᠢᠯᠬ᠎ᠠ ᠨᠢᠷᠠᠢ ᠬᠡᠦᠬᠡᠳ᠂ ᠪᠡᠶ᠎ᠡ ᠪᠠᠨ ᠳᠠᠭᠠᠭᠠᠵᠤ ᠳᠡᠶᠢᠯᠬᠦ ᠦᠭᠡᠢ ᠵᠡᠷᠭᠡ ᠣᠨᠴᠠᠭᠠᠢ ᠬᠥᠮᠥᠰ ᠢ 24 ᠴᠠᠭ ᠤᠨ ᠳᠣᠲᠣᠷ᠎ᠠ ᠪᠥᠭᠡᠮ | ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷ ᠲᠠᠢ 1 ᠬᠥᠮᠥᠨ ᠪᠠᠷ᠎ᠠ ᠪᠣᠯᠣᠨ ᠡᠮᠴᠢᠯᠡᠭᠦᠯᠬᠦ ᠶᠢᠨ ᠬᠠᠮᠲᠤ᠂ ᠡᠮᠴᠢᠯᠡᠭᠦᠯᠦᠭᠰᠡᠨ ᠡᠪᠡᠳᠴᠢᠲᠡᠨ ᠲᠠᠢ ᠠᠳᠠᠯᠢᠬᠠᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ | ᠭᠡᠷᠡᠴᠢ ᠪᠠᠨ ᠰᠠᠨᠠᠭᠠᠴᠢᠯᠠᠭ᠎ᠠ ᠠᠴᠠ ᠪᠠᠨ ᠭᠠᠷᠭᠠᠬᠤ ᠬᠡᠷᠡᠭᠲᠡᠢ᠃ | ● ᠠᠳᠠᠯ ᠠᠬᠤᠢ ᠶᠢᠨ ᠦᠢᠯᠡᠴᠢᠯᠡᠭᠡᠨ ᠤ ᠲᠠᠯ᠎ᠠ ᠪᠠᠷ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠤᠳ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ | ᠡᠭᠦᠷᠭᠡᠯᠡᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ᠂ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠬᠤ ᠳᠤ | ᠢᠳᠡᠪᠬᠢᠲᠡᠢ ᠬᠠᠮᠵᠢᠯᠴᠠᠨ᠂ ᠬᠥᠮᠥᠨ ᠪᠠ ᠲᠡᠷᠭᠡ ᠬᠥᠰᠬᠡ ᠶᠢᠨ ᠬᠠᠮᠢᠶᠠᠷᠤᠨ ᠡᠵᠡᠮᠳᠡᠬᠦ᠂ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ᠂ ᠡᠷᠡᠭᠦᠯ ᠮᠡᠨᠳᠦ ᠶᠢᠨ | ᠺᠣᠳ᠋ ᠢ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠥᠷᠨᠢᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠰᠠᠶᠢᠲᠤᠷ ᠬᠢᠵᠦ᠂ ᠬᠥᠮᠥᠨ ᠬᠠᠷ᠎ᠠ | ᠴᠤᠭᠯᠠᠷᠠᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠳᠠᠷᠤᠶᠢᠬᠠᠨ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠴᠠᠭ | ᠲᠤᠬᠠᠢ ᠳᠤᠨᠢ ᠮᠡᠳᠡᠭᠦᠯᠬᠦ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ | ᠳᠣᠲᠣᠷᠠᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ᠂ ᠣᠯᠠᠨ ᠨᠡᠶᠢᠲᠡ ᠶᠢᠨ ᠣᠷᠣᠨ ᠪᠦᠰᠡ ᠶᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ᠂ ᠬᠠᠤᠯᠢ ᠲᠣᠭᠲᠠᠭᠠᠯ ᠭᠡᠷ᠎ᠡ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠬᠢᠵᠢᠭ ᠤᠨ ᠬᠤᠭᠤᠴᠠᠭᠠᠨ ᠳᠠᠬᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠭᠠᠯ ᠤᠨᠲᠠᠷᠠᠭᠠᠬᠤ ᠠᠮᠤᠷ ᠲᠦᠪᠰᠢᠨ | ᠂ ᠴᠠᠬᠢᠯᠭᠠᠨ ᠬᠡᠷᠡᠭᠯᠡᠬᠦ ᠬᠡᠢ ᠬᠡᠷᠡᠭᠯᠡᠬᠦ᠂ ᠴᠠᠬᠢᠯᠭᠠᠨ ᠱᠠᠲᠤ ᠬᠡᠷᠡᠭᠯᠡᠬᠦ ᠵᠡᠷᠭᠡ ᠲᠦᠭᠰᠢᠭᠦᠷᠢ ᠶᠢᠨ ᠳᠠᠯᠳᠠ ᠬᠡᠮ ᠢ ᠴᠢᠩᠭ᠎ᠠ ᠪᠠᠶᠢᠴᠠᠭᠠᠵᠤ ᠴᠢᠩᠭ᠎ᠠ ᠡᠵᠡᠮᠳᠡᠬᠦ ᠠᠵᠢᠯ ᠢ | ᠰᠠᠶᠢᠲᠤᠷ ᠬᠢᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ︽ᠣᠯᠵᠤ ᠮᠡᠳᠡᠬᠦ᠂ ᠢᠳᠬᠠᠨ ᠬᠤᠷᠢᠭᠯᠠᠬᠤ᠂ ᠮᠡᠳᠡᠭᠦᠯᠬᠦ︾ ᠠᠮᠤᠷ | ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ᠠᠮᠤᠷ ᠲᠦᠪᠰᠢᠨ ᠤ ᠲᠦᠭᠰᠢᠭᠦᠷᠢ ᠶᠢ ᠴᠠᠭ ᠲᠤᠬᠠᠢ ᠳᠤᠨᠢ ᠪᠦᠲᠦᠮᠵᠢᠲᠡᠶ ᠰᠡᠷᠭᠡᠶᠢᠯᠡᠨ | ᠠᠷᠢᠯᠭᠠᠬᠤ ᠬᠡᠷᠡᠭᠲᠡᠢ᠃ | ● ᠪᠤᠰᠤᠳ ᠲᠠᠯ᠎ᠠ ᠪᠠᠷ᠃ ᠪᠥᠬᠦ ᠬᠤᠰᠢᠭᠤᠨ ᠤ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠵᠢᠵᠢᠭᠦᠷᠯᠡᠨ ᠰᠠᠬᠢᠬᠤ ᠨᠢᠭᠡᠴᠡ ︽ᠤᠷᠢᠳᠴᠢᠯᠠᠨ ᠪᠣᠯᠵᠣᠵᠤ | ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ᠲᠥᠬᠦᠮ ᠦᠵᠡᠭᠦᠯᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠠᠯᠠᠭᠤ ᠺᠠᠳ᠋ᠷᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ | ᠢᠳᠡᠪᠬᠢᠲᠡᠢ ᠥᠷᠨᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ᠂ ᠠᠮᠢᠳᠤᠷᠠᠯ ᠤᠨ ᠲᠠᠯ᠎ᠠ ᠪᠠ ᠡᠪᠡᠳᠴᠢᠨ ᠦᠵᠡᠭᠦᠯᠬᠦ ᠵᠡᠷᠭᠡ ᠲᠠᠯ᠎ᠠ ᠶᠢᠨ ᠬᠦᠴᠢᠷᠳᠡᠯ ᠢ ᠴᠠᠭ | ᠲᠤᠬᠠᠢ ᠳᠤᠨᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠨᠢᠭᠡᠳᠴᠦ᠂ ᠥᠷᠭᠡᠨ ᠣᠯᠠᠨ ᠲᠦᠮᠡᠨ ᠠᠯᠪᠠᠨ ᠤ ᠲᠠᠯ᠎ᠠ ᠶᠢᠨ ᠪᠠ ᠭᠤᠣᠯ | ᠵᠠᠭᠤᠴᠢᠯᠠᠭᠤᠷ ᠤᠨ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠴᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠤᠨ᠂ ᠠᠮᠠᠪᠴᠢ ᠵᠡᠭᠦᠵᠦ᠂ ᠨᠢᠭᠡ ᠮᠧᠲᠷ ᠤᠨ ᠵᠠᠢ ᠶᠢ ᠪᠠᠲᠤᠯᠠᠨ᠂ ᠭᠠᠷ ᠢᠶᠠᠨ ᠰᠠᠶᠢᠲᠤᠷ ᠤᠬᠢᠶᠠᠵᠤ᠂ ᠰᠠᠯᠬᠢ ᠢᠯᠡᠭᠦᠬᠡᠨ ᠨᠡᠪᠲᠡᠷᠡᠭᠦᠯᠦᠨ᠂ | ᠪᠦᠭᠡᠮᠨᠡᠷᠡᠨ ᠴᠤᠭᠯᠠᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠡᠷᠪᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠳᠠᠯ ᠬᠠᠭᠤᠷᠮᠠᠭ ᠮᠡᠳᠡᠭᠡ ᠵᠠᠩᠭᠢ ᠶᠢ | ᠵᠣᠬᠢᠶᠠᠨ ᠲᠠᠷᠬᠠᠭᠠᠭᠰᠠᠨ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠬᠤ ᠦᠭᠡᠢ ᠠᠴᠠ ᠪᠣᠯᠵᠤ ᠬᠦᠨᠳᠦ ᠨᠣᠴᠢᠲᠠᠢ ᠦᠷ᠎ᠡ ᠨᠦᠯᠦᠭᠡ | ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | | 2022 ᠣᠨ ᠤ 10 ᠰᠠᠷ᠎ᠠ ᠶᠢᠨ 7 ᠤ ᠡᠳᠦᠷ | | |