ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠮᠡᠳᠡᠭᠳᠡᠯ
ᠨᠡᠶᠢᠲᠡᠯᠡᠭᠰᠡᠨ ᠴᠠᠭ᠄
2022/10/7
            ᠰᠢᠨ᠎ᠡ ᠪᠠᠷᠠᠭᠤᠨ ᠰᠢᠨ᠎ᠡ ᠲᠢᠳᠢᠮᠯᠢᠭ ᠰᠡᠷᠭᠡᠶᠢᠯᠡᠨ ᠡᠵᠡᠮᠳᠡᠬᠦ ᠵᠢᠯᠣᠭᠤᠳᠬᠤ ᠲᠠᠷᠬᠠᠭᠠᠭᠰᠠᠨ                                   ﹇2022﹈ 41 ᠳ᠋ᠦ᠋ᠭᠡᠷ ᠲᠣᠭᠠᠲᠤ        ᠪᠥᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠶᠢᠨ ᠲᠦᠯᠦᠭᠡ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠵᠢᠯ ᠤᠨ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠢ ᠦᠨᠳᠦᠰᠦᠯᠡᠨ᠂ ᠣᠳᠣ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠬᠤᠯᠪᠣᠭᠳᠠᠯ ᠪᠦᠬᠦᠢ ᠵᠦᠢᠯᠡᠰ ᠢ ᠰᠠᠶᠢᠲᠤᠷ ᠬᠢᠬᠦ ᠲᠤᠬᠠᠢ ᠳᠣᠣᠷ᠎ᠠ ᠮᠡᠳᠡᠭᠳᠡᠶ᠎ᠡ᠄        1. ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ ᠤᠨ ᠬᠢᠨᠠᠨ ᠬᠠᠮᠢᠶᠠᠷᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠮᠤ ᠪᠤᠳᠠᠭ᠎ᠠ ᠲᠣᠰᠣ ᠮᠢᠬ᠎ᠠ ᠥᠨᠳᠡᠭᠡ ᠨᠣᠭᠤᠭ᠎ᠠ ᠵᠡᠷᠭᠡ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠢᠯᠡᠳᠪᠦᠷᠢᠯᠡᠯ᠂ ᠪᠣᠯᠪᠠᠰᠤᠷᠠᠭᠤᠯᠤᠯᠲᠠ ᠪᠠ ᠪᠣᠷᠤᠯᠠᠭᠤᠯᠭ᠎ᠠ ᠶᠢ ᠰᠢᠮᠳᠠᠭᠤᠯᠤᠨ ᠵᠢᠯᠣᠭᠤᠳᠬᠤ ᠬᠡᠷᠡᠭᠲᠡᠢ᠃ ᠦᠬᠡᠷ ᠬᠤᠨᠢ ᠭᠠᠭ᠋ᠠᠢ ᠶᠢᠨ ᠮᠢᠬ᠎ᠠ᠂ ᠠᠮᠤ ᠪᠤᠳᠠᠭ᠎ᠠ ᠲᠣᠰᠣ᠂ ᠢᠳᠡᠰᠢᠨ ᠨᠣᠭᠤᠭ᠎ᠠ᠂ ᠵᠢᠭᠦᠷᠲᠡᠨ ᠥᠨᠳᠡᠭᠡ ᠵᠡᠷᠭᠡ ᠠᠷᠠᠳ ᠤᠨ ᠠᠮᠢᠳᠤᠷᠠᠯ ᠤᠨ ᠲᠠᠸᠠᠷ ᠤᠨ ᠨᠦᠬᠡᠴᠡ ᠶᠢ ᠴᠢᠩᠭᠠᠳᠬᠠᠵᠤ᠂ ᠢᠳᠡᠰᠢᠨ ᠨᠣᠭᠤᠭ᠎ᠠ ᠵᠢᠮᠢᠰ ᠢ ᠪᠥᠭᠡᠮ ᠢᠶᠠᠷ ᠪᠣᠷᠤᠯᠠᠭᠤᠯᠬᠤ ᠭᠤᠣᠯ ᠴᠣᠭᠴᠠ᠂ ᠬᠤᠳᠠᠯᠳᠤᠭ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠯ᠎ᠡ ᠵᠢᠵᠢᠭᠯᠡᠨ ᠪᠣᠷᠤᠯᠠᠭᠤᠯᠬᠤ ᠳᠡᠯᠭᠡᠭᠦᠷ ᠪᠠ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠲᠣᠣᠷ ᠴᠡᠭ ᠵᠡᠷᠭᠡ ᠬᠠᠩᠭᠠᠯᠭ᠎ᠠ ᠶᠢ ᠪᠠᠲᠤᠯᠠᠬᠤ ᠭᠤᠣᠯ ᠴᠣᠭᠴᠠ ᠶᠢ ᠨᠢᠭᠡᠳᠦᠯᠲᠡᠢ ᠲᠥᠯᠥᠪᠯᠡᠨ ᠰᠢᠮᠳᠠᠭᠤᠯᠵᠤ᠂ ᠪᠠᠷᠠᠭᠠᠨ ᠤ ᠢᠷᠡᠯᠲᠡ ᠶᠢ ᠢᠳᠡᠪᠬᠢᠲᠡᠢ ᠥᠷᠭᠡᠳᠬᠡᠨ᠂ ᠠᠷᠭ᠎ᠠ ᠪᠦᠬᠦᠨ ᠢ ᠰᠦᠪᠡᠭᠴᠢᠯᠡᠨ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃        2. ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ᠂ ᠠᠮᠤ ᠪᠤᠳᠠᠭ᠎ᠠ᠂ ᠢᠳᠡᠰᠢᠨ ᠨᠣᠭᠤᠭ᠎ᠠ᠂ ᠭᠠᠭ᠋ᠠᠢ ᠶᠢᠨ ᠮᠢᠬ᠎ᠠ᠂ ᠵᠢᠮᠢᠰ ᠵᠡᠷᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠡᠷᠭᠡ ᠬᠥᠰᠬᠡ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ᠂ ᠡᠮᠴᠢᠯᠡᠭᠡᠨ ᠤ ᠪᠠᠭᠠᠵᠢ ᠬᠡᠷᠡᠭᠰᠡᠯ᠂ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢᠨ ᠴᠢᠬᠤᠯᠠ ᠬᠡᠷᠡᠭᠴᠡᠭᠡᠨ ᠤ ᠡᠳ᠋ ᠪᠣᠳᠠᠰ ᠵᠡᠷᠭᠡ ᠬᠠᠮᠢᠶ᠎ᠠ ᠪᠦᠬᠦᠢ ᠡᠳ᠋ ᠪᠣᠳᠠᠰ ᠢ ᠲᠡᠭᠡᠭᠡᠪᠦᠷᠢᠯᠡᠨ ᠬᠦᠷᠭᠡᠬᠦ ᠲᠡᠷᠭᠡ ᠪᠠ ᠬᠥᠮᠥᠰ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ ᠬᠢᠨᠠᠨ ᠬᠠᠷᠭᠤᠭᠤᠯᠵᠤ᠂ ᠲᠣᠰ ᠬᠤᠰᠢᠭᠤᠨ ᠤ ᠡᠯ᠎ᠡ ᠪᠠᠶᠢᠴᠠᠭᠠᠬᠤ ᠴᠡᠭ ᠲᠤ ᠪᠠᠶᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ ᠨᠡᠪᠲᠡᠷᠡᠭᠦᠯᠬᠦ ᠬᠡᠷᠡᠭᠲᠡᠢ᠃        3. ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠨ ᠲᠠᠷᠬᠠᠭᠠᠬᠤ᠂ ᠦᠨ᠎ᠡ ᠬᠠᠩᠰᠢ ᠶᠢ ᠳᠦᠷᠭᠢᠯᠳᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠠᠷᠢᠯᠴᠠᠨ ᠰᠥᠯᠪᠡᠭᠡᠯᠳᠦᠨ ᠡᠵᠡᠮᠳᠡᠬᠦ ᠶᠢ ᠴᠢᠩᠭ᠎ᠠ ᠴᠠᠭᠠᠵᠠᠯᠠᠨ᠎ᠠ᠃ ᠳᠡᠭᠡᠷ᠎ᠡ ᠳᠤᠷᠠᠳᠤᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠠᠤᠯᠢ ᠶᠣᠰᠣᠭᠠᠷ ᠴᠠᠭ ᠲᠤᠬᠠᠢ ᠳᠤᠨᠢ ᠴᠢᠩᠭ᠎ᠠ᠂ ᠬᠦᠨᠳᠦ ᠪᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠢᠲᠡᠭᠡᠮᠵᠢ ᠶᠢᠨ ᠵᠠᠯᠬᠠᠭᠠᠯ ᠴᠡᠭᠡᠷᠯᠡᠯ ᠥᠭᠴᠦ᠂ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠢᠯᠡ ᠪᠠᠷ ᠨᠡᠶᠢᠲᠡᠯᠡᠨ᠎ᠡ᠃        4. ᠥᠷᠭᠡᠨ ᠤᠯᠠᠨ ᠲᠦᠮᠡᠨ ᠡᠳᠦᠷ ᠳᠤᠲᠤᠮ ᠤᠨ ᠬᠡᠷᠡᠭᠯᠡᠭᠡᠨ ᠤ ᠬᠡᠷᠡᠭᠴᠡᠭᠡ ᠪᠠᠨ ᠦᠨᠳᠦᠰᠦᠯᠡᠨ ᠠᠮᠢᠳᠤᠷᠠᠯ ᠤᠨ ᠵᠦᠢᠯ᠂ ᠬᠢᠵᠢᠭ ᠢ ᠰᠡᠷᠭᠡᠶᠢᠯᠡᠬᠦ ᠳᠤ ᠴᠢᠬᠤᠯᠠ ᠬᠡᠷᠡᠭᠴᠡᠭᠡ ᠲᠠᠢ ᠡᠳ᠋ ᠪᠣᠳᠠᠰ ᠢ ᠵᠦᠢ ᠵᠣᠬᠢᠰᠲᠠᠢ ᠪᠠᠷ ᠬᠤᠳᠠᠯᠳᠤᠨ ᠠᠪᠴᠤ᠂ ︽ᠪᠤᠯᠢᠶᠠᠯᠳᠤᠨ ᠬᠤᠳᠠᠯᠳᠤᠨ ᠠᠪᠬᠤ︾ ᠠᠴᠠ ᠵᠠᠶᠢᠯᠠᠰᠬᠢᠬᠦ ᠬᠡᠷᠡᠭᠲᠡᠢ᠃ ᠭᠠᠳᠠᠭᠰᠢ ᠭᠠᠷᠴᠤ ᠡᠳ᠋ ᠪᠣᠳᠠᠰ ᠬᠤᠳᠠᠯᠳᠤᠨ ᠠᠪᠬᠤ ᠪᠤᠶᠤ ᠲᠣᠬᠢᠷᠠᠭᠤᠯᠤᠨ ᠬᠦᠷᠭᠡᠬᠦ ᠶᠢ ᠭᠥᠯᠢᠶᠡᠨ ᠠᠪᠬᠤ ᠳᠠᠭᠠᠨ ᠠᠮᠠᠪᠴᠢ ᠪᠠᠨ ᠰᠠᠶᠢᠲᠤᠷ ᠵᠡᠭᠦᠵᠦ᠂ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃        5. ᠡᠯ᠎ᠡ ᠰᠣᠨᠢᠨ ᠮᠡᠳᠡᠭᠡᠨ ᠤ ᠵᠠᠭᠤᠴᠢᠯᠠᠭᠤᠷ ᠬᠤᠯᠪᠣᠭᠳᠠᠯ ᠪᠦᠬᠦᠢ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠨᠡᠶᠢᠲᠡᠯᠡᠬᠦ ᠬᠡᠷᠡᠭᠲᠡᠢ᠃ ᠡᠭᠦᠨ ᠤ ᠬᠠᠮᠲᠤ ᠥᠷᠭᠡᠨ ᠣᠯᠠᠨ ᠠᠷᠠᠳ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠪᠠᠨ ᠴᠢᠩᠭᠠᠳᠬᠠᠵᠤ᠂ ᠬᠡᠷᠪᠡ ᠦᠨ᠎ᠡ ᠬᠠᠩᠰᠢ ᠶᠢᠨ ᠲᠠᠯ᠎ᠠ ᠪᠠᠷ  ᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠢ ᠳᠤᠨᠢ 12315 ᠬᠠᠯᠠᠮᠰᠢᠯ ᠤᠲᠠᠰᠤ ᠪᠠᠷ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠬᠦᠰᠡᠵᠦ ᠪᠠᠶᠢᠨ᠎ᠠ᠃                                     2022 ᠣᠨ ᠤ 10 ᠰᠠᠷ᠎ᠠ ᠶᠢᠨ 7 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号