ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠯᠠᠨ ᠲᠦᠮᠡᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠮᠡᠳᠡᠭᠳᠡᠯ
ᠨᠡᠶᠢᠲᠡᠯᠡᠭᠰᠡᠨ ᠴᠠᠭ᠄
2022/10/7
            ᠰᠢᠨ᠎ᠡ ᠪᠠᠷᠠᠭᠤᠨ ᠰᠢᠨ᠎ᠡ ᠲᠢᠳᠢᠮᠯᠢᠭ ᠰᠡᠷᠭᠡᠶᠢᠯᠡᠨ ᠡᠵᠡᠮᠳᠡᠬᠦ ᠵᠢᠯᠣᠭᠤᠳᠬᠤ ᠲᠠᠷᠬᠠᠭᠠᠭᠰᠠᠨ                                  ﹇2022﹈ 43 ᠳ᠋ᠤᠭᠠᠷ ᠲᠣᠭᠠᠲᠤ       ᠪᠥᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠯᠠᠨ ᠲᠦᠮᠡᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠶᠢᠨ ᠲᠦᠯᠦᠭᠡ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠵᠢᠯ ᠤᠨ ᠱᠠᠭᠠᠷᠳᠠᠯᠭ᠎ᠠ ᠪᠠ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ᠂ ᠣᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠯᠠᠨ ᠲᠦᠮᠡᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄        ● ᠡᠮ ᠡᠮᠨᠡᠯᠭᠡ ᠶᠢᠨ ᠦᠢᠯᠡᠴᠢᠯᠡᠭᠡᠨ ᠤ ᠲᠠᠯ᠎ᠠ ᠪᠠᠷ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠨᠡᠶᠢᠭᠡᠮ ᠲᠣᠭᠤᠷᠢᠭ᠂ ᠰᠤᠮᠤ ᠪᠠᠯᠭᠠᠰᠤ᠂ ᠡᠮᠴᠢᠯᠡᠭᠡᠨ ᠤ ᠪᠠᠶᠢᠭᠤᠯᠤᠮᠵᠢ ᠭᠡᠬᠦ ᠭᠤᠷᠪᠠᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠣᠣᠷ ᠢ ᠬᠡᠷᠡᠭᠵᠢᠭᠦᠯᠬᠦ ᠶᠢᠨ ᠬᠠᠮᠲᠤ᠂ ᠳᠤᠮᠳᠠ ᠵᠡᠷᠭᠡ ᠶᠢᠨ ᠲᠦᠭᠰᠢᠭᠦᠷᠢᠲᠡᠢ ᠣᠷᠣᠨ ᠳᠤ ᠪᠠᠶᠢᠭ᠎ᠠ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠳᠤ ᠲᠦᠷᠭᠡᠨ ᠠᠪᠤᠷᠠᠯᠳᠠ ᠶᠢᠨ ᠲᠡᠷᠭᠡ ᠲᠣᠬᠢᠷᠠᠭᠤᠯᠤᠨ ᠰᠢᠯᠵᠢᠭᠦᠯᠦᠨ ᠡᠮᠨᠡᠭᠦᠯᠵᠦ ᠲᠤᠰᠴᠤ ᠬᠦᠷᠭᠡᠨ᠂ ᠡᠪᠡᠳᠴᠢᠲᠡᠨ ᠨᠢᠭᠡᠪᠦᠷᠢ ᠶᠢ ᠴᠠᠭ ᠲᠤᠬᠠᠢ ᠳᠤᠨᠢ ᠪᠦᠲᠦᠮᠵᠢᠲᠡᠶ ᠡᠮᠨᠡᠨ ᠵᠠᠰᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠤᠮᠳᠠ ᠵᠡᠷᠭᠡ ᠶᠢᠨ ᠲᠦᠭᠰᠢᠭᠦᠷᠢᠲᠡᠢ ᠣᠷᠣᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠪᠠᠶᠢᠭ᠎ᠠ ᠨᠡᠶᠢᠭᠡᠮ ᠲᠣᠭᠤᠷᠢᠭ ᠲᠠᠢ ᠪᠠᠨ ᠬᠠᠷᠢᠯᠴᠠᠵᠤ᠂ ᠨᠡᠶᠢᠭᠡᠮ ᠲᠣᠭᠤᠷᠢᠭ ᠠᠴᠠ ᠬᠠᠷᠢᠶ᠎ᠠ ᠣᠷᠣᠨ ᠳᠠᠬᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤᠨ ᠲᠥᠪ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ︶ ᠲᠠᠢ ᠬᠠᠷᠢᠯᠴᠠᠬᠤ ᠶᠢ ᠬᠠᠷᠢᠭᠤᠴᠠᠵᠤ᠂ ᠲᠡᠳᠡᠨ ᠳᠤ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠬᠤ ᠬᠡᠷᠡᠭᠲᠡᠢ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ  ᠠᠴᠠ ᠳᠠᠪᠠᠭᠰᠠᠨ ᠪᠠᠶᠢᠪᠠᠯ᠂ ᠨᠡᠶᠢᠭᠡᠮ ᠲᠣᠭᠤᠷᠢᠭ ︵ᠭᠠᠴᠠᠭ᠎ᠠ︶ ᠴᠠᠭ ᠲᠤᠬᠠᠢ ᠳᠤᠨᠢ ᠰᠤᠮᠤ ᠪᠠᠯᠭᠠᠰᠤ ᠲᠠᠢ ᠪᠠᠨ ᠨᠡᠪᠲᠡᠷᠡᠯᠴᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠠᠴᠠ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠳᠤ ᠮᠡᠳᠡᠭᠦᠯᠵᠦ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠠᠴᠠ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ︵ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ︶ ᠲᠠᠢ ᠬᠠᠷᠢᠯᠴᠠᠨ᠂ ᠰᠢᠯᠵᠢᠭᠦᠯᠦᠨ ᠲᠡᠭᠡᠭᠡᠪᠦᠷᠢᠯᠡᠬᠦ ᠲᠡᠷᠭᠡ ᠬᠥᠰᠬᠡ ᠲᠣᠬᠢᠷᠠᠭᠤᠯᠬᠤ ᠬᠡᠷᠡᠭᠲᠡᠢ᠃ ᠨᠡᠶᠢᠭᠡᠮ ᠲᠣᠭᠤᠷᠢᠭ ᠠᠴᠠ ᠲᠤᠰᠬᠠᠢ ᠬᠥᠮᠥᠨ ᠲᠣᠬᠢᠷᠠᠭᠤᠯᠤᠨ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠭᠰᠡᠨ ᠤ ᠳᠠᠷᠠᠭ᠎ᠠ ᠪᠠᠷ᠎ᠠ ᠪᠣᠯᠵᠤ ᠡᠮᠨᠡᠭᠦᠯᠬᠦ ᠠᠵᠢᠯ ᠢ ᠪᠥᠬᠦ ᠶᠠᠪᠤᠴᠠ ᠳᠤ ᠰᠠᠶᠢᠲᠤᠷ ᠬᠢᠵᠦ᠂ ᠣᠨᠣᠰᠢᠯᠠᠨ ᠡᠮᠨᠡᠭᠦᠯᠵᠦ ᠳᠠᠭᠤᠰᠤᠭᠰᠠᠨ ᠤ ᠳᠠᠷᠠᠭ᠎ᠠ᠂ ᠰᠢᠯᠵᠢᠭᠦᠯᠦᠨ ᠲᠡᠭᠡᠭᠡᠪᠦᠷᠢᠯᠡᠬᠦ ᠳᠤᠭᠤᠶᠢᠯᠠᠩ ᠤᠨ ᠲᠤᠰᠬᠠᠢ ᠲᠡᠷᠭᠡ ᠪᠠᠷ ᠲᠤᠰᠴᠤ ᠠᠪᠴᠢᠷᠠᠨ᠂ ᠪᠢᠲᠡᠭᠦᠮᠵᠢᠯᠡᠭᠰᠡᠨ ᠬᠠᠮᠢᠶᠠᠷᠤᠯᠲᠠ ᠬᠢᠬᠦ ᠬᠡᠷᠡᠭᠲᠡᠢ᠃ ᠳᠤᠮᠳᠠ ᠵᠡᠷᠭᠡ ᠶᠢᠨ ᠲᠦᠭᠰᠢᠭᠦᠷᠢᠲᠡᠢ ᠣᠷᠣᠨ ᠳᠤ ᠪᠠᠶᠢᠭ᠎ᠠ ᠵᠢᠷᠮᠦᠰᠦᠨ ᠬᠦᠩᠭᠡᠵᠢᠬᠦ ᠡᠮᠡᠭᠲᠡᠢ᠂ ᠨᠢᠯᠬ᠎ᠠ ᠨᠢᠷᠠᠢ ᠬᠡᠦᠬᠡᠳ᠂ ᠪᠡᠶ᠎ᠡ ᠪᠠᠨ ᠳᠠᠭᠠᠭᠠᠵᠤ ᠳᠡᠶᠢᠯᠬᠦ ᠦᠭᠡᠢ ᠵᠡᠷᠭᠡ ᠣᠨᠴᠠᠭᠠᠢ ᠬᠥᠮᠥᠰ ᠢ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷ ᠲᠠᠢ 1 ᠬᠥᠮᠥᠨ ᠪᠠᠷ᠎ᠠ ᠪᠣᠯᠣᠨ ᠡᠮᠴᠢᠯᠡᠭᠦᠯᠬᠦ ᠶᠢᠨ ᠬᠠᠮᠲᠤ᠂ ᠡᠮᠴᠢᠯᠡᠭᠦᠯᠦᠭᠰᠡᠨ ᠡᠪᠡᠳᠴᠢᠲᠡᠨ ᠲᠠᠢ ᠠᠳᠠᠯᠢᠬᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠰᠠᠨᠠᠭᠠᠴᠢᠯᠠᠭ᠎ᠠ ᠠᠴᠠ ᠪᠠᠨ ᠭᠠᠷᠭᠠᠬᠤ ᠬᠡᠷᠡᠭᠲᠡᠢ᠃        ● ᠠᠳᠠᠯ ᠠᠬᠤᠢ ᠶᠢᠨ ᠦᠢᠯᠡᠴᠢᠯᠡᠭᠡᠨ ᠤ ᠲᠠᠯ᠎ᠠ ᠪᠠᠷ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠬᠤ ᠳᠤ ᠢᠳᠡᠪᠬᠢᠲᠡᠢ ᠬᠠᠮᠵᠢᠯᠴᠠᠨ᠂ ᠬᠥᠮᠥᠨ ᠪᠠ ᠲᠡᠷᠭᠡ ᠬᠥᠰᠬᠡ ᠶᠢᠨ ᠬᠠᠮᠢᠶᠠᠷᠤᠨ ᠡᠵᠡᠮᠳᠡᠬᠦ᠂ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ᠂ ᠡᠷᠡᠭᠦᠯ ᠮᠡᠨᠳᠦ ᠶᠢᠨ ᠺᠣᠳ᠋ ᠢ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠥᠷᠨᠢᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠰᠠᠶᠢᠲᠤᠷ ᠬᠢᠵᠦ᠂ ᠬᠥᠮᠥᠨ ᠬᠠᠷ᠎ᠠ ᠴᠤᠭᠯᠠᠷᠠᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠳᠠᠷᠤᠶᠢᠬᠠᠨ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠳᠣᠲᠣᠷᠠᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ᠂ ᠣᠯᠠᠨ ᠨᠡᠶᠢᠲᠡ ᠶᠢᠨ ᠣᠷᠣᠨ ᠪᠦᠰᠡ ᠶᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ᠂ ᠬᠠᠤᠯᠢ ᠲᠣᠭᠲᠠᠭᠠᠯ ᠭᠡᠷ᠎ᠡ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠵᠢᠭ ᠤᠨ ᠬᠤᠭᠤᠴᠠᠭᠠᠨ ᠳᠠᠬᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠭᠠᠯ ᠤᠨᠲᠠᠷᠠᠭᠠᠬᠤ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠬᠡᠢ ᠬᠡᠷᠡᠭᠯᠡᠬᠦ᠂ ᠴᠠᠬᠢᠯᠭᠠᠨ ᠱᠠᠲᠤ ᠬᠡᠷᠡᠭᠯᠡᠬᠦ ᠵᠡᠷᠭᠡ ᠲᠦᠭᠰᠢᠭᠦᠷᠢ ᠶᠢᠨ ᠳᠠᠯᠳᠠ ᠬᠡᠮ ᠢ ᠴᠢᠩᠭ᠎ᠠ ᠪᠠᠶᠢᠴᠠᠭᠠᠵᠤ ᠴᠢᠩᠭ᠎ᠠ ᠡᠵᠡᠮᠳᠡᠬᠦ ᠠᠵᠢᠯ ᠢ ᠰᠠᠶᠢᠲᠤᠷ ᠬᠢᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ︽ᠣᠯᠵᠤ ᠮᠡᠳᠡᠬᠦ᠂ ᠢᠳᠬᠠᠨ ᠬᠤᠷᠢᠭᠯᠠᠬᠤ᠂ ᠮᠡᠳᠡᠭᠦᠯᠬᠦ︾ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ᠠᠮᠤᠷ ᠲᠦᠪᠰᠢᠨ ᠤ ᠲᠦᠭᠰᠢᠭᠦᠷᠢ ᠶᠢ ᠴᠠᠭ ᠲᠤᠬᠠᠢ ᠳᠤᠨᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠢ᠃        ● ᠪᠤᠰᠤᠳ ᠲᠠᠯ᠎ᠠ ᠪᠠᠷ᠃ ᠪᠥᠬᠦ ᠬᠤᠰᠢᠭᠤᠨ ᠤ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠵᠢᠵᠢᠭᠦᠷᠯᠡᠨ ᠰᠠᠬᠢᠬᠤ ᠨᠢᠭᠡᠴᠡ ︽ᠤᠷᠢᠳᠴᠢᠯᠠᠨ ᠪᠣᠯᠵᠣᠵᠤ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠠᠯᠠᠭᠤ ᠺᠠᠳ᠋ᠷᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ᠂ ᠠᠮᠢᠳᠤᠷᠠᠯ ᠤᠨ ᠲᠠᠯ᠎ᠠ ᠪᠠ ᠡᠪᠡᠳᠴᠢᠨ ᠦᠵᠡᠭᠦᠯᠬᠦ ᠵᠡᠷᠭᠡ ᠲᠠᠯ᠎ᠠ ᠶᠢᠨ ᠬᠦᠴᠢᠷᠳᠡᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃        ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠨᠢᠭᠡᠳᠴᠦ᠂ ᠥᠷᠭᠡᠨ ᠣᠯᠠᠨ ᠲᠦᠮᠡᠨ ᠠᠯᠪᠠᠨ ᠤ ᠲᠠᠯ᠎ᠠ ᠶᠢᠨ ᠪᠠ ᠭᠤᠣᠯ ᠵᠠᠭᠤᠴᠢᠯᠠᠭᠤᠷ ᠤᠨ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠴᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠠᠪᠴᠢ ᠵᠡᠭᠦᠵᠦ᠂ ᠨᠢᠭᠡ ᠮᠧᠲᠷ ᠤᠨ ᠵᠠᠢ ᠶᠢ ᠪᠠᠲᠤᠯᠠᠨ᠂ ᠭᠠᠷ ᠢᠶᠠᠨ ᠰᠠᠶᠢᠲᠤᠷ ᠤᠬᠢᠶᠠᠵᠤ᠂ ᠰᠠᠯᠬᠢ ᠢᠯᠡᠭᠦᠬᠡᠨ ᠨᠡᠪᠲᠡᠷᠡᠭᠦᠯᠦᠨ᠂ ᠪᠦᠭᠡᠮᠨᠡᠷᠡᠨ ᠴᠤᠭᠯᠠᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠡᠷᠪᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠨ ᠲᠠᠷᠬᠠᠭᠠᠭᠰᠠᠨ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠬᠤ ᠦᠭᠡᠢ ᠠᠴᠠ ᠪᠣᠯᠵᠤ ᠬᠦᠨᠳᠦ ᠨᠣᠴᠢᠲᠠᠢ ᠦᠷ᠎ᠡ ᠨᠦᠯᠦᠭᠡ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃                                         2022 ᠣᠨ ᠤ 10 ᠰᠠᠷ᠎ᠠ ᠶᠢᠨ 7 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号