ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 16 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/10/8
       ᠬᠢᠵᠢᠭ ᠤᠨ ᠪᠠᠶᠢᠳᠠᠯ ᠲᠠᠷᠬᠠᠬᠤ ᠠᠶᠤᠯ ᠲᠦᠭᠰᠢᠭᠦᠷᠢ ᠶᠢ ᠤᠯᠠᠮ ᠴᠢᠨᠠᠭᠰᠢᠳᠠ ᠪᠦᠲᠦᠮᠵᠢᠲᠡᠶ ᠬᠤᠷᠢᠭᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ 2022 ᠣᠨ ᠤ 10 ᠰᠠᠷ᠎ᠠ ᠶᠢᠨ 8 ᠤ ᠡᠳᠦᠷ ᠤᠨ 0 ᠴᠠᠭ ᠠᠴᠠ ᠡᠬᠢᠯᠡᠨ᠂ ᠮᠠᠨ ᠤ ᠬᠤᠰᠢᠭᠤᠨ ᠤ ᠬᠡᠰᠡᠭ ᠣᠷᠣᠨ ᠲᠣᠭᠤᠷᠢᠭ ᠤᠨ ᠠᠶᠤᠯ ᠲᠦᠭᠰᠢᠭᠦᠷᠢ ᠶᠢᠨ ᠲᠠᠰ ᠲᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ᠄         ᠶᠢᠨ ᠠᠨ ᠰᠠᠭᠤᠭᠠᠯᠢ ᠲᠣᠭᠤᠷᠢᠭ ᠤᠨ ᠬᠤᠶᠠᠷ ᠳᠠᠪᠬᠤᠷᠭ᠎ᠠ ᠵᠢᠵᠢᠭ ᠠᠰᠠᠷ ᠠᠴᠠ ᠡᠮᠦᠨᠡᠰᠢ ︵ᠬᠤᠶᠠᠷ ᠳᠠᠪᠬᠤᠷᠭ᠎ᠠ ᠵᠢᠵᠢᠭ ᠠᠰᠠᠷ ᠢ ᠪᠠᠭᠲᠠᠭᠠᠨ᠎ᠠ︶᠂ ᠬᠤᠶᠠᠳᠤᠭᠠᠷ ᠨᠣᠮᠧᠷᠲᠤ ᠠᠰᠠᠷ ᠵᠢᠴᠢ ᠳᠣᠣᠷ᠎ᠠ ᠲᠠᠯ᠎ᠠ ᠶᠢᠨ ᠬᠤᠳᠠᠯᠳᠤᠭᠠᠨ ᠤ ᠡᠷᠦᠬᠡ᠂ ᠪᠠᠷᠠᠭᠤᠨ ᠲᠠᠯ᠎ᠠ ᠶᠢᠨ ᠠᠰᠠᠷ ᠵᠢᠴᠢ ᠳᠣᠣᠷ᠎ᠠ ᠲᠠᠯ᠎ᠠ ᠶᠢᠨ ᠬᠤᠳᠠᠯᠳᠤᠭᠠᠨ ᠤ ᠡᠷᠦᠬᠡ᠂ ᠭᠤᠷᠪᠠᠳᠤᠭᠠᠷ ᠨᠣᠮᠧᠷᠲᠤ ᠠᠰᠠᠷ ᠵᠢᠴᠢ ᠳᠣᠣᠷ᠎ᠠ ᠲᠠᠯ᠎ᠠ ᠶᠢᠨ ᠬᠤᠳᠠᠯᠳᠤᠭᠠᠨ ᠤ ᠡᠷᠦᠬᠡ᠂ ᠳᠤᠮᠳᠠᠳᠤ ᠣᠷᠣᠰ ᠮᠣᠩᠭᠤᠯ ᠤᠨ ᠬᠤᠳᠠᠯᠳᠤᠭᠠᠨ ᠤ ᠲᠥᠪ ᠤᠨ ᠣᠷᠣᠨ ᠰᠠᠭᠤᠴᠠ ᠶᠢᠨ ᠠᠰᠠᠷ ᠵᠢᠴᠢ ᠳᠣᠣᠷ᠎ᠠ ᠲᠠᠯ᠎ᠠ ᠶᠢᠨ ᠬᠤᠳᠠᠯᠳᠤᠭᠠᠨ ᠤ ᠡᠷᠦᠬᠡ᠂ ᠬᠥᠯᠥᠨ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭ᠎ᠠ ᠵᠡᠷᠭᠡ 3 ᠣᠷᠣᠨ ᠲᠣᠭᠤᠷᠢᠭ ᠢ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠪᠣᠯᠭᠠᠨ ᠬᠤᠪᠢᠶᠠᠷᠢᠯᠠᠨ ᠲᠣᠭᠲᠠᠭᠠᠵᠤ᠂ ︽ᠭᠡᠷ ᠠᠴᠠ ᠪᠠᠨ ᠥᠯᠥ ᠭᠠᠷᠬᠤ᠂ ᠭᠡᠷ ᠲᠤᠨᠢ ᠬᠦᠷᠴᠦ ᠦᠢᠯᠡᠴᠢᠯᠡᠬᠦ︾ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃             ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                              2022 ᠣᠨ ᠤ 10 ᠰᠠᠷ᠎ᠠ ᠶᠢᠨ 8 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号