10 ᠰᠠᠷ᠎ᠠ ᠶᠢᠨ 7 ᠤ ᠡᠳᠦᠷ ᠤᠨ 6 ᠴᠠᠭ ᠠᠴᠠ 12 ᠴᠠᠭ ᠤᠨ ᠬᠤᠭᠤᠷᠣᠨᠳᠤ᠂ ᠮᠠᠨ ᠤ ᠬᠤᠰᠢᠭᠤ | ᠠᠩᠬᠠᠳᠤᠭᠠᠷ ᠡᠭᠡᠯᠵᠢ ᠶᠢᠨ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠥᠷᠨᠢᠭᠦᠯᠵᠦ᠂ | ᠮᠠᠨ ᠤ ᠬᠤᠰᠢᠭᠤᠨ ᠤ ᠬᠠᠷᠢᠶ᠎ᠠ ᠣᠷᠣᠨ ᠳᠤ ᠰᠠᠭᠤᠭ᠎ᠠ ᠪᠣᠶ ᠪᠦᠬᠦᠢ ᠬᠥᠮᠥᠰ ︵ᠲᠣᠰ ᠭᠠᠵᠠᠷ ᠤᠨ ᠪᠠᠶᠢᠩᠭᠤ | ᠰᠠᠭᠤᠭ᠎ᠠ ᠬᠥᠮᠥᠨ ᠠᠮᠠ᠂ ᠲᠦᠷ ᠴᠠᠭ ᠤᠨ ᠨᠡᠭᠦᠳᠡᠯ ᠬᠥᠮᠥᠨ ᠠᠮᠠ᠂ ᠭᠠᠳᠠᠨ᠎ᠠ ᠣᠷᠣᠨ ᠤ ᠬᠦᠮᠦᠰ ᠵᠡᠷᠭᠡ ᠪᠠᠭᠲᠠᠨ᠎ᠠ︶ | ᠰᠢᠯᠭᠠᠨ ᠪᠠᠶᠢᠴᠠᠭᠠᠯᠲᠠ ᠳᠤ ᠣᠷᠣᠯᠴᠠᠵᠤ᠂ ᠨᠡᠶᠢᠲᠡ 39757 ᠬᠦᠮᠦᠨ ᠳᠤ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠳᠤ ᠪᠢᠯᠢᠭ ᠴᠢᠨᠠᠷᠲᠠᠢ 39752 ᠬᠥᠮᠥᠨ᠂ ᠠᠷᠭ᠎ᠠ | ᠴᠢᠨᠠᠷᠲᠠᠢ 5 ᠬᠥᠮᠥᠨ ᠪᠠᠶᠢᠵᠤ᠂ ᠨᠡᠶᠢᠲᠡ ᠠᠷᠭ᠎ᠠ ᠴᠢᠨᠠᠷᠲᠠᠢ 8 ᠬᠥᠮᠥᠨ ᠪᠣᠯᠣᠭᠰᠠᠨ ᠪᠠᠶᠢᠨ᠎ᠠ᠃ | ᠣᠳᠣᠬᠠᠨ ᠳᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠶᠡᠷᠦᠩᠬᠡᠢ ᠳᠡᠭᠡᠨ ᠡᠵᠡᠮᠳᠡᠵᠦ ᠪᠣᠯᠬᠤ | ᠪᠣᠯᠪᠠᠴᠤ᠂ ᠲᠦᠭᠰᠢᠭᠦᠷᠢ ᠮᠥᠨ ᠣᠷᠣᠰᠢᠭᠰᠠᠭᠠᠷ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠡᠷᠬᠡᠪᠰᠢ | ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠠᠷᠠᠳ ᠢᠷᠭᠡᠳ ᠤᠨ ᠡᠭᠦᠷᠭᠡ ᠬᠠᠷᠢᠭᠤᠴᠠᠯᠭ᠎ᠠ ᠪᠠᠨ | ᠰᠠᠶᠢᠲᠤᠷ ᠭᠦᠢᠴᠡᠳᠬᠡᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ | ᠱᠠᠭᠠᠷᠳᠠᠯᠭ᠎ᠠ ᠶᠣᠰᠣᠭᠠᠷ᠂ ᠲᠣᠭᠲᠠᠩᠭᠤᠢ ᠬᠤᠭᠤᠴᠠᠭᠠᠨ ᠳᠠᠬᠢ ᠬᠠᠮᠢᠶᠠᠷᠤᠯᠲᠠ ᠳᠤ ᠰᠠᠶᠢᠲᠤᠷ ᠬᠠᠮᠵᠢᠯᠴᠠᠵᠤ᠂ | ᠲᠠᠷᠠᠭᠠᠴᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠣᠰ ᠪᠡᠶ᠎ᠡ ᠶᠢᠨ | ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠨ᠂ ᠪᠦᠭᠡᠮᠨᠡᠷᠡᠨ ᠴᠤᠭᠯᠠᠷᠠᠬᠤ ᠦᠭᠡᠢ᠂ ᠨᠡᠶᠢᠭᠡᠮ ᠤᠨ ᠬᠠᠷᠢᠯᠴᠠᠭᠠᠨ ᠤ | 1 ᠮᠧᠲᠷ ᠤᠨ ᠵᠠᠢ ᠶᠢ ᠪᠠᠲᠤᠯᠠᠵᠤ᠂ ᠪᠡᠶ᠎ᠡ ᠶᠢᠨ ᠳᠤᠯᠠᠭᠠᠨ ᠬᠡᠮᠵᠢᠬᠦ᠂ ᠺᠣᠳ᠋ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠳᠤ ᠢᠳᠡᠪᠬᠢᠲᠡᠢ ᠬᠠᠮᠵᠢᠯᠴᠠᠨ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ | ᠴᠤᠤᠷᠬᠠᠯ ᠳᠠᠮᠵᠢᠭᠤᠯᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ | ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 10 ᠰᠠᠷ᠎ᠠ ᠶᠢᠨ 8 ᠤ ᠡᠳᠦᠷ | | |