ᠦᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠡ᠄ | ᠬᠢᠵᠢᠭ ᠢ ᠰᠡᠷᠭᠡᠶᠢᠯᠡᠬᠦ ᠠᠵᠢᠯᠲᠠᠳ ᠡᠳᠦᠷ ᠪᠦᠷᠢ ᠨᠢᠭᠡ ᠯᠡ ᠠᠵᠢᠯ ᠢᠶᠠᠨ ᠳᠠᠬᠢᠨ ᠳᠠᠪᠲᠠᠨ ᠬᠢᠵᠦ᠂ | ᠨᠡᠶᠢᠭᠡᠮ ᠲᠣᠭᠤᠷᠢᠭ ᠤᠨ ᠠᠵᠢᠯᠲᠠᠳ ᠤᠲᠠᠰᠤ ᠠᠪᠴᠤ ᠬᠤᠭᠤᠯᠠᠢ ᠪᠠᠨ ᠰᠥᠭᠡᠩᠭᠢ ᠪᠣᠯᠲᠠᠯ᠎ᠠ ᠶᠠᠷᠢᠵᠤ᠂ ᠡᠮᠦᠨ᠎ᠡ | ᠹᠷᠤᠨᠲ ᠲᠤ ᠭᠦᠨᠵᠡᠭᠡᠶᠢᠷᠡᠭᠰᠡᠨ ᠨᠠᠮ ᠤᠨ ᠭᠡᠰᠢᠭᠦᠳ ︽ᠬᠢᠵᠢᠭ︾ ᠤᠨ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠵᠦ᠂ | ᠥᠷᠭᠡᠨ ᠤᠯᠠᠨ ᠰᠠᠭᠤᠭᠠᠯᠢ ᠠᠷᠠᠳ ᠤᠬᠠᠮᠰᠠᠷ ᠠᠴᠠ ᠪᠠᠨ ᠪᠥᠭᠡᠮ ᠬᠦᠴᠢᠯ ᠤᠨ ᠪᠠᠶᠢᠴᠠᠭᠠᠯᠲᠠ ᠳᠤ ᠣᠷᠣᠯᠴᠠᠵᠤ | ᠪᠣᠢ ᠁ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠨᠢᠭᠡ ᠡᠭᠡᠯᠵᠢ ᠶᠢᠨ ᠬᠢᠵᠢᠭ ᠤᠨ ᠪᠠᠶᠢᠳᠠᠯ ᠢ | ᠠᠷᠭᠠᠴᠠᠬᠤ ᠳᠠᠶᠢᠯᠠᠯᠳᠤᠭᠠᠨ ᠳᠤ᠂ ᠵᠢᠷᠤᠭ ᠳᠦᠷᠰᠦ ᠨᠢᠭᠡᠪᠦᠷᠢ ᠨᠢ ᠲᠠᠨᠢᠯ ᠳᠠᠰᠤᠯ ᠰᠠᠨᠠᠭᠳᠠᠵᠤ᠂ ᠦᠵᠡᠭᠳᠡᠯ ᠨᠢᠭᠡᠪᠦᠷᠢ | ᠨᠢ ᠴᠥᠮ ᠪᠢᠳᠡᠨ ᠤ ᠬᠢᠵᠢᠭ ᠲᠠᠢ ᠳᠠᠬᠢᠨᠲᠠ ᠲᠡᠮᠡᠴᠡᠬᠦ ᠲᠡᠮᠦᠷ ᠬᠡᠷᠡᠮ ᠪᠣᠯᠣᠳ ᠬᠠᠨ᠎ᠠ ᠶᠢ ᠪᠣᠰᠬᠠᠪᠠ᠃ | 10 ᠰᠠᠷ᠎ᠠ ᠶᠢᠨ 6 ᠤ ᠡᠳᠦᠷ ᠰᠢᠨ᠎ᠡ ᠨᠢᠭᠡᠨ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ | ᠨᠠᠰᠢ᠂ ᠰᠢᠨ᠎ᠡ ᠪᠠᠷᠭᠤ ᠪᠠᠷᠠᠭᠤᠨ ᠬᠤᠰᠢᠭᠤ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ︽ᠭᠠᠳᠠᠨ᠎ᠠ ᠠᠴᠠ ᠬᠠᠯᠳᠠᠪᠤᠷᠢᠯᠠᠨ | ᠣᠷᠣᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ | ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠣᠰᠣᠭᠠᠷ᠂ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ︽ᠨᠢᠭᠡ ᠴᠣᠭᠴᠠᠵᠢᠭᠤᠯᠤᠨ ᠣᠯᠠᠨ ᠡᠰᠢᠵᠢᠬᠦᠯᠬᠦ᠂ ᠬᠡᠪ ᠤᠨ ᠪᠠ | ᠪᠠᠴᠢᠮ ᠪᠠᠶᠢᠳᠠᠯ ᠢ ᠤᠶᠠᠯᠳᠤᠭᠤᠯᠬᠤ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠠᠭᠪᠤᠷ ᠢ | ᠪᠠᠶᠢᠭᠤᠯᠤᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠴᠢᠮᠲᠡᠢ ᠪᠥᠭᠡᠳ ᠡᠮᠬᠢ ᠵᠢᠷᠤᠮ ᠲᠠᠢ | ᠲᠦᠯᠬᠢᠨ ᠠᠬᠢᠭᠤᠯᠪᠠ᠃ | ᠥᠨᠥᠳᠥᠷ᠂ ᠮᠠᠨ ᠤ ᠪᠠᠴᠢᠮ ᠪᠠᠶᠢᠳᠠᠯ ᠢ ᠠᠷᠭᠠᠴᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠤᠯᠠᠮ ᠪᠠᠬᠢᠵᠢᠵᠦ᠂ | ᠰᠡᠷᠭᠡᠶᠢᠯᠡᠨ ᠡᠵᠡᠮᠳᠡᠬᠦ ᠲᠣᠭᠲᠠᠴᠠ᠂ ᠰᠡᠷᠭᠡᠶᠢᠯᠡᠨ ᠡᠵᠡᠮᠳᠡᠬᠦ ᠠᠷᠭ᠎ᠠ ᠬᠡᠯᠪᠡᠷᠢ ᠤᠳᠠᠭ᠎ᠠ ᠪᠦᠷᠢ ᠶᠢᠨ ︽ᠳᠠᠷᠤᠯᠲᠠ ᠶᠢᠨ | ᠰᠣᠷᠢᠯᠲᠠ︾ ᠬᠢᠬᠦ ᠶᠠᠪᠤᠴᠠ ᠳᠤ ᠲᠠᠰᠤᠷᠠᠯᠲᠠ ᠦᠭᠡᠢ ᠲᠡᠭᠦᠯᠳᠡᠷᠵᠢᠵᠦ ᠪᠠᠶᠢᠨ᠎ᠠ᠂ ᠪᠢᠳᠡ ︽ᠬᠥᠬᠡᠮᠳᠦᠭ ᠠᠭᠤᠯᠠ ᠶᠢ | ᠴᠢᠩᠭ᠎ᠠ ᠪᠠᠷᠢᠬᠤ︾ ᠵᠣᠷᠢᠭ ᠰᠠᠨᠠᠭ᠎ᠠ ᠪᠠ ︽ᠪᠡᠷᠬᠡ ᠬᠠᠲᠠᠭᠤᠵᠢᠯᠲᠠᠢ ᠪᠣᠯᠬᠤ ᠲᠤᠲᠤᠮ ᠤᠯᠠᠮ ᠴᠢᠷᠮᠠᠶᠢᠨ | ᠤᠷᠤᠭᠰᠢᠯᠠᠬᠤ︾ ᠡᠷᠡᠰ ᠵᠣᠷᠢᠭ ᠢᠶᠠᠷ᠂ ᠯᠠᠪᠲᠠᠢ ᠶᠡᠷᠦ ᠪᠤᠰᠤ ᠶᠢᠨ ᠠᠮᠵᠢᠯᠲᠠ ᠪᠦᠲᠦᠮᠵᠢ ᠶᠢ ᠦᠷᠭᠦᠯᠵᠢᠯᠡᠨ | ᠪᠢᠴᠢᠭᠯᠡᠵᠦ ᠴᠢᠳᠠᠨ᠎ᠠ ᠭᠡᠳᠡᠭ ᠲᠤ ᠢᠲᠡᠭᠡᠵᠦ ᠪᠠᠶᠢᠨ᠎ᠠ᠃ | ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠪᠠᠶᠢᠯᠭᠠᠬᠤ ᠳᠤ | ᠲᠦᠰᠢᠭᠯᠡᠨ᠎ᠡ᠃ ︽ᠬᠢᠵᠢᠭ︾ ᠲᠠᠢ ᠲᠡᠮᠡᠴᠡᠬᠦ ᠪᠣᠯ ᠨᠢᠭᠡᠨ ᠤᠳᠠᠭᠠᠨ ᠤ ᠤᠬᠠᠭᠠᠨ ᠵᠣᠷᠢᠭ ᠤᠨ ᠲᠡᠮᠡᠴᠡᠯ ᠶᠤᠮ᠂ | ᠪᠦᠳᠦᠭᠦᠯᠢᠭ ᠢᠶᠠᠷ ᠠᠵᠢᠯᠯᠠᠬᠤ ᠳᠤ ᠲᠦᠰᠢᠭᠯᠡᠭᠡᠳ ᠪᠣᠯᠬᠤ ᠦᠭᠡᠢ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ | ᠪᠠᠳᠠᠷᠠᠭᠤᠯᠬᠤ ᠴᠢᠬᠤᠯᠠᠲᠠᠢ᠃ ᠪᠢᠳᠡ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠨ᠂ ᠬᠢᠵᠢᠭ ᠤᠨ ᠪᠠᠶᠢᠳᠠᠯ ᠢ | ᠣᠨᠣᠪᠴᠢᠲᠠᠢ ᠡᠵᠡᠮᠳᠡᠬᠦ ᠪᠠᠷ ᠪᠠᠷᠠᠬᠤ ᠦᠭᠡᠢ᠂ ᠪᠠᠰᠠ ᠰᠡᠷᠭᠡᠶᠢᠯᠡᠨ ᠡᠵᠡᠮᠳᠡᠬᠦ ᠠᠵᠢᠯ ᠤᠨ ᠶᠠᠪᠤᠴᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠵᠢᠭᠰᠠᠭᠠᠨ ᠪᠠᠶᠢᠴᠠᠭᠠᠬᠤ᠂ ᠤᠷᠢᠳᠴᠢᠯᠠᠨ | ᠰᠡᠷᠡᠮᠵᠢᠯᠡᠭᠦᠯᠬᠦ ᠪᠠ᠂ ᠭᠥᠯᠢᠶᠡᠨ ᠠᠪᠴᠤ ᠵᠠᠰᠠᠬᠤ ᠵᠡᠷᠭᠡ ᠠᠵᠢᠯ ᠢ ᠰᠢᠰᠲ᠋ᠧᠮ ᠲᠠᠢ ᠰᠠᠶᠢᠲᠤᠷ ᠬᠢᠵᠦ᠂ ᠡᠷᠲᠡ | ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠶᠢ ᠪᠦᠬᠦ ᠲᠠᠯ᠎ᠠ ᠪᠠᠷ ᠪᠡᠶᠡᠯᠡᠭᠦᠯᠬᠦ | ᠬᠡᠷᠡᠭᠲᠡᠢ᠃ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠮᠠᠨ ᠤ ᠬᠤᠰᠢᠭᠤ ᠪᠢᠲᠡᠭᠦᠮᠵᠢᠯᠡᠨ ᠡᠵᠡᠮᠳᠡᠬᠦ ᠣᠷᠣᠨ᠂ | ᠬᠠᠮᠢᠶᠠᠷᠤᠨ ᠡᠵᠡᠮᠳᠡᠬᠦ ᠣᠷᠣᠨ ᠢ ᠦᠳᠲᠡᠷ ᠲᠦᠷᠭᠡᠨ ᠥᠨᠳᠥᠷ ᠪᠦᠲᠦᠮᠵᠢᠲᠡᠶ ᠪᠠᠷ ᠬᠤᠪᠢᠶᠠᠷᠢᠯᠠᠨ ᠲᠣᠭᠲᠠᠭᠠᠵᠤ᠂ | ᠣᠷᠣᠨ ᠲᠠᠰ ᠬᠤᠪᠢᠶᠠᠨ ᠨᠠᠷᠢᠯᠢᠭ ᠣᠨᠣᠪᠴᠢᠲᠠᠢ ᠬᠠᠮᠢᠶᠠᠷᠤᠨ ᠡᠵᠡᠮᠳᠡᠵᠦ᠂ ᠰᠡᠷᠭᠡᠶᠢᠯᠡᠨ ᠡᠵᠡᠮᠳᠡᠬᠦ ᠠᠵᠢᠯ ᠢ ᠨᠠᠩ | ᠢᠯᠡᠭᠦᠦ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠲᠠᠢ ᠪᠣᠯᠭᠠᠬᠤ ᠶᠢᠨ ᠬᠠᠮᠲᠤ᠂ ︽ᠬᠥᠮᠥᠨ᠂ | ᠪᠣᠳᠠᠰ᠂ ᠣᠷᠴᠢᠨ ᠲᠣᠭᠤᠷᠢᠨ ᠢ ᠬᠠᠮᠲᠤ ᠳᠤᠨᠢ ᠰᠡᠷᠭᠡᠶᠢᠯᠡᠬᠦ︾ ᠪᠦᠬᠦᠨ ᠢ ᠪᠢᠲᠡᠭᠦᠮᠵᠢᠯᠡᠬᠦ᠂ ᠣᠷᠬᠢᠭᠲᠠᠭᠤᠯᠬᠤ | ᠦᠭᠡᠢ᠂ ᠬᠠᠮᠢᠶᠠᠷᠤᠯᠲᠠ ᠠᠴᠠ ᠰᠠᠯᠭᠠᠬᠤ ᠦᠭᠡᠢ ᠪᠠᠶᠢᠬᠤ ᠶᠢ ᠪᠠᠷᠢᠮᠲᠠᠯᠠᠨ᠂ ᠦᠨᠳᠦᠰᠦᠨ ᠱᠠᠲᠤᠨ ᠤ ᠵᠠᠰᠠᠬᠤ | ᠴᠢᠳᠠᠪᠤᠷᠢ ᠪᠠ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠬᠠᠮᠤᠭ ᠤᠨ ᠪᠠᠭ᠎ᠠ ᠨᠢᠭᠡᠴᠡ ᠬᠦᠷᠲᠡᠯ᠎ᠡ ᠨᠠᠶᠢᠳᠠᠪᠤᠷᠢᠵᠢᠭᠤᠯᠪᠠ᠃ ᠦᠷᠭᠡᠨ ᠣᠯᠠᠨ ᠲᠦᠮᠡᠨ | ᠵᠢᠯᠣᠭᠤᠳᠤᠯᠭ᠎ᠠ ᠶᠢ ᠳᠠᠭᠠᠵᠤ᠂ ᠭᠡᠷ ᠲᠡᠭᠡᠨ ᠲᠣᠭᠲᠠᠩᠭᠤᠢ ᠬᠠᠮᠢᠶᠠᠷᠤᠯᠲᠠ ᠶᠢ ᠬᠦᠯᠢᠶᠡᠵᠦ᠂ ᠪᠥᠭᠡᠮ ᠬᠦᠴᠢᠯ ᠢ | ᠰᠢᠯᠭᠠᠨ ᠪᠠᠶᠢᠴᠠᠭᠠᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ︽ᠰᠡᠷᠭᠡᠶᠢᠯᠡᠯᠲᠡ ᠶᠢᠨ ᠬᠡᠷᠡᠮ︾ ᠢ ᠪᠠᠶᠢᠭᠤᠯᠬᠤ ᠶᠢ ᠬᠦᠰᠡᠵᠦ | ᠪᠠᠶᠢᠨ᠎ᠠ᠃ | ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠰᠡᠳᠬᠢᠯ ᠨᠢᠭᠡᠳᠦᠨ ᠬᠦᠴᠦ ᠪᠠᠨ ᠲᠥᠪᠯᠡᠷᠡᠭᠦᠯᠬᠦ ᠳᠤ | ᠲᠦᠰᠢᠭᠯᠡᠨ᠎ᠡ᠃ ᠪᠢᠳᠡᠨ ᠤ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠭᠰᠠᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠴᠡᠭ᠂ ᠡᠪᠡᠳᠴᠢᠨ ᠤ ᠡᠬᠢ ᠰᠤᠷᠪᠤᠯᠵᠢ ᠶᠢ ᠮᠦᠷᠳᠡᠨ ᠪᠠᠶᠢᠴᠠᠭᠠᠬᠤ᠂ ᠰᠠᠭᠤᠭᠠᠯᠢ | ᠲᠣᠭᠤᠷᠢᠭ ᠲᠤ ᠵᠢᠵᠢᠭᠦᠷᠯᠡᠬᠦ᠂ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠨᠢᠭᠡᠳᠦᠭᠡᠷ ᠹᠷᠣᠨᠲ ᠤᠨ ᠬᠢᠵᠢᠭ ᠢ | ᠰᠡᠷᠭᠡᠶᠢᠯᠡᠬᠦ ᠠᠵᠢᠯᠲᠠᠨ ᠵᠢᠴᠢ ᠰᠠᠨᠠᠭᠠᠴᠢᠯᠠᠭ᠎ᠠ ᠠᠴᠠ ᠪᠠᠨ ᠬᠢᠵᠢᠭ ᠢ ᠰᠡᠷᠭᠡᠶᠢᠯᠡᠬᠦ ᠠᠵᠢᠯ ᠢ ᠳᠡᠮᠵᠢᠭᠰᠡᠨ ᠪᠠ | ᠣᠷᠣᠯᠴᠠᠭᠰᠠᠨ ᠬᠥᠮᠥᠨ ᠪᠦᠬᠦᠨ ᠴᠥᠮ ᠪᠢᠳᠡᠨ ᠤ ᠬᠢᠵᠢᠭ ᠤᠨ ᠪᠠᠶᠢᠳᠠᠯ ᠢ ᠠᠷᠭᠠᠴᠠᠬᠤ ᠪᠠᠲᠤ ᠴᠢᠩᠭ᠎ᠠ | ᠲᠤᠯᠭᠠᠭᠤᠷᠢᠯᠠᠯ ᠪᠣᠯᠣᠨ᠎ᠠ᠃ ᠥᠷᠭᠡᠨ ᠣᠯᠠᠨ ᠰᠠᠭᠤᠭᠠᠯᠢ ᠠᠷᠠᠳ ᠬᠤᠰᠢᠭᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠴᠤ᠂ ᠠᠵᠢᠯᠲᠠᠨ ᠤ ᠰᠢᠷᠭᠠᠭᠤ | ᠴᠢᠷᠮᠠᠶᠢᠯᠭ᠎ᠠ ᠶᠢ ᠣᠶᠢᠯᠠᠭᠠᠨ᠂ ᠨᠠᠰᠤᠲᠠᠶᠢᠴᠤᠳ ᠢ ᠲᠡᠳᠬᠦᠨ ᠪᠠᠭᠤᠷᠠᠶᠢᠴᠤᠤᠯ ᠢ ᠲᠤᠰᠠᠯᠠᠵᠤ᠂ ᠡᠮᠬᠢ ᠳᠢᠭᠯᠢᠮ ᠢ | ᠬᠠᠮᠠᠭᠠᠯᠠᠨ᠂ ᠴᠠᠭ ᠤᠨ ᠲᠣᠬᠢᠷᠠᠭᠤᠯᠤᠯᠲᠠ ᠶᠣᠰᠣᠭᠠᠷ ᠲᠣᠭᠲᠠᠩᠭᠤᠢ ᠬᠠᠮᠢᠶᠠᠷᠤᠯᠲᠠ ᠶᠢᠨ ᠣᠷᠣᠨ ᠤ ᠪᠥᠭᠡᠮ | ᠬᠦᠴᠢᠯ ᠤᠨ ᠪᠠᠶᠢᠴᠠᠭᠠᠯᠲᠠ ᠶᠢ ᠥᠨᠳᠥᠷ ᠪᠦᠲᠦᠮᠵᠢᠲᠡᠶ ᠪᠡᠶᠡᠯᠡᠭᠦᠯᠬᠦ ᠶᠢ ᠬᠦᠰᠡᠵᠦ ᠪᠠᠶᠢᠨ᠎ᠠ᠃ | ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠬᠤᠪᠢ ᠬᠥᠮᠥᠨ ᠤ ᠬᠠᠮᠠᠭᠠᠯᠠᠯᠲᠠ ᠳᠤ ᠲᠦᠰᠢᠭᠯᠡᠨ᠎ᠡ᠃ | ᠠᠮᠠᠪᠴᠢ ᠵᠡᠭᠦᠬᠦ ᠪᠣᠯ ᠬᠢᠵᠢᠭ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ ᠠᠷᠭ᠎ᠠ ᠭᠡᠰᠡᠨ ᠢ ᠤᠳᠠᠭ᠎ᠠ ᠪᠦᠷᠢ ᠶᠢᠨ | ᠲᠤᠷᠰᠢᠯᠭ᠎ᠠ ᠪᠢᠳᠡᠨ ᠳᠤ ᠬᠡᠯᠡᠵᠦ ᠥᠭᠭᠦᠭᠰᠡᠨ ᠪᠢᠯᠡ᠂ ᠡᠶᠢᠮᠦ ᠠᠴᠠ ᠪᠢᠳᠡ ᠡᠷᠬᠡᠪᠰᠢ ᠵᠢᠷᠤᠮᠯᠠᠨ ᠰᠠᠬᠢᠬᠤ ᠬᠡᠷᠡᠭᠲᠡᠢ᠃ | ᠡᠩ ᠤᠨ ᠴᠠᠭ ᠲᠤ ᠢᠯᠡᠭᠦᠬᠡᠨ ᠴᠤᠭᠯᠠᠷᠠᠨ᠂ ᠬᠢᠵᠢᠭ ᠳᠡᠯᠭᠡᠷᠡᠭᠰᠡᠨ ᠦᠶ᠎ᠡ ᠳᠤ ᠢᠯᠡᠭᠦᠬᠡᠨ ᠲᠣᠭᠲᠠᠩᠭᠤᠢ ᠪᠠᠶᠢᠵᠤ᠂ | ᠡᠬᠢ ᠡᠭᠦᠰᠦᠯ ᠢ ᠨᠢ ᠪᠠᠶᠢᠴᠠᠭᠠᠨ ᠲᠣᠳᠣᠯᠠᠬᠤ ᠠᠴᠠ ᠡᠮᠦᠨ᠎ᠡ ᠥᠯᠥ ᠮᠡᠳᠡᠭᠳᠡᠬᠦ ᠨᠡᠶᠢᠭᠡᠮ ᠤᠨ ᠬᠡᠪᠴᠢᠶᠡᠨ ᠳᠤ | ᠳᠡᠯᠭᠡᠷᠡᠬᠦ ᠶᠢ ᠰᠡᠷᠭᠡᠶᠢᠯᠡᠬᠦ ᠶᠢᠨ ᠲᠥᠯᠥᠭᠡ᠂ ᠪᠥᠭᠡᠮᠨᠡᠷᠡᠬᠦ ᠦᠭᠡᠢ᠂ ᠬᠤᠷᠠᠨ ᠴᠤᠭᠯᠠᠷᠠᠬᠤ ᠦᠭᠡᠢ ᠪᠠᠶᠢᠬᠤ ᠲᠣᠭᠲᠠᠭᠠᠯ | ᠢ ᠴᠢᠩᠭ᠎ᠠ ᠵᠢᠷᠤᠮᠯᠠᠨ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠤ ᠵᠣᠷᠢᠭ ᠢ ᠨᠢᠭᠡᠳᠬᠡᠨ᠂ ᠬᠠᠮᠲᠤ ᠪᠠᠷ ︽ᠬᠢᠵᠢᠭ︾ ᠢ ᠡᠰᠡᠷᠭᠦᠴᠡᠬᠦ ᠶᠢ | ᠬᠦᠰᠡᠵᠦ ᠪᠠᠶᠢᠨ᠎ᠠ᠃ | ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠡᠴᠦᠰ ᠲᠤᠨᠢ ᠲᠤᠯᠲᠠᠯ᠎ᠠ ᠪᠠᠷᠢᠮᠲᠠᠯᠠᠬᠤ ᠳᠤ ᠲᠦᠰᠢᠭᠯᠡᠨ᠎ᠡ᠃ | ᠬᠢᠵᠢᠭ ᠢ ᠡᠰᠡᠷᠭᠦᠴᠡᠬᠦ ᠪᠣᠯ ᠨᠢᠭᠡᠨ ᠤᠳᠠᠭᠠᠨ ᠤ ᠳᠠᠭᠠᠭᠠᠮᠠᠭᠠᠢ ᠭᠦᠶᠦᠯᠲᠡ ᠪᠣᠯᠬᠤᠷ ᠵᠣᠭᠰᠣᠩᠭᠢᠷᠠᠬᠤ ᠪᠤᠶᠤ | ᠰᠤᠯᠠᠷᠠᠵᠤ ᠪᠣᠯᠬᠤ ᠦᠭᠡᠢ᠂ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ ᠲᠦᠷᠭᠡᠨ | ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠳ | ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ᠬᠥᠮᠥᠨ ᠤ ᠬᠦᠴᠦᠨ ᠪᠣᠳᠠᠰ ᠤᠨ | ᠬᠦᠴᠦᠨ ᠤ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ | ᠪᠥᠭᠡᠳ ᠨᠠᠷᠢᠯᠢᠭ ᠠᠳᠬᠤᠵᠤ᠂ ᠴᠢᠬᠤᠯᠠ ᠠᠮᠢᠳᠤᠷᠠᠯ ᠤᠨ ᠡᠳ᠋ ᠪᠣᠳᠠᠰ ᠤᠨ ᠢᠷᠡᠯᠲᠡ ᠶᠢ ᠵᠣᠬᠢᠶᠠᠨ ᠪᠠᠶᠢᠭᠤᠯᠬᠤ᠂ | ᠨᠥᠭᠡᠴᠡᠯᠡᠬᠦ ᠶᠢ ᠴᠢᠩᠭᠠᠳᠬᠠᠨ᠂ ᠣᠳᠣᠬᠠᠨ ᠳᠤ 33 ᠭᠤᠣᠯᠳᠠᠯᠭ᠎ᠠ ᠲᠠᠢ ᠬᠠᠩᠭᠠᠯᠭ᠎ᠠ ᠬᠢᠵᠦ ᠪᠠᠶᠢᠭ᠎ᠠ | ᠬᠤᠳᠠᠯᠳᠤᠭᠠᠨ ᠤ ᠳᠡᠯᠭᠡᠭᠦᠷ᠂ ᠡᠬᠡ ᠨᠢᠯᠬᠠᠰ ᠤᠨ ᠬᠡᠷᠡᠭᠯᠡᠭᠡᠨ ᠤ ᠳᠡᠯᠭᠡᠭᠦᠷ᠂ ᠮᠢᠬᠠᠨ ᠤ ᠳᠡᠯᠭᠡᠭᠦᠷ᠂ ᠡᠮ ᠤᠨ | ᠳᠡᠯᠭᠡᠭᠦᠷ᠂ ᠠᠮᠤ ᠲᠣᠰᠣᠨ ᠤ ᠳᠡᠯᠭᠡᠭᠦᠷ ᠵᠡᠷᠭᠡ ᠶᠢᠨ ᠬᠠᠩᠭᠠᠯᠭ᠎ᠠ ᠬᠡᠪ ᠤᠨ ᠪᠠᠶᠢᠳᠠᠯ ᠲᠠᠢ ᠪᠠᠶᠢᠵᠤ᠂ ᠪᠥᠬᠦ | ᠬᠤᠰᠢᠭᠤᠨ ᠤ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠲᠠᠷᠠᠭᠠᠴᠢ ᠶᠢᠨ ᠡᠳ᠋ | ᠪᠣᠳᠠᠰ ᠤᠨ ᠪᠠᠲᠤᠯᠠᠭ᠎ᠠ ᠶᠢᠨ ᠠᠵᠢᠯ ᠢ ᠶᠠᠭ ᠡᠮᠬᠢ ᠵᠢᠷᠤᠮ ᠲᠠᠢ ᠨᠠᠶᠢᠳᠠᠪᠤᠷᠢᠵᠢᠭᠤᠯᠵᠤ ᠪᠠᠶᠢᠨ᠎ᠠ᠂ ᠣᠯᠠᠨ ᠢᠶᠠᠷ ᠢᠶᠠᠨ | ᠰᠠᠨᠠᠭ᠎ᠠ ᠠᠮᠤᠷ ᠪᠠᠶᠢᠭᠠᠷᠠᠢ︕ ᠬᠢᠵᠢᠭ ᠤᠨ ᠪᠠᠶᠢᠳᠠᠯ ᠤᠨ ᠡᠮᠦᠨ᠎ᠡ᠂ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ | ᠰᠦᠷᠲᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ | ᠴᠤᠤᠷᠬᠠᠯ ᠲᠠᠷᠬᠠᠭᠠᠬᠤ ᠦᠭᠡᠢ ᠪᠠᠶᠢᠵᠤ᠂ ᠬᠢᠵᠢᠭ ᠢ ᠡᠰᠡᠷᠭᠦᠴᠡᠬᠦ ᠠᠵᠢᠯᠯᠠᠭ᠎ᠠ ᠳᠤ ᠭᠡᠷᠡᠯ ᠭᠢᠯᠪᠠᠭ᠎ᠠ ᠨᠡᠮᠡᠷᠢᠯᠡᠬᠦ ᠶᠢ | ᠬᠦᠰᠡᠵᠦ ᠪᠠᠶᠢᠨ᠎ᠠ᠃ ᠪᠢᠳᠡ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠢᠵᠢᠭ ᠢ ᠡᠰᠡᠷᠭᠦᠴᠡᠬᠦ ᠳᠤ ᠣᠷᠣᠯᠴᠠᠬᠤ | ᠠᠵᠢᠯ ᠢ ᠰᠠᠶᠢᠲᠤᠷ ᠬᠢᠵᠡᠭᠡᠶ᠎ᠡ᠃ ᠡᠭᠦᠨ ᠤ ᠬᠠᠮᠲᠤ᠂ ᠤᠯᠠᠨ ᠢᠶᠠᠷ ᠢᠶᠠᠨ ᠬᠢᠨᠠᠯᠲᠠ ᠲᠠᠯᠪᠢᠵᠤ᠂ ᠢᠯᠡᠭᠦᠬᠡᠨ ᠰᠠᠨᠠᠯ | ᠰᠠᠨᠠᠭᠤᠯᠭ᠎ᠠ ᠳᠤᠷᠠᠳᠴᠤ᠂ ᠪᠢᠳᠡᠨ ᠤ ᠠᠷᠠᠳ ᠤᠯᠠᠨ ᠳᠤ ᠨᠡᠩ ᠰᠠᠶᠢᠨ ᠦᠢᠯᠡᠴᠢᠯᠡᠬᠦ ᠳᠤ ᠳᠡᠮᠵᠢᠯᠭᠡ ᠦᠵᠡᠭᠦᠯᠬᠦ ᠶᠢ | ᠬᠦᠰᠡᠵᠦ ᠪᠠᠶᠢᠨ᠎ᠠ᠃ | ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠪᠡᠯ ᠳᠠᠪᠠᠵᠤ ᠳᠡᠶᠢᠯᠬᠦ ᠦᠭᠡᠢ ᠪᠠᠷᠲᠠᠭ᠎ᠠ ᠭᠡᠵᠦ ᠪᠠᠶᠢᠬᠤ | ᠦᠭᠡᠢ ᠶᠤᠮ᠃ ᠪᠢᠳᠡ ︽ᠪᠥᠬᠦ ᠬᠤᠰᠢᠭᠤ ᠪᠠᠷ ᠢᠶᠠᠨ ᠨᠢᠭᠡ ᠬᠥᠯᠭᠡ ᠰᠢᠲᠠᠷ᠎ᠠ︾ ︽ᠪᠥᠬᠦ ᠠᠷᠠᠳ ᠢᠶᠠᠷ ᠢᠶᠠᠨ | ᠰᠡᠳᠬᠢᠯ ᠨᠢᠭᠡᠲᠡᠢ ᠪᠠᠶᠢᠬᠤ︾ ᠶᠢ ᠪᠠᠷᠢᠮᠲᠠᠯᠠᠨ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠨᠠᠷᠢᠯᠢᠭ ᠨᠠᠶᠢᠳᠠᠪᠤᠷᠢᠵᠢᠭᠤᠯᠵᠤ᠂ ᠬᠦᠴᠦ ᠪᠠᠨ ᠨᠢᠭᠡᠳᠬᠡᠨ᠂ ᠬᠥᠮᠥᠨ ᠪᠣᠯᠭᠠᠨ ᠬᠠᠷᠢᠭᠤᠴᠠᠯᠭ᠎ᠠ ᠪᠠᠨ ᠭᠦᠢᠴᠡᠳᠬᠡᠵᠦ᠂ | ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠲᠡᠮᠦᠷ ᠬᠡᠷᠡᠮ ᠪᠣᠯᠣᠳ ᠬᠠᠨ᠎ᠠ ᠶᠢ ᠦᠨᠡᠨ ᠬᠦ ᠴᠣᠭᠴᠠᠯᠠᠪᠠᠯ᠂ ᠯᠠᠪᠲᠠᠢ | ᠬᠠᠮᠤᠭ ᠤᠨ ᠪᠠᠭ᠎ᠠ ᠦᠨ᠎ᠡ ᠥᠷᠲᠡᠭ ᠢᠶᠠᠷ ᠬᠠᠮᠤᠭ ᠤᠨ ᠶᠡᠭᠡ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠣᠯᠵᠤ᠂ | ᠲᠤᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠲᠤᠶᠢᠯᠪᠤᠷᠢᠲᠠᠢ | ᠣᠯᠵᠤ ᠴᠢᠳᠠᠨ᠎ᠠ ᠭᠡᠳᠡᠭ ᠲᠤ ᠢᠲᠡᠭᠡᠵᠦ ᠪᠠᠶᠢᠨ᠎ᠠ᠃ | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 10 ᠰᠠᠷ᠎ᠠ ᠶᠢᠨ 8 ᠤ ᠡᠳᠦᠷ | | |