ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠠᠴᠠ ᠪᠣᠯᠵᠤ ᠰᠠᠭᠠᠲᠠᠭᠰᠠᠨ ᠵᠤᠭᠠᠴᠠᠭᠰᠠᠳ ᠨᠠᠶᠢᠵᠠ ᠨᠠᠷ ᠲᠤ ᠢᠯᠡᠭᠡᠭᠰᠡᠨ ᠵᠠᠬᠢᠳᠠᠯ
ᠨᠡᠶᠢᠲᠡᠯᠡᠭᠰᠡᠨ ᠴᠠᠭ᠄
2022/10/8
ᠮᠠᠨ ᠤ ᠬᠤᠰᠢᠭᠤᠨ ᠳᠤ ᠰᠠᠭᠠᠲᠠᠭᠰᠠᠨ ᠵᠤᠭᠠᠴᠠᠭᠰᠠᠳ ᠨᠠᠶᠢᠵᠠ ᠨᠠᠷ ᠡ᠄      ᠲᠠᠨᠠᠷ ᠰᠠᠶᠢᠨ ᠪᠠᠶᠢᠨᠠᠤ︕      ᠭᠡᠨᠡᠳᠲᠡ ᠶᠢᠨ ᠬᠢᠵᠢᠭ ᠤᠨ ᠨᠥᠯᠥᠭᠡ ᠠᠴᠠ ᠪᠣᠯᠵᠤ᠂ ᠲᠠᠨ ᠤ ᠰᠠᠶᠢᠨ ᠰᠠᠶᠢᠬᠠᠨ ᠠᠶᠠᠨ ᠵᠠᠮ ᠢ ᠰᠠᠭᠠᠲᠠᠭᠠᠵᠤ᠂ ᠲᠠᠨ ᠤ ᠭᠡᠷ ᠲᠡᠭᠡᠨ ᠬᠠᠷᠢᠬᠤ ᠠᠯᠬᠤᠮ ᠢ ᠤᠳᠠᠭᠠᠰᠢᠷᠠᠭᠤᠯᠵᠤ᠂ ᠲᠠᠨ ᠳᠤ ᠡᠯ᠎ᠡ ᠵᠦᠢᠯ ᠤᠨ ᠶᠠᠷᠰᠢᠭ ᠲᠦᠪᠡᠭ ᠢ ᠠᠪᠴᠢᠷᠠᠵᠤ ᠥᠭᠭᠦᠭᠰᠡᠨ ᠳᠤ ᠪᠢᠳᠡ ᠭᠦᠨ ᠣᠰᠣᠯ ᠬᠦᠯᠢᠶᠡᠵᠦ ᠪᠠᠶᠢᠨ᠎ᠠ︕ ᠡᠨᠡᠬᠦ ᠣᠨᠴᠠᠭᠠᠶ ᠴᠠᠭ ᠬᠤᠭᠤᠴᠠᠭᠠᠨ ᠳᠤ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠬᠦ ᠬᠦᠴᠦᠨ ᠢᠶᠠᠷ ᠢᠶᠠᠨ ᠬᠢᠵᠢᠭ ᠢ ᠡᠰᠡᠷᠭᠦᠴᠡᠨ᠂ ᠲᠠᠨ ᠤ ᠳᠡᠮᠵᠢᠨ ᠣᠶᠢᠯᠠᠭᠠᠬᠤ ᠪᠠ ᠬᠠᠮᠵᠢᠯᠴᠠᠭᠰᠠᠨ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠡ᠃      2022 ᠣᠨ ᠤ 10 ᠰᠠᠷ᠎ᠠ ᠶᠢᠨ 6 ᠤ ᠡᠳᠦᠷ᠂ ᠮᠠᠨ ᠤ ᠬᠤᠰᠢᠭᠤ ᠭᠤᠣᠯᠳᠠᠯᠭ᠎ᠠ ᠲᠠᠢ ᠬᠥᠮᠥᠰ ᠤᠨ ᠳᠤᠮᠳᠠ ᠠᠴᠠ ᠪᠥᠭᠡᠮ ᠬᠦᠴᠢᠯ ᠤᠨ ᠪᠠᠶᠢᠴᠠᠭᠠᠯᠲᠠ ᠨᠢ ᠠᠷᠭ᠎ᠠ ᠴᠢᠨᠠᠷᠲᠠᠢ 3 ᠬᠦᠮᠦᠨ ᠢ ᠪᠠᠶᠢᠴᠠᠭᠠᠨ ᠢᠯᠡᠷᠡᠭᠦᠯᠪᠡ᠃ ᠪᠢᠳᠡ ᠬᠠᠮᠤᠭ ᠤᠨ ᠲᠦᠷᠦᠭᠦᠨ ᠳᠤ ᠬᠠᠯᠳᠠᠪᠤᠷᠢᠲᠤ ᠡᠪᠡᠳᠴᠢᠨ ᠤ ᠡᠬᠢ ᠰᠤᠷᠪᠤᠯᠵᠢ ᠶᠢ ᠮᠦᠷᠳᠡᠬᠦ ᠠᠵᠢᠯ ᠢ ᠲᠦᠷᠭᠡᠨ ᠥᠷᠨᠢᠭᠦᠯᠵᠦ᠂ ᠠᠷᠭ᠎ᠠ ᠴᠢᠨᠠᠷᠲᠠᠢ 3 ᠬᠠᠯᠳᠠᠪᠤᠷᠢᠯᠠᠭᠰᠠᠳ ᠤᠨ 7 ᠡᠳᠦᠷ ᠤᠨ ᠳᠣᠲᠣᠷᠠᠬᠢ ᠠᠵᠢᠯᠯᠠᠭᠠᠨ ᠤ ᠵᠠᠮ ᠮᠥᠷ᠂ ᠬᠥᠮᠥᠰ ᠲᠠᠢ ᠣᠶᠢᠷᠠᠲᠤᠭᠰᠠᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠯᠳᠠᠪᠤᠷᠢᠯᠠᠯ ᠤᠨ ᠡᠬᠢ ᠰᠤᠷᠪᠤᠯᠵᠢ ᠪᠠ ᠲᠠᠷᠬᠠᠯᠲᠠ ᠶᠢᠨ ᠬᠡᠯᠬᠢᠶ᠎ᠡ ᠶᠢ ᠭᠦᠨᠵᠡᠭᠡᠢ ᠪᠠᠶᠢᠴᠠᠭᠠᠪᠠ᠃ ᠬᠤᠰᠢᠭᠤᠨ ᠤ ᠬᠡᠪᠴᠢᠶᠡᠨ ᠳᠤ ᠲᠦᠷ ᠴᠠᠭ ᠤᠨ ᠲᠣᠭᠲᠠᠩᠭᠤᠢ ᠬᠠᠮᠢᠶᠠᠷᠤᠯᠲᠠ ᠶᠢ ᠬᠡᠷᠡᠭᠵᠢᠭᠦᠯᠵᠦ᠂ 3 ᠡᠭᠡᠯᠵᠢ ᠶᠢᠨ ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠦᠭᠰᠡᠨ ᠤ ᠳ᠋ᠦᠩ ᠳᠤ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ 16 ᠪᠣᠯᠣᠨ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠯᠡ ᠬᠦᠨᠳᠦ ᠬᠡᠴᠡᠭᠦᠦ ᠪᠠᠶᠢᠨ᠎ᠠ᠃ 10 ᠰᠠᠷ᠎ᠠ ᠶᠢᠨ 10 ᠤ ᠡᠳᠦᠷ ᠤᠨ 0 ᠴᠠᠭ ᠠᠴᠠ 10 ᠰᠠᠷ᠎ᠠ ᠶᠢᠨ 13 ᠤ ᠡᠳᠦᠷ ᠤᠨ 0 ᠴᠠᠭ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ᠦᠷᠬᠦᠯᠵᠢᠯᠡᠨ 3 ᠡᠳᠦᠷ ᠤᠨ ᠲᠣᠭᠲᠠᠩᠭᠤᠢ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠣᠭᠲᠠᠪᠠ᠃      ᠬᠢᠵᠢᠭ ᠢ ᠰᠡᠷᠭᠡᠶᠢᠯᠡᠬᠦ ᠠᠵᠢᠯᠲᠠᠳ ᠡᠳᠦᠷ ᠪᠦᠷᠢ ᠨᠢᠭᠡ ᠯᠡ ᠠᠵᠢᠯ ᠢᠶᠠᠨ ᠳᠠᠬᠢᠨ ᠳᠠᠪᠲᠠᠨ ᠬᠢᠵᠦ᠂ ᠨᠡᠶᠢᠭᠡᠮ ᠲᠣᠭᠤᠷᠢᠭ ᠤᠨ ᠠᠵᠢᠯᠲᠠᠳ ᠤᠲᠠᠰᠤ ᠠᠪᠴᠤ ᠬᠤᠭᠤᠯᠠᠢ ᠪᠠᠨ ᠰᠥᠭᠡᠩᠭᠢ ᠪᠣᠯᠲᠠᠯ᠎ᠠ ᠶᠠᠷᠢᠵᠤ᠂ ᠡᠮᠦᠨ᠎ᠡ ᠹᠷᠤᠨᠲ ᠲᠤ ᠭᠦᠨᠵᠡᠭᠡᠶᠢᠷᠡᠭᠰᠡᠨ ᠨᠠᠮ ᠤᠨ ᠭᠡᠰᠢᠭᠦᠳ ︽ᠬᠢᠵᠢᠭ︾ ᠤᠨ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠵᠦ᠂ ᠥᠷᠭᠡᠨ ᠤᠯᠠᠨ ᠰᠠᠭᠤᠭᠠᠯᠢ ᠠᠷᠠᠳ ᠤᠬᠠᠮᠰᠠᠷ ᠠᠴᠠ ᠪᠠᠨ ᠪᠥᠭᠡᠮ ᠬᠦᠴᠢᠯ ᠤᠨ ᠪᠠᠶᠢᠴᠠᠭᠠᠯᠲᠠ ᠳᠤ ᠣᠷᠣᠯᠴᠠᠵᠤ ᠪᠣᠢ ᠁ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠨᠢᠭᠡ ᠡᠭᠡᠯᠵᠢ ᠶᠢᠨ ᠬᠢᠵᠢᠭ ᠤᠨ ᠪᠠᠶᠢᠳᠠᠯ ᠢ ᠠᠷᠭᠠᠴᠠᠬᠤ ᠳᠠᠶᠢᠯᠠᠯᠳᠤᠭᠠᠨ ᠳᠤ᠂ ᠵᠢᠷᠤᠭ ᠳᠦᠷᠰᠦ ᠨᠢᠭᠡᠪᠦᠷᠢ ᠨᠢ ᠲᠠᠨᠢᠯ ᠳᠠᠰᠤᠯ ᠰᠠᠨᠠᠭᠳᠠᠵᠤ᠂ ᠦᠵᠡᠭᠳᠡᠯ ᠨᠢᠭᠡᠪᠦᠷᠢ ᠨᠢ ᠴᠥᠮ ᠪᠢᠳᠡᠨ ᠤ ᠬᠢᠵᠢᠭ ᠲᠠᠢ ᠳᠠᠬᠢᠨᠲᠠ ᠲᠡᠮᠡᠴᠡᠬᠦ ᠲᠡᠮᠦᠷ ᠬᠡᠷᠡᠮ ᠪᠣᠯᠣᠳ ᠬᠠᠨ᠎ᠠ ᠶᠢ ᠪᠣᠰᠬᠠᠪᠠ᠃      10 ᠰᠠᠷ᠎ᠠ ᠶᠢᠨ 6 ᠤ ᠡᠳᠦᠷ ᠰᠢᠨ᠎ᠡ ᠨᠢᠭᠡᠨ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠰᠢᠨ᠎ᠡ ᠪᠠᠷᠭᠤ ᠪᠠᠷᠠᠭᠤᠨ ᠬᠤᠰᠢᠭᠤ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠣᠰᠣᠭᠠᠷ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ︽ᠨᠢᠭᠡ ᠴᠣᠭᠴᠠᠵᠢᠭᠤᠯᠤᠨ ᠣᠯᠠᠨ ᠡᠰᠢᠵᠢᠬᠦᠯᠬᠦ᠂ ᠬᠡᠪ ᠤᠨ ᠪᠠ ᠪᠠᠴᠢᠮ ᠪᠠᠶᠢᠳᠠᠯ ᠢ ᠤᠶᠠᠯᠳᠤᠭᠤᠯᠬᠤ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠠᠭᠪᠤᠷ ᠢ ᠪᠠᠶᠢᠭᠤᠯᠤᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠴᠢᠮᠲᠡᠢ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠪᠠ᠃      ᠥᠨᠥᠳᠥᠷ᠂ ᠮᠠᠨ ᠤ ᠪᠠᠴᠢᠮ ᠪᠠᠶᠢᠳᠠᠯ ᠢ ᠠᠷᠭᠠᠴᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠤᠯᠠᠮ ᠪᠠᠬᠢᠵᠢᠵᠦ᠂ ᠰᠡᠷᠭᠡᠶᠢᠯᠡᠨ ᠡᠵᠡᠮᠳᠡᠬᠦ ᠲᠣᠭᠲᠠᠴᠠ᠂ ᠰᠡᠷᠭᠡᠶᠢᠯᠡᠨ ᠡᠵᠡᠮᠳᠡᠬᠦ ᠠᠷᠭ᠎ᠠ ᠬᠡᠯᠪᠡᠷᠢ ᠤᠳᠠᠭ᠎ᠠ ᠪᠦᠷᠢ ᠶᠢᠨ ︽ᠳᠠᠷᠤᠯᠲᠠ  ᠶᠢᠨ ᠰᠣᠷᠢᠯᠲᠠ︾ ᠬᠢᠬᠦ ᠶᠠᠪᠤᠴᠠ ᠳᠤ ᠲᠠᠰᠤᠷᠠᠯᠲᠠ ᠦᠭᠡᠢ ᠲᠡᠭᠦᠯᠳᠡᠷᠵᠢᠵᠦ ᠪᠠᠶᠢᠨ᠎ᠠ᠂ ᠪᠢᠳᠡ ︽ᠬᠥᠬᠡᠮᠳᠦᠭ ᠠᠭᠤᠯᠠ ᠶᠢ ᠴᠢᠩᠭ᠎ᠠ ᠪᠠᠷᠢᠬᠤ︾ ᠵᠣᠷᠢᠭ ᠰᠠᠨᠠᠭ᠎ᠠ ᠪᠠ ︽ᠪᠡᠷᠬᠡ ᠬᠠᠲᠠᠭᠤᠵᠢᠯᠲᠠᠢ ᠪᠣᠯᠬᠤ ᠲᠤᠲᠤᠮ ᠤᠯᠠᠮ ᠴᠢᠷᠮᠠᠶᠢᠨ ᠤᠷᠤᠭᠰᠢᠯᠠᠬᠤ︾ ᠡᠷᠡᠰ ᠵᠣᠷᠢᠭ ᠢᠶᠠᠷ᠂ ᠯᠠᠪᠲᠠᠢ ᠶᠡᠷᠦ ᠪᠤᠰᠤ ᠶᠢᠨ ᠠᠮᠵᠢᠯᠲᠠ ᠪᠦᠲᠦᠮᠵᠢ ᠶᠢ ᠦᠷᠭᠦᠯᠵᠢᠯᠡᠨ ᠪᠢᠴᠢᠭᠯᠡᠵᠦ ᠴᠢᠳᠠᠨ᠎ᠠ ᠭᠡᠳᠡᠭ ᠲᠤ ᠢᠲᠡᠭᠡᠵᠦ ᠪᠠᠶᠢᠨ᠎ᠠ᠃      ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠪᠠᠶᠢᠯᠭᠠᠬᠤ ᠳᠤ ᠲᠦᠰᠢᠭᠯᠡᠨ᠎ᠡ᠃ ︽ᠬᠢᠵᠢᠭ︾ ᠲᠠᠢ ᠲᠡᠮᠡᠴᠡᠬᠦ ᠪᠣᠯ ᠨᠢᠭᠡᠨ ᠤᠳᠠᠭᠠᠨ ᠤ ᠤᠬᠠᠭᠠᠨ ᠵᠣᠷᠢᠭ ᠤᠨ ᠲᠡᠮᠡᠴᠡᠯ ᠶᠤᠮ᠂ ᠪᠦᠳᠦᠭᠦᠯᠢᠭ ᠢᠶᠠᠷ ᠠᠵᠢᠯᠯᠠᠬᠤ ᠳᠤ ᠲᠦᠰᠢᠭᠯᠡᠭᠡᠳ ᠪᠣᠯᠬᠤ ᠦᠭᠡᠢ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠬᠤ ᠴᠢᠬᠤᠯᠠᠲᠠᠢ᠃ ᠪᠢᠳᠡ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠨ᠂ ᠬᠢᠵᠢᠭ ᠤᠨ ᠪᠠᠶᠢᠳᠠᠯ ᠢ ᠣᠨᠣᠪᠴᠢᠲᠠᠢ ᠡᠵᠡᠮᠳᠡᠬᠦ ᠪᠠᠷ ᠪᠠᠷᠠᠬᠤ ᠦᠭᠡᠢ᠂ ᠪᠠᠰᠠ ᠰᠡᠷᠭᠡᠶᠢᠯᠡᠨ ᠡᠵᠡᠮᠳᠡᠬᠦ ᠠᠵᠢᠯ ᠤᠨ ᠶᠠᠪᠤᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠵᠢᠭᠰᠠᠭᠠᠨ ᠪᠠᠶᠢᠴᠠᠭᠠᠬᠤ᠂ ᠤᠷᠢᠳᠴᠢᠯᠠᠨ ᠰᠡᠷᠡᠮᠵᠢᠯᠡᠭᠦᠯᠬᠦ ᠪᠠ᠂ ᠭᠥᠯᠢᠶᠡᠨ ᠠᠪᠴᠤ ᠵᠠᠰᠠᠬᠤ ᠵᠡᠷᠭᠡ ᠠᠵᠢᠯ ᠢ ᠰᠢᠰᠲ᠋ᠧᠮ ᠲᠠᠢ ᠰᠠᠶᠢᠲᠤᠷ ᠬᠢᠵᠦ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠮᠠᠨ ᠤ ᠬᠤᠰᠢᠭᠤ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠢ ᠦᠳᠲᠡᠷ ᠲᠦᠷᠭᠡᠨ ᠥᠨᠳᠥᠷ ᠪᠦᠲᠦᠮᠵᠢᠲᠡᠶ ᠪᠠᠷ ᠬᠤᠪᠢᠶᠠᠷᠢᠯᠠᠨ ᠲᠣᠭᠲᠠᠭᠠᠵᠤ᠂ ᠣᠷᠣᠨ ᠲᠠᠰ ᠬᠤᠪᠢᠶᠠᠨ ᠨᠠᠷᠢᠯᠢᠭ ᠣᠨᠣᠪᠴᠢᠲᠠᠢ ᠬᠠᠮᠢᠶᠠᠷᠤᠨ ᠡᠵᠡᠮᠳᠡᠵᠦ᠂ ᠰᠡᠷᠭᠡᠶᠢᠯᠡᠨ ᠡᠵᠡᠮᠳᠡᠬᠦ ᠠᠵᠢᠯ ᠢ ᠨᠠᠩ ᠢᠯᠡᠭᠦᠦ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠲᠠᠢ ᠪᠣᠯᠭᠠᠬᠤ ᠶᠢᠨ ᠬᠠᠮᠲᠤ᠂ ︽ᠬᠥᠮᠥᠨ᠂ ᠪᠣᠳᠠᠰ᠂ ᠣᠷᠴᠢᠨ ᠲᠣᠭᠤᠷᠢᠨ ᠢ ᠬᠠᠮᠲᠤ ᠳᠤᠨᠢ ᠰᠡᠷᠭᠡᠶᠢᠯᠡᠬᠦ︾ ᠪᠦᠬᠦᠨ ᠢ ᠪᠢᠲᠡᠭᠦᠮᠵᠢᠯᠡᠬᠦ᠂ ᠣᠷᠬᠢᠭᠲᠠᠭᠤᠯᠬᠤ ᠦᠭᠡᠢ᠂ ᠬᠠᠮᠢᠶᠠᠷᠤᠯᠲᠠ ᠠᠴᠠ ᠰᠠᠯᠭᠠᠬᠤ ᠦᠭᠡᠢ ᠪᠠᠶᠢᠬᠤ ᠶᠢ ᠪᠠᠷᠢᠮᠲᠠᠯᠠᠨ᠂ ᠦᠨᠳᠦᠰᠦᠨ ᠱᠠᠲᠤᠨ ᠤ ᠵᠠᠰᠠᠬᠤ ᠴᠢᠳᠠᠪᠤᠷᠢ ᠪᠠ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠤᠭ ᠤᠨ ᠪᠠᠭ᠎ᠠ ᠨᠢᠭᠡᠴᠡ ᠬᠦᠷᠲᠡᠯ᠎ᠡ ᠨᠠᠶᠢᠳᠠᠪᠤᠷᠢᠵᠢᠭᠤᠯᠪᠠ᠃ ᠦᠷᠭᠡᠨ ᠣᠯᠠᠨ ᠲᠦᠮᠡᠨ ᠵᠢᠯᠣᠭᠤᠳᠤᠯᠭ᠎ᠠ ᠶᠢ ᠳᠠᠭᠠᠵᠤ᠂ ᠭᠡᠷ ᠲᠡᠭᠡᠨ ᠲᠣᠭᠲᠠᠩᠭᠤᠢ ᠬᠠᠮᠢᠶᠠᠷᠤᠯᠲᠠ ᠶᠢ ᠬᠦᠯᠢᠶᠡᠵᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ︽ᠰᠡᠷᠭᠡᠶᠢᠯᠡᠯᠲᠡ ᠶᠢᠨ ᠬᠡᠷᠡᠮ︾ ᠢ ᠪᠠᠶᠢᠭᠤᠯᠬᠤ ᠶᠢ ᠬᠦᠰᠡᠵᠦ ᠪᠠᠶᠢᠨ᠎ᠠ᠃      ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠰᠡᠳᠬᠢᠯ ᠨᠢᠭᠡᠳᠦᠨ ᠬᠦᠴᠦ ᠪᠠᠨ ᠲᠥᠪᠯᠡᠷᠡᠭᠦᠯᠬᠦ ᠳᠤ ᠲᠦᠰᠢᠭᠯᠡᠨ᠎ᠡ᠃ ᠪᠢᠳᠡᠨ ᠤ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠭᠰᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ᠂ ᠡᠪᠡᠳᠴᠢᠨ ᠤ ᠡᠬᠢ ᠰᠤᠷᠪᠤᠯᠵᠢ ᠶᠢ ᠮᠦᠷᠳᠡᠨ ᠪᠠᠶᠢᠴᠠᠭᠠᠬᠤ᠂ ᠰᠠᠭᠤᠭᠠᠯᠢ ᠲᠣᠭᠤᠷᠢᠭ ᠲᠤ ᠵᠢᠵᠢᠭᠦᠷᠯᠡᠬᠦ᠂ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠨ ᠵᠢᠴᠢ ᠰᠠᠨᠠᠭᠠᠴᠢᠯᠠᠭ᠎ᠠ ᠠᠴᠠ ᠪᠠᠨ ᠬᠢᠵᠢᠭ ᠢ ᠰᠡᠷᠭᠡᠶᠢᠯᠡᠬᠦ ᠠᠵᠢᠯ ᠢ ᠳᠡᠮᠵᠢᠭᠰᠡᠨ ᠪᠠ ᠣᠷᠣᠯᠴᠠᠭᠰᠠᠨ ᠬᠥᠮᠥᠨ ᠪᠦᠬᠦᠨ ᠴᠥᠮ ᠪᠢᠳᠡᠨ ᠤ ᠬᠢᠵᠢᠭ ᠤᠨ ᠪᠠᠶᠢᠳᠠᠯ ᠢ ᠠᠷᠭᠠᠴᠠᠬᠤ ᠪᠠᠲᠤ ᠴᠢᠩᠭ᠎ᠠ ᠲᠤᠯᠭᠠᠭᠤᠷᠢᠯᠠᠯ ᠪᠣᠯᠣᠨ᠎ᠠ᠃ ᠥᠷᠭᠡᠨ ᠣᠯᠠᠨ ᠰᠠᠭᠤᠭᠠᠯᠢ ᠠᠷᠠᠳ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠴᠤ᠂ ᠠᠵᠢᠯᠲᠠᠨ ᠤ ᠰᠢᠷᠭᠠᠭᠤ ᠴᠢᠷᠮᠠᠶᠢᠯᠭ᠎ᠠ ᠶᠢ ᠣᠶᠢᠯᠠᠭᠠᠨ᠂ ᠨᠠᠰᠤᠲᠠᠶᠢᠴᠤᠳ ᠢ ᠲᠡᠳᠬᠦᠨ ᠪᠠᠭᠤᠷᠠᠶᠢᠴᠤᠤᠯ ᠢ ᠲᠤᠰᠠᠯᠠᠵᠤ᠂ ᠡᠮᠬᠢ ᠳᠢᠭᠯᠢᠮ ᠢ ᠬᠠᠮᠠᠭᠠᠯᠠᠨ᠂ ᠴᠠᠭ ᠤᠨ ᠲᠣᠬᠢᠷᠠᠭᠤᠯᠤᠯᠲᠠ ᠶᠣᠰᠣᠭᠠᠷ ᠲᠣᠭᠲᠠᠩᠭᠤᠢ ᠬᠠᠮᠢᠶᠠᠷᠤᠯᠲᠠ ᠶᠢᠨ ᠣᠷᠣᠨ ᠤ ᠪᠥᠭᠡᠮ ᠬᠦᠴᠢᠯ ᠤᠨ ᠪᠠᠶᠢᠴᠠᠭᠠᠯᠲᠠ ᠶᠢ ᠥᠨᠳᠥᠷ ᠪᠦᠲᠦᠮᠵᠢᠲᠡᠶ ᠪᠡᠶᠡᠯᠡᠭᠦᠯᠬᠦ ᠶᠢ ᠬᠦᠰᠡᠵᠦ ᠪᠠᠶᠢᠨ᠎ᠠ᠃      ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠬᠤᠪᠢ ᠬᠥᠮᠥᠨ ᠤ ᠬᠠᠮᠠᠭᠠᠯᠠᠯᠲᠠ ᠳᠤ ᠲᠦᠰᠢᠭᠯᠡᠨ᠎ᠡ᠃ ᠠᠮᠠᠪᠴᠢ ᠵᠡᠭᠦᠬᠦ ᠪᠣᠯ ᠬᠢᠵᠢᠭ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ ᠠᠷᠭ᠎ᠠ ᠭᠡᠰᠡᠨ ᠢ ᠤᠳᠠᠭ᠎ᠠ ᠪᠦᠷᠢ ᠶᠢᠨ ᠲᠤᠷᠰᠢᠯᠭ᠎ᠠ ᠪᠢᠳᠡᠨ ᠳᠤ ᠬᠡᠯᠡᠵᠦ ᠥᠭᠭᠦᠭᠰᠡᠨ ᠪᠢᠯᠡ᠂ ᠡᠶᠢᠮᠦ ᠠᠴᠠ ᠪᠢᠳᠡ ᠡᠷᠬᠡᠪᠰᠢ ᠵᠢᠷᠤᠮᠯᠠᠨ ᠰᠠᠬᠢᠬᠤ ᠬᠡᠷᠡᠭᠲᠡᠢ᠃ ᠡᠩ ᠤᠨ ᠴᠠᠭ ᠲᠤ ᠢᠯᠡᠭᠦᠬᠡᠨ ᠴᠤᠭᠯᠠᠷᠠᠨ᠂ ᠬᠢᠵᠢᠭ ᠳᠡᠯᠭᠡᠷᠡᠭᠰᠡᠨ ᠦᠶ᠎ᠡ ᠳᠤ ᠢᠯᠡᠭᠦᠬᠡᠨ ᠲᠣᠭᠲᠠᠩᠭᠤᠢ ᠪᠠᠶᠢᠵᠤ᠂ ᠡᠬᠢ ᠡᠭᠦᠰᠦᠯ ᠢ ᠨᠢ ᠪᠠᠶᠢᠴᠠᠭᠠᠨ ᠲᠣᠳᠣᠯᠠᠬᠤ ᠠᠴᠠ ᠡᠮᠦᠨ᠎ᠡ ᠥᠯᠥ ᠮᠡᠳᠡᠭᠳᠡᠬᠦ ᠨᠡᠶᠢᠭᠡᠮ ᠤᠨ ᠬᠡᠪᠴᠢᠶᠡᠨ ᠳᠤ ᠳᠡᠯᠭᠡᠷᠡᠬᠦ ᠶᠢ ᠰᠡᠷᠭᠡᠶᠢᠯᠡᠬᠦ ᠶᠢᠨ ᠲᠥᠯᠥᠭᠡ᠂ ᠪᠥᠭᠡᠮᠨᠡᠷᠡᠬᠦ ᠦᠭᠡᠢ᠂ ᠬᠤᠷᠠᠨ ᠴᠤᠭᠯᠠᠷᠠᠬᠤ ᠦᠭᠡᠢ ᠪᠠᠶᠢᠬᠤ ᠲᠣᠭᠲᠠᠭᠠᠯ  ᠢ ᠴᠢᠩᠭ᠎ᠠ ᠵᠢᠷᠤᠮᠯᠠᠨ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠤ ᠵᠣᠷᠢᠭ ᠢ ᠨᠢᠭᠡᠳᠬᠡᠨ᠂ ᠬᠠᠮᠲᠤ ᠪᠠᠷ ︽ᠬᠢᠵᠢᠭ︾ ᠢ ᠡᠰᠡᠷᠭᠦᠴᠡᠬᠦ ᠶᠢ ᠬᠦᠰᠡᠵᠦ ᠪᠠᠶᠢᠨ᠎ᠠ᠃      ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠡᠴᠦᠰ ᠲᠤᠨᠢ ᠲᠤᠯᠲᠠᠯ᠎ᠠ ᠪᠠᠷᠢᠮᠲᠠᠯᠠᠬᠤ ᠳᠤ ᠲᠦᠰᠢᠭᠯᠡᠨ᠎ᠡ᠃ ᠬᠢᠵᠢᠭ ᠢ ᠡᠰᠡᠷᠭᠦᠴᠡᠬᠦ ᠪᠣᠯ ᠨᠢᠭᠡᠨ ᠤᠳᠠᠭᠠᠨ ᠤ ᠳᠠᠭᠠᠭᠠᠮᠠᠭᠠᠢ ᠭᠦᠶᠦᠯᠲᠡ ᠪᠣᠯᠬᠤᠷ ᠵᠣᠭᠰᠣᠩᠭᠢᠷᠠᠬᠤ ᠪᠤᠶᠤ ᠰᠤᠯᠠᠷᠠᠵᠤ ᠪᠣᠯᠬᠤ ᠦᠭᠡᠢ᠂  ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ᠬᠥᠮᠥᠨ ᠤ ᠬᠦᠴᠦᠨ ᠪᠣᠳᠠᠰ ᠤᠨ ᠬᠦᠴᠦᠨ ᠤ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠴᠢᠬᠤᠯᠠ ᠠᠮᠢᠳᠤᠷᠠᠯ ᠤᠨ ᠡᠳ᠋ ᠪᠣᠳᠠᠰ ᠤᠨ ᠢᠷᠡᠯᠲᠡ ᠶᠢ ᠵᠣᠬᠢᠶᠠᠨ ᠪᠠᠶᠢᠭᠤᠯᠬᠤ᠂ ᠨᠥᠭᠡᠴᠡᠯᠡᠬᠦ ᠶᠢ ᠴᠢᠩᠭᠠᠳᠬᠠᠨ᠂ ᠣᠳᠣᠬᠠᠨ ᠳᠤ 33 ᠭᠤᠣᠯᠳᠠᠯᠭ᠎ᠠ ᠲᠠᠢ ᠬᠠᠩᠭᠠᠯᠭ᠎ᠠ ᠬᠢᠵᠦ ᠪᠠᠶᠢᠭ᠎ᠠ ᠬᠤᠳᠠᠯᠳᠤᠭᠠᠨ ᠤ ᠳᠡᠯᠭᠡᠭᠦᠷ᠂ ᠡᠬᠡ ᠨᠢᠯᠬᠠᠰ ᠤᠨ ᠬᠡᠷᠡᠭᠯᠡᠭᠡᠨ ᠤ ᠳᠡᠯᠭᠡᠭᠦᠷ᠂ ᠮᠢᠬᠠᠨ ᠤ ᠳᠡᠯᠭᠡᠭᠦᠷ᠂ ᠡᠮ ᠤᠨ ᠳᠡᠯᠭᠡᠭᠦᠷ᠂ ᠠᠮᠤ ᠲᠣᠰᠣᠨ ᠤ ᠳᠡᠯᠭᠡᠭᠦᠷ ᠵᠡᠷᠭᠡ ᠶᠢᠨ ᠬᠠᠩᠭᠠᠯᠭ᠎ᠠ ᠬᠡᠪ ᠤᠨ ᠪᠠᠶᠢᠳᠠᠯ ᠲᠠᠢ ᠪᠠᠶᠢᠵᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠲᠠᠷᠠᠭᠠᠴᠢ ᠶᠢᠨ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠶᠠᠭ ᠡᠮᠬᠢ ᠵᠢᠷᠤᠮ ᠲᠠᠢ ᠨᠠᠶᠢᠳᠠᠪᠤᠷᠢᠵᠢᠭᠤᠯᠵᠤ ᠪᠠᠶᠢᠨ᠎ᠠ᠂ ᠣᠯᠠᠨ ᠢᠶᠠᠷ ᠢᠶᠠᠨ ᠰᠠᠨᠠᠭ᠎ᠠ ᠠᠮᠤᠷ ᠪᠠᠶᠢᠭᠠᠷᠠᠢ︕ ᠬᠢᠵᠢᠭ ᠤᠨ ᠪᠠᠶᠢᠳᠠᠯ ᠤᠨ ᠡᠮᠦᠨ᠎ᠡ᠂ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠵᠤ᠂ ᠬᠢᠵᠢᠭ ᠢ ᠡᠰᠡᠷᠭᠦᠴᠡᠬᠦ ᠠᠵᠢᠯᠯᠠᠭ᠎ᠠ ᠳᠤ ᠭᠡᠷᠡᠯ ᠭᠢᠯᠪᠠᠭ᠎ᠠ ᠨᠡᠮᠡᠷᠢᠯᠡᠬᠦ ᠶᠢ ᠬᠦᠰᠡᠵᠦ ᠪᠠᠶᠢᠨ᠎ᠠ᠃ ᠪᠢᠳᠡ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠢᠵᠢᠭ ᠢ ᠡᠰᠡᠷᠭᠦᠴᠡᠬᠦ ᠳᠤ ᠣᠷᠣᠯᠴᠠᠬᠤ ᠠᠵᠢᠯ ᠢ ᠰᠠᠶᠢᠲᠤᠷ ᠬᠢᠵᠡᠭᠡᠶ᠎ᠡ᠃ ᠡᠭᠦᠨ ᠤ ᠬᠠᠮᠲᠤ᠂ ᠤᠯᠠᠨ ᠢᠶᠠᠷ ᠢᠶᠠᠨ ᠬᠢᠨᠠᠯᠲᠠ ᠲᠠᠯᠪᠢᠵᠤ᠂ ᠢᠯᠡᠭᠦᠬᠡᠨ ᠰᠠᠨᠠᠯ ᠰᠠᠨᠠᠭᠤᠯᠭ᠎ᠠ ᠳᠤᠷᠠᠳᠴᠤ᠂ ᠪᠢᠳᠡᠨ ᠤ ᠠᠷᠠᠳ ᠤᠯᠠᠨ ᠳᠤ ᠨᠡᠩ ᠰᠠᠶᠢᠨ ᠦᠢᠯᠡᠴᠢᠯᠡᠬᠦ ᠳᠤ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃      ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠪᠡᠯ ᠳᠠᠪᠠᠵᠤ ᠳᠡᠶᠢᠯᠬᠦ ᠦᠭᠡᠢ ᠪᠠᠷᠲᠠᠭ᠎ᠠ ᠭᠡᠵᠦ ᠪᠠᠶᠢᠬᠤ ᠦᠭᠡᠢ ᠶᠤᠮ᠃ ᠪᠢᠳᠡ ︽ᠪᠥᠬᠦ ᠬᠤᠰᠢᠭᠤ ᠪᠠᠷ ᠢᠶᠠᠨ ᠨᠢᠭᠡ ᠬᠥᠯᠭᠡ ᠰᠢᠲᠠᠷ᠎ᠠ︾ ︽ᠪᠥᠬᠦ ᠠᠷᠠᠳ ᠢᠶᠠᠷ ᠢᠶᠠᠨ ᠰᠡᠳᠬᠢᠯ ᠨᠢᠭᠡᠲᠡᠢ ᠪᠠᠶᠢᠬᠤ︾ ᠶᠢ ᠪᠠᠷᠢᠮᠲᠠᠯᠠᠨ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠬᠦᠴᠦ ᠪᠠᠨ ᠨᠢᠭᠡᠳᠬᠡᠨ᠂ ᠬᠥᠮᠥᠨ ᠪᠣᠯᠭᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠲᠡᠮᠦᠷ ᠬᠡᠷᠡᠮ ᠪᠣᠯᠣᠳ ᠬᠠᠨ᠎ᠠ ᠶᠢ ᠦᠨᠡᠨ ᠬᠦ ᠴᠣᠭᠴᠠᠯᠠᠪᠠᠯ᠂ ᠯᠠᠪᠲᠠᠢ ᠬᠠᠮᠤᠭ ᠤᠨ ᠪᠠᠭ᠎ᠠ ᠦᠨ᠎ᠡ ᠥᠷᠲᠡᠭ ᠢᠶᠠᠷ ᠬᠠᠮᠤᠭ ᠤᠨ ᠶᠡᠭᠡ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠣᠯᠵᠤ᠂ ᠲᠤᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠲᠤᠶᠢᠯᠪᠤᠷᠢᠲᠠᠢ ᠣᠯᠵᠤ ᠴᠢᠳᠠᠨ᠎ᠠ ᠭᠡᠳᠡᠭ ᠲᠤ ᠢᠲᠡᠭᠡᠵᠦ ᠪᠠᠶᠢᠨ᠎ᠠ᠃               ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                              2022 ᠣᠨ ᠤ 10 ᠰᠠᠷ᠎ᠠ ᠶᠢᠨ 8 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号