ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 20 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/10/9
       10 ᠰᠠᠷ᠎ᠠ ᠶᠢᠨ 8 ᠤ ᠡᠳᠦᠷ ᠤᠨ 6 ᠴᠠᠭ ᠠᠴᠠ 12 ᠴᠠᠭ ᠤᠨ ᠬᠤᠭᠤᠷᠣᠨᠳᠤ᠂ ᠮᠠᠨ ᠤ ᠬᠤᠰᠢᠭᠤ ᠬᠤᠶᠠᠳᠤᠭᠠᠷ ᠡᠭᠡᠯᠵᠢ ᠶᠢᠨ ᠣᠷᠣᠨ ᠪᠦᠰᠡ ᠶᠢᠨ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠥᠷᠨᠢᠭᠦᠯᠵᠦ᠂ ᠮᠠᠨ ᠤ ᠬᠤᠰᠢᠭᠤᠨ ᠤ ᠬᠠᠷᠢᠶ᠎ᠠ ᠣᠷᠣᠨ ᠳᠤ ᠰᠠᠭᠤᠭ᠎ᠠ ᠪᠣᠶ ᠪᠦᠬᠦᠢ ᠬᠥᠮᠥᠰ ︵ᠲᠣᠰ ᠭᠠᠵᠠᠷ ᠤᠨ ᠪᠠᠶᠢᠩᠭᠤ ᠰᠠᠭᠤᠭ᠎ᠠ ᠬᠥᠮᠥᠨ ᠠᠮᠠ᠂ ᠲᠦᠷ ᠴᠠᠭ ᠤᠨ ᠨᠡᠭᠦᠳᠡᠯ ᠬᠥᠮᠥᠨ ᠠᠮᠠ᠂ ᠭᠠᠳᠠᠨ᠎ᠠ ᠣᠷᠣᠨ ᠤ ᠬᠦᠮᠦᠰ ᠵᠡᠷᠭᠡ ᠪᠠᠭᠲᠠᠨ᠎ᠠ︶ ᠰᠢᠯᠭᠠᠨ ᠪᠠᠶᠢᠴᠠᠭᠠᠯᠲᠠ ᠳᠤ ᠣᠷᠣᠯᠴᠠᠵᠤ᠂ ᠨᠡᠶᠢᠲᠡ 40448 ᠬᠦᠮᠦᠨ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠳᠤ ᠪᠢᠯᠢᠭ ᠴᠢᠨᠠᠷᠲᠠᠢ 40445 ᠬᠥᠮᠥᠨ ᠪᠠᠶᠢᠵᠤ᠂ ᠲᠦᠪᠯᠡᠷᠡᠭᠦᠯᠦᠨ ᠬᠠᠮᠢᠶᠠᠷᠤᠨ ᠡᠵᠡᠮᠳᠡᠵᠦ ᠪᠠᠶᠢᠭ᠎ᠠ ᠬᠦᠮᠦᠰ ᠠᠴᠠ ᠠᠷᠭ᠎ᠠ ᠴᠢᠨᠠᠷᠲᠠᠢ 3 ᠬᠥᠮᠥᠨ ᠰᠢᠨ᠎ᠡ ᠪᠠᠷ ᠨᠡᠮᠡᠭᠳᠡᠵᠦ᠂ ᠨᠡᠶᠢᠲᠡ ᠠᠷᠭ᠎ᠠ ᠴᠢᠨᠠᠷᠲᠠᠢ 11 ᠬᠥᠮᠥᠨ ᠪᠣᠯᠵᠤ ᠨᠡᠮᠡᠭᠳᠡᠪᠡ᠃        ᠣᠳᠣᠬᠠᠨ ᠳᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠶᠡᠷᠦᠩᠬᠡᠢ ᠳᠡᠭᠡᠨ ᠡᠵᠡᠮᠳᠡᠵᠦ ᠪᠣᠯᠬᠤ ᠪᠣᠯᠪᠠᠴᠤ᠂ ᠲᠦᠭᠰᠢᠭᠦᠷᠢ ᠮᠥᠨ ᠣᠷᠣᠰᠢᠭᠰᠠᠭᠠᠷ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠡᠷᠬᠡᠪᠰᠢ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠠᠷᠠᠳ ᠢᠷᠭᠡᠳ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠲᠣᠭᠲᠠᠩᠭᠤᠢ ᠬᠤᠭᠤᠴᠠᠭᠠᠨ ᠳᠠᠬᠢ ᠬᠠᠮᠢᠶᠠᠷᠤᠯᠲᠠ ᠳᠤ ᠰᠠᠶᠢᠲᠤᠷ ᠬᠠᠮᠵᠢᠯᠴᠠᠵᠤ᠂ ᠲᠠᠷᠠᠭᠠᠴᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠨ᠂ ᠪᠦᠭᠡᠮᠨᠡᠷᠡᠨ ᠴᠤᠭᠯᠠᠷᠠᠬᠤ ᠦᠭᠡᠢ᠂ ᠨᠡᠶᠢᠭᠡᠮ ᠤᠨ ᠬᠠᠷᠢᠯᠴᠠᠭᠠᠨ ᠤ 1 ᠮᠧᠲᠷ ᠤᠨ ᠵᠠᠢ ᠶᠢ ᠪᠠᠲᠤᠯᠠᠵᠤ᠂ ᠪᠡᠶ᠎ᠡ ᠶᠢᠨ ᠳᠤᠯᠠᠭᠠᠨ ᠬᠡᠮᠵᠢᠬᠦ᠂ ᠺᠣᠳ᠋ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠢᠳᠡᠪᠬᠢᠲᠡᠢ ᠬᠠᠮᠵᠢᠯᠴᠠᠨ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠳᠠᠮᠵᠢᠭᠤᠯᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃               ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                2022 ᠣᠨ ᠤ 10 ᠰᠠᠷ᠎ᠠ ᠶᠢᠨ 9 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号