ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 21 ᠳ᠋ᠦ᠋ᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/10/9
       ᠬᠢᠵᠢᠭ ᠤᠨ ᠪᠠᠶᠢᠳᠠᠯ ᠲᠠᠷᠬᠠᠬᠤ ᠠᠶᠤᠯ ᠲᠦᠭᠰᠢᠭᠦᠷᠢ ᠶᠢ ᠤᠯᠠᠮ ᠴᠢᠨᠠᠭᠰᠢᠳᠠ ᠪᠦᠲᠦᠮᠵᠢᠲᠡᠶ ᠬᠤᠷᠢᠭᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ 2022 ᠣᠨ ᠤ 10 ᠰᠠᠷ᠎ᠠ ᠶᠢᠨ 9 ᠤ ᠡᠳᠦᠷ ᠤᠨ 16 ᠴᠠᠭ ᠠᠴᠠ ᠡᠬᠢᠯᠡᠨ᠂ ᠮᠠᠨ ᠤ ᠬᠤᠰᠢᠭᠤᠨ ᠤ ᠬᠡᠰᠡᠭ ᠣᠷᠣᠨ ᠪᠦᠰᠡ ᠶᠢᠨ ᠠᠶᠤᠯ ᠲᠦᠭᠰᠢᠭᠦᠷᠢ ᠶᠢᠨ ᠲᠠᠰ ᠲᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ᠄         ᠶᠢᠨ ᠰᠧ ᠱᠢ ᠵᠢᠶᠠ ᠰᠠᠭᠤᠭᠠᠯᠢ ᠲᠣᠭᠤᠷᠢᠭ ᠢ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠪᠣᠯᠭᠠᠨ ᠬᠤᠪᠢᠶᠠᠷᠢᠯᠠᠨ ᠲᠣᠭᠲᠠᠭᠠᠵᠤ᠂ ︽ᠭᠡᠷ ᠠᠴᠠ ᠪᠠᠨ ᠥᠯᠥ ᠭᠠᠷᠬᠤ᠂ ᠭᠡᠷ ᠲᠤᠨᠢ ᠬᠦᠷᠴᠦ ᠦᠢᠯᠡᠴᠢᠯᠡᠬᠦ︾ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃        ᠣᠳᠣᠬᠠᠨ ᠳᠤ᠂ ᠮᠠᠨ ᠤ ᠬᠤᠰᠢᠭᠤᠨ ᠳᠤ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠨᠡᠶᠢᠲᠡ 12 ᠪᠠᠶᠢᠵᠤ᠂ ᠲᠤᠬᠠᠶᠢᠯᠠᠪᠠᠯ ᠰᠢᠤᠳᠠᠨ ᠰᠠᠭᠤᠭᠠᠯᠢ ᠲᠣᠭᠤᠷᠢᠭ᠂ ᠪᠠ ᠢ ᠰᠠᠭᠤᠭᠠᠯᠢ ᠠᠷᠠᠳ ᠤᠨ ᠲᠣᠭᠤᠷᠢᠭ᠂ ᠹᠠᠩ ᠼᠣᠣ ᠳ᠋ᠢ ᠣᠶᠣᠨᠲᠤ ᠵᠣᠴᠢᠳ ᠤᠨ ᠪᠠᠭᠤᠳᠠᠯ᠂ ᠶᠢᠨ ᠠᠨ ᠰᠠᠭᠤᠭᠠᠯᠢ ᠲᠣᠭᠤᠷᠢᠭ ︵ᠬᠤᠶᠠᠷ ᠳᠠᠪᠬᠤᠷᠭ᠎ᠠ ᠵᠢᠵᠢᠭ ᠠᠰᠠᠷ ᠠᠴᠠ ᠡᠮᠦᠨᠡᠰᠢ ᠵᠢᠴᠢ ᠬᠤᠶᠠᠷ ᠳᠠᠪᠬᠤᠷᠭ᠎ᠠ ᠵᠢᠵᠢᠭ ᠠᠰᠠᠷ᠂ ᠬᠤᠶᠠᠳᠤᠭᠠᠷ ᠨᠣᠮᠧᠷᠲᠤ ᠠᠰᠠᠷ ᠵᠢᠴᠢ ᠳᠣᠣᠷ᠎ᠠ ᠲᠠᠯ᠎ᠠ ᠶᠢᠨ ᠬᠤᠳᠠᠯᠳᠤᠭᠠᠨ ᠤ ᠡᠷᠦᠬᠡ᠂ ᠪᠠᠷᠠᠭᠤᠨ ᠲᠠᠯ᠎ᠠ ᠶᠢᠨ ᠠᠰᠠᠷ ᠵᠢᠴᠢ ᠳᠣᠣᠷ᠎ᠠ ᠲᠠᠯ᠎ᠠ ᠶᠢᠨ ᠬᠤᠳᠠᠯᠳᠤᠭᠠᠨ ᠤ ᠡᠷᠦᠬᠡ᠂ ᠭᠤᠷᠪᠠᠳᠤᠭᠠᠷ ᠨᠣᠮᠧᠷᠲᠤ ᠠᠰᠠᠷ ᠵᠢᠴᠢ ᠳᠣᠣᠷ᠎ᠠ ᠲᠠᠯ᠎ᠠ ᠶᠢᠨ ᠬᠤᠳᠠᠯᠳᠤᠭᠠᠨ ᠤ ᠡᠷᠦᠬᠡ ᠶᠢᠨ ᠪᠢᠲᠡᠭᠦᠮᠵᠢᠯᠡᠭᠰᠡᠨ ᠣᠷᠣᠨ ᠪᠦᠰᠡ︶᠂ ᠳᠤᠮᠳᠠᠳᠤ ᠣᠷᠣᠰ ᠮᠣᠩᠭᠤᠯ ᠤᠨ ᠬᠤᠳᠠᠯᠳᠤᠭᠠᠨ ᠤ ᠲᠥᠪ ᠤᠨ ᠣᠷᠣᠨ ᠰᠠᠭᠤᠴᠠ ᠶᠢᠨ ᠠᠰᠠᠷ ᠵᠢᠴᠢ ᠳᠣᠣᠷ᠎ᠠ ᠲᠠᠯ᠎ᠠ ᠶᠢᠨ ᠬᠤᠳᠠᠯᠳᠤᠭᠠᠨ ᠤ ᠡᠷᠦᠬᠡ᠂ ᠬᠥᠯᠥᠨ ᠰᠠᠭᠤᠭᠠᠯᠢ ᠠᠷᠠᠳ ᠤᠨ ᠲᠣᠭᠤᠷᠢᠭ ᠤᠨ ᠬᠤᠶᠠᠳᠤᠭᠠᠷ ᠬᠤᠭᠤᠴᠠᠭ᠎ᠠ᠂ ᠵᠤᠸᠠᠩ ᠵᠤᠶᠠᠨ ᠹᠦ᠋ ᠰᠠᠭᠤᠭᠠᠯᠢ ᠠᠷᠠᠳ ᠤᠨ ᠲᠣᠭᠤᠷᠢᠭ᠂ ᠴᠣᠶᠢᠪᠠᠯᠰᠠᠩ ᠰᠠᠭᠤᠭᠠᠯᠢ ᠠᠷᠠᠳ ᠤᠨ ᠲᠣᠭᠤᠷᠢᠭ᠂ ᠮᠢᠨ ᠯᠧ ᠰᠠᠭᠤᠭᠠᠯᠢ ᠠᠷᠠᠳ ᠤᠨ ᠲᠣᠭᠤᠷᠢᠭ᠂ ᠮᠣᠩᠭᠤᠯ ᠭᠡᠷ ᠣᠷᠣᠨ ᠰᠠᠭᠤᠭᠠᠯᠢ ᠠᠷᠠᠳ ᠤᠨ ᠲᠣᠭᠤᠷᠢᠭ᠂ ᠪᠠᠷᠭᠤ ᠰᠠᠭᠤᠭᠠᠯᠢ ᠠᠷᠠᠳ ᠤᠨ ᠲᠣᠭᠤᠷᠢᠭ ᠪᠠ ᠪᠣᠯᠣᠨ᠎ᠠ᠃ ᠳᠤᠮᠳᠠ ᠵᠡᠷᠭᠡ ᠶᠢᠨ ᠲᠦᠭᠰᠢᠭᠦᠷᠢᠲᠡᠢ ᠣᠷᠣᠨ 2 ᠪᠠᠶᠢᠵᠤ᠂ ᠲᠤᠬᠠᠶᠢᠯᠠᠪᠠᠯ ᠱᠧᠩ ᠱᠢ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠪᠠ ᠢᠦᠢ ᠼᠠᠢ ᠰᠠᠭᠤᠭᠠᠯᠢ ᠠᠷᠠᠳ ᠤᠨ ᠲᠣᠭᠤᠷᠢᠭ ᠪᠣᠯᠣᠨ᠎ᠠ᠃              ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                          2022 ᠣᠨ ᠤ 10 ᠰᠠᠷ᠎ᠠ ᠶᠢᠨ 9 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号