ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 23 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/10/9
       ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠯᠡ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠳᠡᠯᠭᠡᠷᠡᠬᠦ ᠬᠠᠨᠳᠤᠰᠢ ᠲᠠᠢ ᠪᠣᠯᠵᠤ᠂ ᠮᠠᠨ ᠤ ᠬᠤᠰᠢᠭᠤᠨ ᠳᠤ ᠣᠨᠣᠰᠢᠯᠭᠳᠠᠭᠰᠠᠨ ᠡᠪᠡᠳᠴᠢᠨ ᠤ ᠵᠢᠱᠢᠶ᠎ᠡ ᠨᠢᠭᠡᠨᠲᠡ 16 ᠪᠣᠯᠤᠭᠰᠠᠨ ᠪᠥᠭᠡᠳ ᠪᠠᠰᠠ ᠰᠢᠨ᠎ᠡ ᠪᠠᠷ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠣᠮᠧᠺᠷᠤᠨ ᠸᠢᠷᠦ᠋ᠰ ᠤᠨ ᠬᠤᠯᠪᠣᠭᠳᠠᠬᠤ ᠬᠡᠪᠴᠢᠶ᠎ᠡ ᠥᠷᠭᠡᠨ᠂ ᠨᠢᠭᠤᠭᠳᠠᠮᠠᠯ ᠴᠢᠨᠠᠷ ᠢᠶᠠᠷ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ ᠵᠡᠷᠭᠡ ᠣᠨᠴᠠᠯᠢᠭ ᠲᠠᠢ ᠶᠤᠮ᠂ ᠬᠢᠵᠢᠭ ᠤᠨ ᠬᠠᠯᠳᠠᠪᠤᠷᠢᠯᠠᠬᠤ ᠵᠠᠮ ᠢ ᠲᠦᠷᠭᠡᠨ ᠲᠠᠰᠤᠯᠵᠤ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠨ ᠲᠣᠭᠲᠠᠭᠠᠯᠲᠠ ᠪᠠᠷ ᠳᠡᠮᠵᠢᠨ᠂ 2022 ᠣᠨ ᠤ 10 ᠰᠠᠷ᠎ᠠ ᠶᠢᠨ 10 ᠤ ᠡᠳᠦᠷ ᠤᠨ 0 ᠴᠠᠭ ᠠᠴᠠ 10 ᠰᠠᠷ᠎ᠠ ᠶᠢᠨ 13 ᠤ ᠡᠳᠦᠷ ᠤᠨ 0 ᠴᠠᠭ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ᠦᠷᠭᠦᠯᠵᠢᠯᠡᠨ 3 ᠡᠳᠦᠷ ᠤᠨ ᠲᠣᠭᠲᠠᠩᠭᠤᠢ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠣᠭᠲᠠᠪᠠ᠃        ᠲᠣᠭᠲᠠᠩᠭᠤᠢ ᠬᠠᠮᠢᠶᠠᠷᠤᠯᠲᠠ ᠶᠢᠨ ᠬᠤᠭᠤᠴᠠᠭᠠᠨ ᠳᠤ᠂ ᠭᠤᠣᠯᠳᠠᠯᠭ᠎ᠠ ᠲᠠᠢ ᠣᠷᠣᠨ ᠪᠦᠰᠡ ᠪᠣᠯᠬᠤ ᠠᠯᠳ᠋ᠬᠠᠮᠡᠭᠡᠯ ᠪᠠᠯᠭᠠᠰᠤ ᠪᠠ ᠬᠡᠷᠦᠯᠦᠨ ᠰᠤᠮᠤᠨ ᠳᠤ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠥᠷᠨᠢᠭᠦᠯᠦᠨ᠎ᠡ᠂ ᠰᠢᠯᠭᠠᠨ ᠪᠠᠶᠢᠴᠠᠭᠠᠯᠲᠠ ᠬᠢᠬᠦ ᠴᠠᠭ ᠢ ᠳᠣᠣᠷᠠᠬᠢ ᠮᠡᠲᠦ ᠲᠣᠬᠢᠷᠠᠭᠤᠯᠪᠠ᠄        2022 ᠣᠨ ᠤ 10 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨᠡᠬᠢ 6᠄ 00 — 10᠄ 00        2022 ᠣᠨ ᠤ 10 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨᠡᠬᠢ 6᠄ 00 — 10᠄ 00        2022 ᠣᠨ ᠤ 10 ᠰᠠᠷ᠎ᠠ ᠶᠢᠨ 12 ᠤ ᠡᠳᠦᠷ ᠤᠨ ᠦᠳᠡ ᠶᠢᠨ ᠡᠮᠦᠨᠡᠬᠢ 6᠄ 00 — 10᠄ 00        ᠠᠯᠳ᠋ᠬᠠᠮᠡᠭᠡᠯ ᠪᠠᠯᠭᠠᠰᠤ ᠪᠠ ᠬᠡᠷᠦᠯᠦᠨ ᠰᠣᠮᠣ ᠶᠢᠨ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠵᠢᠴᠢ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠳᠤ ᠬᠠᠮᠵᠢᠯᠴᠠᠵᠤ᠂ ᠬᠤᠷᠠᠨ ᠴᠤᠭᠯᠠᠷᠠᠬᠤ ᠦᠭᠡᠢ᠂ ᠭᠠᠳᠠᠭᠰᠢ ᠦᠯᠦ ᠭᠠᠷᠴᠤ᠂ ᠪᠠᠶᠢᠴᠠᠭᠠᠯᠲᠠ ᠬᠢᠬᠦ ᠶᠣᠰᠣᠲᠠᠢ ᠶᠢ ᠨᠢ ᠪᠦᠬᠦᠨ ᠢ ᠪᠠᠶᠢᠴᠠᠭᠠᠵᠤ᠂ ᠨᠢᠭᠡ ᠴᠤ ᠬᠦᠮᠦᠨ ᠢ ᠣᠷᠬᠢᠭᠳᠠᠭᠤᠯᠵᠤ ᠪᠣᠯᠬᠤ ᠦᠭᠡᠢ᠃ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠡᠭᠦᠷᠭᠡ ᠦᠭᠡᠢ ᠰᠣᠮᠣ ᠪᠠᠯᠭᠠᠰᠤ ᠨᠤᠭᠤᠳ ᠬᠠᠷᠢᠶ᠎ᠠ ᠣᠷᠣᠨ ᠳᠠᠬᠢ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠤᠷᠣᠮᠬᠠᠨ ᠵᠠᠭᠤᠷ᠎ᠠ ᠴᠤ ᠰᠤᠯᠠᠷᠠᠭᠤᠯᠬᠤ ᠦᠭᠡᠢ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠥᠮᠥᠨ ᠬᠠᠷ᠎ᠠ ᠭᠠᠳᠠᠭᠰᠢ ᠭᠠᠷᠬᠤ ᠪᠠᠶᠢᠳᠠᠯ ᠡᠭᠦᠰᠬᠦ ᠶᠢ ᠡᠷᠡᠰ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ ᠤ ᠢᠯᠠᠯᠲᠠ ᠶᠢ ᠬᠠᠮᠲᠤ ᠪᠠᠷ ᠣᠯᠬᠤ ᠬᠡᠷᠡᠭᠲᠡᠢ᠃                                   ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                            2022 ᠣᠨ ᠤ 10 ᠰᠠᠷ᠎ᠠ ᠶᠢᠨ 9 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号