ᠮᠠᠨ ᠤ ᠬᠤᠰᠢᠭᠤ 10 ᠰᠠᠷ᠎ᠠ ᠶᠢᠨ 6 ᠤ ᠡᠳᠦᠷ ᠭᠤᠣᠯᠳᠠᠯᠭ᠎ᠠ ᠲᠠᠢ ᠬᠥᠮᠥᠰ ᠢ ᠰᠢᠭᠰᠢᠨ ᠪᠠᠶᠢᠴᠠᠭᠠᠵᠤ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠠᠪᠤᠴᠠ ᠳᠤ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢ | ᠢᠯᠡᠷᠡᠭᠦᠯᠦᠭᠰᠡᠨ ᠠᠴᠠ ᠨᠠᠰᠢ᠂ ᠣᠲᠣ ᠪᠣᠯᠲᠠᠯ᠎ᠠ ᠨᠡᠶᠢᠲᠡ ᠠᠷᠭ᠎ᠠ ᠴᠢᠨᠠᠷᠲᠠᠢ 16 ᠡᠪᠡᠳᠴᠢᠨ ᠤ ᠵᠢᠱᠢᠶ᠎ᠡ ᠶᠢ | ᠪᠠᠶᠢᠴᠠᠭᠠᠨ ᠭᠠᠷᠭᠠᠪᠠ᠂ ᠣᠳᠣᠬᠠᠨ ᠳᠤ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠶᠡᠷᠦᠩᠬᠡᠢ ᠳᠡᠭᠡᠨ ᠡᠵᠡᠮᠳᠡᠵᠦ | ᠪᠣᠯᠬᠤ ᠪᠣᠯᠪᠠᠴᠤ᠂ ᠠᠶᠤᠯ ᠲᠦᠭᠰᠢᠭᠦᠷᠢ ᠮᠥᠨ ᠯᠡ ᠣᠷᠣᠰᠢᠭᠰᠠᠭᠠᠷ ᠪᠠᠶᠢᠨ᠎ᠠ᠃ ᠬᠢᠵᠢᠭ ᠲᠠᠷᠬᠠᠬᠤ ᠶᠢ ᠪᠦᠲᠦᠮᠵᠢᠲᠡᠶ | ᠬᠤᠷᠢᠭᠯᠠᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ | ᠦᠨᠡᠨ ᠬᠦ ᠰᠠᠶᠢᠲᠤᠷ ᠬᠠᠮᠠᠭᠠᠯᠠᠬᠤ ᠶᠢᠨ ᠲᠥᠯᠥᠭᠡ᠂ ᠣᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ | ᠠᠵᠢᠯ ᠢ ᠠᠮᠤᠷ ᠲᠦᠪᠰᠢᠨ ᠪᠦᠭᠡᠳ ᠡᠮᠬᠢ ᠵᠢᠷᠤᠮ ᠲᠠᠢ ᠰᠠᠶᠢᠲᠤᠷ ᠬᠢᠬᠦ ᠲᠤᠬᠠᠢ ᠬᠤᠯᠪᠣᠭᠳᠠᠯ ᠪᠦᠬᠦᠢ ᠵᠦᠢᠯᠡᠰ ᠢ | ᠳᠣᠣᠷ᠎ᠠ ᠮᠡᠳᠡᠭᠳᠡᠶ᠎ᠡ᠄ | ᠨᠢᠭᠡ᠂ ᠪᠥᠭᠡᠮ ᠬᠦᠴᠢᠯ ᠤᠨ ᠦᠯᠢᠭᠡᠷ ᠠᠪᠬᠤ ᠠᠵᠢᠯ ᠢ ᠵᠣᠬᠢᠶᠠᠨ ᠪᠠᠶᠢᠭᠤᠯᠬᠤ | 1. ᠠᠯᠳ᠋ᠬᠠᠮᠡᠭᠡᠯ ᠪᠠᠯᠭᠠᠰᠤ ᠪᠠ ᠬᠡᠷᠦᠯᠦᠨ ᠰᠤᠮᠤ ᠶᠢᠨ ᠠᠵᠢᠯᠲᠠᠳ ᠣᠯᠠᠨ ᠲᠦᠮᠡᠨ ᠤ ᠪᠥᠭᠡᠮ | ᠬᠦᠴᠢᠯ ᠤᠨ ᠥᠯᠢᠭᠡᠷ ᠠᠪᠬᠤ ᠡᠮᠬᠢ ᠵᠢᠷᠤᠮ ᠢ ᠦᠨᠡᠨ ᠬᠦ ᠰᠠᠶᠢᠲᠤᠷ ᠪᠠᠲᠤᠯᠠᠵᠤ᠂ ᠣᠷᠭᠢᠯ ᠦᠶ᠎ᠡ ᠶᠢ ᠰᠣᠯᠪᠢᠴᠠᠨ | ᠦᠯᠢᠭᠡᠷ ᠠᠪᠴᠤ᠂ ᠪᠦᠬᠦ ᠠᠰᠠᠷ ᠪᠤᠶᠤ ᠠᠰᠠᠷ ᠤᠨ ᠡᠭᠦᠳᠡ ᠪᠠᠷ ᠨᠢᠭᠡᠴᠡ ᠪᠣᠯᠭᠠᠨ ᠮᠡᠳᠡᠭᠳᠡᠵᠦ᠂ ᠳᠤᠭᠤᠶᠢᠯᠠᠩ ᠪᠦᠷᠢ | ᠨᠢ ᠭᠡᠷ ᠲᠡᠭᠡᠨ ᠪᠤᠴᠠᠭᠰᠠᠨ ᠤ ᠳᠠᠷᠠᠭ᠎ᠠ ᠰᠠᠶ᠋ᠢ ᠲᠠᠷᠠᠭᠠᠴᠢ ᠶᠢᠨ ᠳᠤᠭᠤᠶᠢᠯᠠᠩ ᠳᠤ ᠮᠡᠳᠡᠭᠳᠡᠵᠦ᠂ ᠣᠷᠳᠣ | ᠮᠥᠷᠯᠡᠬᠦ ᠠᠴᠠ ᠡᠷᠡᠰ ᠵᠠᠶᠢᠯᠠᠰᠬᠢᠬᠦ ᠬᠡᠷᠡᠭᠲᠡᠢ᠃ | 2. ᠰᠠᠭᠤᠭᠠᠯᠢ ᠠᠷᠠᠳ ᠭᠠᠳᠠᠭᠰᠢ ᠭᠠᠷᠴᠤ ᠦᠯᠢᠭᠡᠷ ᠠᠪᠬᠤ ᠳᠠᠭᠠᠨ ᠠᠮᠠᠪᠴᠢ ︵ᠠᠮᠠ ᠬᠠᠮᠠᠷ ᠢᠶᠠᠨ | ᠬᠠᠯᠬᠠᠯᠠᠨ᠎ᠠ︶ ᠵᠡᠭᠦᠬᠦ ᠬᠡᠷᠡᠭᠲᠡᠢ᠂ ᠵᠥᠪᠬᠡᠨ ᠦᠯᠢᠭᠡᠷ ᠠᠪᠬᠤ ᠳᠠᠭᠠᠨ ᠠᠮᠠᠪᠴᠢ ᠪᠠᠨ ᠠᠪᠬᠤ ᠠᠴᠠ ᠭᠠᠳᠠᠨ᠎ᠠ᠂ | ᠪᠣᠰᠣᠳ ᠦᠶ᠎ᠡ ᠳᠤ ᠠᠮᠠᠪᠴᠢ ᠪᠠᠨ ᠡᠷᠬᠡᠪᠰᠢ ᠴᠢᠩᠭ᠎ᠠ ᠵᠡᠭᠦᠬᠦ ᠬᠡᠷᠡᠭᠲᠡᠢ᠃ ᠰᠣᠯᠪᠢᠴᠠᠨ ᠬᠠᠯᠳᠠᠪᠤᠷᠢᠯᠠᠬᠤ ᠠᠴᠠ | ᠵᠠᠶᠢᠯᠠᠰᠬᠢᠬᠦ ᠶᠢᠨ ᠲᠥᠯᠥᠭᠡ᠂ ᠦᠯᠢᠭᠡᠷ ᠠᠪᠬᠤ ᠦᠶ᠎ᠡ ᠳᠤ ᠠᠷᠤ ᠳᠤᠨᠢ ᠬᠦᠯᠢᠶᠡᠵᠦ ᠪᠠᠶᠢᠭ᠎ᠠ ᠬᠥᠮᠥᠨ ᠪᠠ ᠦᠯᠢᠭᠡᠷ | ᠠᠪᠬᠤ ᠬᠥᠮᠥᠨ ᠤ ᠬᠤᠭᠤᠷᠣᠨᠳᠤ 2 ᠮᠧᠲᠷ ᠠᠴᠠ ᠳᠡᠭᠡᠭᠰᠢᠬᠢ ᠵᠠᠢ ᠶᠢ ᠪᠠᠲᠤᠯᠠᠵᠤ᠂ ᠬᠤᠷᠠᠨ ᠴᠤᠭᠯᠠᠷᠠᠬᠤ ᠶᠢ | ᠴᠢᠩᠭ᠎ᠠ ᠴᠠᠭᠠᠵᠠᠯᠠᠬᠤ ᠬᠡᠷᠡᠭᠲᠡᠢ᠃ | ᠬᠤᠶᠠᠷ᠂ ᠪᠥᠭᠡᠮ ᠬᠦᠴᠢᠯ ᠤᠨ ᠦᠯᠢᠭᠡᠷ ᠠᠪᠬᠤ ᠳᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠵᠢᠴᠢ | ᠬᠤᠯᠪᠣᠭᠳᠠᠯ ᠪᠦᠬᠦᠢ ᠱᠠᠭᠠᠷᠳᠠᠯᠭ᠎ᠠ | 1. ᠵᠣᠬᠢᠶᠠᠨ ᠪᠠᠶᠢᠭᠤᠯᠤᠭᠴᠢ ᠵᠢᠴᠢ ᠠᠵᠢᠯᠲᠠᠳ ᠲᠤᠰᠠᠭᠠᠷᠯᠠᠬᠤ ᠬᠤᠪᠴᠠᠰᠤ ᠡᠮᠦᠰᠦᠨ᠂ ᠬᠠᠮᠠᠭᠠᠯᠠᠬᠤ | ᠠᠮᠠᠪᠴᠢ᠂ ᠮᠠᠯᠠᠭᠠᠢ ᠪᠠ ᠪᠡᠭᠡᠯᠡᠢ ᠵᠡᠭᠦᠵᠦ᠂ ᠥᠯᠢᠭᠡᠷ ᠠᠪᠬᠤ ᠪᠠᠷ ᠢᠷᠡᠭᠰᠡᠨ ᠰᠠᠭᠤᠭᠠᠯᠢ ᠠᠷᠠᠳ ᠲᠠᠢ 2 ᠮᠧᠲᠷ ᠠᠴᠠ | ᠳᠡᠭᠡᠭᠰᠢᠬᠢ ᠵᠠᠢ ᠶᠢ ᠪᠠᠲᠤᠯᠠᠬᠤ ᠶᠢᠨ ᠬᠠᠮᠲᠤ᠂ ᠴᠠᠭ ᠲᠤᠬᠠᠢ ᠳᠤᠨᠢ ᠭᠠᠷ ᠢᠶᠠᠨ ᠠᠷᠢᠭᠤᠳᠬᠠᠬᠤ ᠠᠵᠢᠯ ᠢ ᠰᠠᠶᠢᠲᠤᠷ | ᠬᠢᠬᠦ ᠬᠡᠷᠡᠭᠲᠡᠢ᠃ | 2. ᠥᠯᠢᠭᠡᠷ ᠠᠪᠬᠤ ᠠᠵᠢᠯᠲᠠᠳ ᠬᠤᠶᠠᠳᠤᠭᠠᠷ ᠳᠡᠰ ᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠦᠨ᠂ ᠬᠠᠮᠠᠭᠠᠯᠠᠬᠤ ᠠᠮᠠᠪᠴᠢ ᠶᠢ ᠵᠥᠪ ᠵᠡᠭᠦᠵᠦ᠂ ᠨᠢᠭᠲᠠ ᠨᠡᠶᠢᠯᠡᠯᠲᠡ ᠶᠢᠨ ᠲᠤᠷᠰᠢᠯᠲᠠ ᠶᠢ | ᠰᠠᠶᠢᠲᠤᠷ ᠬᠢᠵᠦ᠂ ᠴᠠᠪᠠᠤᠯᠢᠭ ᠮᠠᠨᠠᠨ ᠢ ᠬᠠᠯᠬᠠᠯᠠᠬᠤ ᠶᠢ ᠦᠨᠡᠨ ᠬᠦ ᠪᠠᠲᠤᠯᠠᠵᠤ᠂ ᠥᠯᠢᠭᠡᠷ ᠠᠪᠬᠤ ᠬᠤᠭᠤᠴᠠᠭᠠᠨ ᠳᠤ | ᠡᠷᠬᠡᠪᠰᠢ ᠨᠢᠭᠡ ᠬᠥᠮᠥᠨ ᠠᠴᠠ ᠦᠯᠢᠭᠡᠷ ᠠᠪᠤᠪᠠᠯ ᠨᠢᠭᠡ ᠤᠳᠠᠭ᠎ᠠ ᠭᠠᠷ ᠢᠶᠠᠨ ᠠᠷᠢᠭᠤᠳᠬᠠᠬᠤ ᠬᠡᠷᠡᠭᠲᠡᠢ᠃ | 3. ᠰᠠᠭᠤᠭᠠᠯᠢ ᠠᠷᠠᠳ ᠤᠨ ᠪᠥᠭᠡᠮ ᠬᠦᠴᠢᠯ ᠤᠨ ᠥᠯᠢᠭᠡᠷ ᠠᠪᠬᠤ ᠬᠡᠰᠡᠭ ᠲᠤ ᠭᠦᠨ ᠬᠠᠳᠬᠤᠬᠤ ᠠᠴᠠ | ᠭᠦᠶᠦᠬᠡᠨ ᠬᠠᠳᠬᠤᠵᠤ ᠪᠣᠯᠬᠤ ᠦᠭᠡᠢ᠂ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | 4. ᠦᠯᠢᠭᠡᠷ ᠠᠪᠬᠤ ᠭᠠᠵᠠᠷ ᠢ ᠠᠭᠤᠵᠢᠮ ᠪᠦᠭᠡᠳ ᠰᠠᠯᠬᠢ ᠰᠠᠶᠢᠨ ᠨᠡᠪᠲᠡᠷᠡᠭᠦᠯᠬᠦ ᠭᠠᠵᠠᠷ ᠲᠤ | ᠲᠣᠬᠢᠷᠠᠭᠤᠯᠬᠤ ᠬᠡᠷᠡᠭᠲᠡᠢ᠂ ᠬᠡᠷᠪᠡ ᠭᠡᠷ ᠳᠣᠲᠣᠷ᠎ᠠ ᠦᠯᠢᠭᠡᠷ ᠠᠪᠬᠤ ᠳᠤ ᠬᠦᠷᠪᠡᠯ᠂ ᠴᠣᠩᠬᠤ ᠪᠠᠨ ᠨᠡᠭᠡᠭᠡᠨ ᠰᠠᠯᠬᠢ | ᠨᠡᠪᠲᠡᠷᠡᠭᠦᠯᠬᠦ ᠬᠡᠷᠡᠭᠲᠡᠢ᠂ ᠦᠯᠢᠭᠡᠷ ᠠᠪᠴᠤ ᠳᠠᠭᠤᠰᠤᠭᠰᠠᠨ ᠤ ᠳᠠᠷᠠᠭ᠎ᠠ ᠣᠷᠴᠢᠨ ᠲᠣᠭᠤᠷᠢᠨ ᠢ ᠠᠷᠢᠭᠤᠳᠬᠠᠬᠤ | ᠡᠴᠦᠰ ᠤᠨ ᠠᠵᠢᠯ ᠢ ᠰᠠᠶᠢᠲᠤᠷ ᠬᠢᠬᠦ ᠬᠡᠷᠡᠭᠲᠡᠢ᠃ | ᠭᠤᠷᠪᠠ᠂ ᠪᠥᠭᠡᠮ ᠬᠦᠴᠢᠯ ᠤᠨ ᠦᠯᠢᠭᠡᠷ ᠠᠪᠬᠤ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ | ᠪᠥᠭᠡᠮ ᠬᠦᠴᠢᠯ ᠤᠨ ᠥᠯᠢᠭᠡᠷ ᠠᠪᠴᠤ ᠪᠣᠢ ᠪᠣᠯᠣᠭᠰᠠᠨ ᠡᠮᠴᠢᠯᠡᠭᠡᠨ ᠤ ᠬᠠᠶᠠᠭᠳᠠᠮᠠᠯ ᠪᠣᠳᠠᠰ ᠢ ᠳᠠᠪᠬᠤᠷ | ᠰᠢᠷ᠎ᠠ ᠥᠩᠭᠡ ᠲᠠᠢ ᠰᠦᠯᠢᠶᠥᠦ ᠤᠭᠤᠲᠠᠨ ᠳᠤ ᠬᠢᠵᠦ᠂ 3/4 ᠶᠢ ᠳᠦᠭᠦᠷᠭᠡᠵᠦ᠂ ᠪᠢᠲᠡᠭᠦᠮᠵᠢᠯᠡᠬᠦ ᠠᠴᠠ ᠪᠠᠨ ᠡᠮᠦᠨ᠎ᠡ | 75% ᠶᠢᠨ ᠰᠫᠢᠷᠲ ᠢᠶᠠᠷ ᠡᠮᠴᠢᠯᠡᠭᠡᠨ ᠤ ᠬᠠᠶᠠᠭᠳᠠᠮᠠᠯ ᠪᠣᠳᠠᠰ ᠤᠨ ᠤᠭᠤᠲᠠ ᠶᠢᠨ ᠠᠮᠠᠰᠠᠷ ᠢ ᠠᠷᠢᠭᠤᠳᠬᠠᠵᠤ᠂ | ᠭᠠᠯᠠᠭᠤᠨ ᠬᠦᠵᠦᠭᠦᠦ ᠬᠡᠯᠪᠡᠷᠢ ᠪᠠᠷ ᠡᠷᠭᠢᠯᠳᠦᠭᠦᠯᠦᠭᠰᠡᠨ ᠤ ᠳᠠᠷᠠᠭ᠎ᠠ ᠨᠢᠯᠦᠨ ᠤᠶᠠᠭ᠎ᠠ ᠪᠠᠷ ᠴᠢᠩᠭ᠎ᠠ ᠤᠶᠠᠵᠤ᠂ | ᠤᠭᠤᠲᠠᠨ ᠤ ᠭᠠᠳᠠᠨ᠎ᠠ ᠤᠯᠠᠭᠠᠨ ᠥᠩᠭᠡ ᠲᠠᠢ ᠡᠮᠴᠢᠯᠡᠭᠡᠨ ᠤ ᠬᠤᠭ ᠨᠣᠪᠰᠢ ᠶᠢᠨ ᠲᠡᠮᠳᠡᠭ ᠨᠠᠭᠠᠵᠤ᠂ ᠡᠭᠦᠰᠭᠡᠭᠰᠡᠨ | ᠨᠢᠭᠡᠴᠡ᠂ ᠡᠳᠦᠷ ᠬᠤᠭᠤᠴᠠᠭ᠎ᠠ ᠵᠡᠷᠭᠡ ᠶᠢ ᠲᠣᠳᠣᠷᠬᠠᠶᠢᠯᠠᠵᠤ᠂ ᠲᠣᠭᠲᠠᠭᠰᠠᠨ ᠭᠠᠵᠠᠷ ᠲᠤ ᠲᠠᠯᠪᠢᠵᠤ | ᠵᠥᠭᠡᠭᠡᠪᠦᠷᠢᠯᠡᠬᠦ ᠶᠢ ᠬᠦᠯᠢᠶᠡᠬᠦ ᠬᠡᠷᠡᠭᠲᠡᠢ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 10 ᠰᠠᠷ᠎ᠠ ᠶᠢᠨ 9 ᠤ ᠡᠳᠦᠷ | | |