ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ | ᠬᠦᠨᠳᠦ ᠬᠡᠴᠡᠭᠦᠦ ᠪᠦᠭᠡᠳ ᠪᠤᠳᠤᠯᠢᠶᠠᠨᠲᠠᠢ ᠪᠠᠶᠢᠵᠤ᠂ ᠮᠠᠨ ᠤ ᠬᠤᠰᠢᠭᠤᠨ ᠤ ︽ᠭᠠᠳᠠᠨ᠎ᠠ ᠠᠴᠠ ᠬᠠᠯᠳᠠᠪᠤᠷᠢᠯᠠᠨ | ᠣᠷᠣᠬᠤ ᠶᠢ ᠰᠡᠷᠭᠡᠶᠢᠯᠡᠬᠦ︾ ᠳᠠᠷᠤᠯᠲᠠ ᠨᠡᠮᠡᠭᠳᠡᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠨᠠᠷᠢᠯᠢᠭ | ᠣᠨᠣᠪᠴᠢᠲᠠᠶ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠡᠭᠦᠰᠬᠦ ᠶᠢ ᠡᠷᠡᠰ ᠰᠡᠷᠭᠡᠶᠢᠯᠡᠬᠦ ᠶᠢᠨ ᠲᠥᠯᠥᠭᠡ᠂ | ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ | ︵ᠶᠢᠰᠦᠳᠦᠭᠡᠷ ᠬᠡᠪᠯᠡᠯ︶︾ ᠵᠢᠴᠢ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠤᠭᠤᠳᠬᠤ ᠭᠠᠵᠠᠷ ᠤᠨ 44 ᠳ᠋ᠦ᠋ᠭᠡᠷ ᠲᠣᠭᠠᠲᠤ ᠠᠯᠪᠠᠨ ᠵᠠᠷᠯᠠᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ | ᠦᠨᠳᠦᠰᠦᠯᠡᠨ᠂ ᠣᠳᠤ ᠮᠠᠨ ᠤ ᠬᠤᠰᠢᠭᠤᠨ ᠤ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠳᠣᠣᠷᠠᠬᠢ ᠮᠡᠲᠦ ᠵᠠᠷᠯᠠᠶ᠎ᠠ᠄ | ᠨᠢᠭᠡ᠂ 7 ᠡᠳᠦᠷ ᠤᠨ ᠳᠣᠲᠣᠷ᠎ᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ︵ᠬᠤᠰᠢᠭᠤ | ᠬᠤᠲᠠ ᠲᠣᠭᠤᠷᠢᠭ︶ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠥᠰ ᠲᠤ ︽7 ᠡᠳᠦᠷ ᠤᠨ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠠᠷᠭ᠎ᠠ ᠬᠡᠮᠵᠢᠶ᠎ᠡ ᠶᠢ ᠴᠢᠩᠭ᠎ᠠ | ᠬᠡᠷᠡᠭᠵᠢᠭᠦᠯᠵᠦ᠂ 1᠂ 2᠂ 3᠂ 5᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ | ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢᠲᠡᠢ ᠣᠷᠣᠨ ᠠᠴᠠ ᠰᠠᠯᠤᠭᠰᠠᠨ ᠴᠠᠭ ᠠᠴᠠ ᠡᠬᠢᠯᠡᠵᠦ ᠪᠤᠳᠤᠨ᠎ᠠ᠃ | ᠬᠤᠶᠠᠷ᠂ 7 ᠡᠳᠦᠷ ᠤᠨ ᠳᠣᠲᠣᠷ᠎ᠠ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ︵ᠬᠤᠰᠢᠭᠤ | ᠬᠤᠲᠠ ᠲᠣᠭᠤᠷᠢᠭ︶ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠥᠰ ᠲᠤ ︽7 ᠡᠳᠦᠷ ᠤᠨ | ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠠᠷᠭ᠎ᠠ ᠬᠡᠮᠵᠢᠶ᠎ᠡ ᠶᠢ ᠴᠢᠩᠭ᠎ᠠ | ᠬᠡᠷᠡᠭᠵᠢᠭᠦᠯᠵᠦ᠂ 1᠂ 4᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠠᠮᠢᠶᠠᠷᠤᠯᠲᠠ ᠶᠢᠨ | ᠬᠤᠭᠤᠴᠠᠭ᠎ᠠ ᠶᠢ ᠲᠦᠭᠰᠢᠭᠦᠷᠢᠲᠡᠢ ᠣᠷᠣᠨ ᠠᠴᠠ ᠰᠠᠯᠤᠭᠰᠠᠨ ᠴᠠᠭ ᠠᠴᠠ ᠡᠬᠢᠯᠡᠵᠦ ᠪᠤᠳᠤᠨ᠎ᠠ᠂ ᠬᠡᠷᠪᠡ ᠭᠡᠷ ᠲᠡᠭᠡᠨ | ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ᠂ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ | ᠭᠤᠷᠪᠠ᠂ ᠲᠦᠭᠰᠢᠭᠦᠷᠢᠲᠡᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠪᠠ | ᠬᠢᠵᠢᠭ ᠲᠤ ᠬᠤᠯᠪᠣᠭᠳᠠᠭᠰᠠᠨ ᠬᠥᠮᠥᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠬᠥᠯᠥᠨ ᠪᠤᠶᠢᠷ ᠬᠤᠲᠠ ᠶᠢᠨ ᠭᠠᠳᠠᠨ᠎ᠠ ᠠᠴᠠ ᠮᠠᠨ ᠤ | ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠥᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠮᠠᠨ ᠤ ᠬᠤᠰᠢᠭᠤᠨ ᠳᠤ ᠬᠦᠷᠦᠭᠰᠡᠨ ᠤ ᠳᠠᠷᠠᠭ᠎ᠠ | ᠵᠠᠰᠠᠮᠠᠯ ᠵᠠᠮ ᠤᠨ ᠪᠠᠶᠢᠴᠠᠭᠠᠬᠤ ᠴᠡᠭ ᠲᠤ ︽ᠬᠦᠷᠦᠭᠰᠡᠨ ᠭᠠᠵᠠᠷ ᠤᠨ ᠪᠠᠶᠢᠴᠠᠭᠠᠯᠲᠠ︾ ᠬᠢᠬᠦ ᠶᠢᠨ ᠬᠠᠮᠲᠤ᠂ ᠴᠠᠭ | ᠲᠤᠬᠠᠢ ᠳᠤᠨᠢ ︽3 ᠡᠳᠦᠷ ᠲᠤ 2 ᠤᠳᠠᠭ᠎ᠠ ᠶᠢᠨ ᠪᠠᠶᠢᠴᠠᠭᠠᠯᠲᠠ︾ ᠬᠢᠬᠦ ᠬᠡᠷᠡᠭᠲᠡᠢ᠃ ᠵᠣᠴᠢᠳ ᠤᠨ ᠪᠠᠭᠤᠳᠠᠯ ᠪᠠ | ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠬᠥᠮᠥᠨ ᠣᠯᠠᠨ ᠴᠤᠭᠯᠠᠷᠠᠭᠰᠠᠨ ᠲᠠᠯᠠᠪᠤᠷ ᠲᠤ ᠣᠷᠣᠬᠤ ᠳᠤ | ᠡᠷᠬᠡᠪᠰᠢ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ | ᠬᠡᠷᠡᠭᠲᠡᠢ᠃ | ᠳᠥᠷᠪᠡ᠂ ᠬᠥᠯᠥᠨ ᠪᠤᠶᠢᠷ ᠬᠤᠲᠠ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ | ᠪᠦᠬᠦ ᠬᠥᠮᠥᠰ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠠᠷᠬᠤ ᠠᠴᠠ ᠪᠠᠨ ᠡᠮᠦᠨ᠎ᠡ ᠵᠣᠷᠢᠭᠰᠠᠨ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ︶᠂ | ᠪᠠᠶᠢᠭᠤᠯᠭ᠎ᠠ ᠨᠢᠭᠡᠴᠡ ᠪᠤᠶᠤ ᠪᠠᠭᠤᠳᠠᠯ ᠳᠤ ᠮᠡᠳᠡᠭᠦᠯᠦᠨ ᠳᠠᠩᠰᠠᠯᠠᠭᠤᠯᠵᠤ᠂ ᠨᠡᠶᠢᠭᠡᠮ ᠲᠣᠭᠤᠷᠢᠭ ︵ᠭᠠᠴᠠᠭ᠎ᠠ︶ ᠤᠨ | ᠲᠣᠥᠷᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠂ ᠵᠣᠬᠢᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ | ᠲᠠᠪᠤ᠂ ᠬᠥᠯᠥᠨ ᠪᠤᠶᠢᠷ ᠬᠤᠲᠠ ᠶᠢᠨ ᠬᠡᠪᠴᠢᠶᠡᠨ ᠳᠠᠬᠢ ᠡᠯ᠎ᠡ ᠬᠤᠰᠢᠭᠤ ᠬᠤᠲᠠ ᠲᠣᠭᠤᠷᠢᠭ ︵ᠥᠨᠳᠥᠷ | ᠵᠡᠷᠭᠡ ᠶᠢᠨ ᠲᠦᠭᠰᠢᠭᠦᠷᠢᠲᠡᠢ ᠣᠷᠣᠨ ᠠᠴᠠ ᠭᠠᠳᠠᠨ᠎ᠠ︶ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ | ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠃ ᠣᠯᠠᠨ | ᠨᠡᠶᠢᠲᠡ ᠪᠠᠷ ᠢᠶᠠᠨ ︽ᠠᠷᠠᠳ ᠢᠷᠭᠡᠳ ᠤᠨ ᠬᠢᠵᠢᠭ ᠢ ᠰᠡᠷᠭᠡᠶᠢᠯᠡᠬᠦ ᠦᠨᠳᠦᠰᠦᠨ ᠦᠶᠯᠡ ᠠᠵᠢᠯᠯᠠᠭᠠᠨ ᠤ ᠪᠠᠷᠢᠮᠵᠢᠶ᠎ᠠ︾ | ᠶᠢᠨ ᠠᠭᠤᠯᠭ᠎ᠠ ᠶᠢ ᠦᠢᠯᠡᠳᠦᠯᠭᠡᠵᠢᠭᠦᠯᠬᠦ ᠶᠢ ᠰᠠᠨᠠᠭᠠᠴᠢᠯᠠᠵᠤ᠂ ᠭᠠᠷ ᠢᠶᠠᠨ ᠦᠷᠭᠦᠯᠵᠢ ᠤᠬᠢᠶᠠᠬᠤ᠂ ᠠᠮᠠᠪᠴᠢ ᠶᠢ | ᠰᠢᠨᠵᠢᠯᠡᠬᠦ ᠤᠬᠠᠭᠠᠨᠴᠢ ᠪᠠᠷ ᠵᠡᠭᠦᠬᠦ᠂ 1 ᠮᠧᠲᠷ ᠤᠨ ᠵᠠᠢ ᠶᠢ ᠵᠢᠷᠤᠮᠯᠠᠬᠤ ᠵᠡᠷᠭᠡ ᠬᠤᠪᠢ ᠬᠥᠮᠥᠨ ᠤ ᠰᠡᠷᠭᠡᠶᠢᠯᠡᠨ | ᠬᠠᠮᠠᠭᠠᠯᠠᠬᠤ ᠳᠠᠳᠬᠠᠯ ᠢ ᠪᠣᠶ ᠪᠣᠯᠭᠠᠬᠤ ᠬᠡᠷᠡᠭᠲᠡᠢ᠃ | ᠵᠢᠷᠭᠤᠭ᠎ᠠ᠂ ᠬᠥᠬᠡᠬᠤᠲᠠ᠂ ᠰᠢᠨᠵᠢᠶᠠᠩ᠂ ᠲᠥᠪᠡᠳ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ | ᠬᠦᠮᠦᠰ ᠡᠷᠬᠡᠪᠰᠢ 3 ᠡᠳᠦᠷ ᠲᠤ 2 ᠤᠳᠠᠭ᠎ᠠ ᠪᠠᠶᠢᠴᠠᠭᠠᠯᠲᠠ ᠬᠢᠬᠦ ︵24 ᠴᠠᠭ ᠠᠯᠤᠰᠯᠠᠨ᠎ᠠ︶ ᠪᠥᠭᠡᠳ 24 | ᠴᠠᠭ ᠤᠨ ᠳᠣᠲᠣᠷ᠎ᠠ ᠨᠢᠭᠡ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ | ᠬᠠᠩᠭᠠᠬᠤ ᠬᠡᠷᠡᠭᠲᠡᠢ᠃ ᠡᠭᠦᠨ ᠤ ᠬᠠᠮᠲᠤ ᠢᠷᠡᠬᠦ ᠠᠴᠠ 48 ᠴᠠᠭ ᠤᠨ ᠡᠮᠦᠨ᠎ᠡ ᠪᠠᠶᠢᠭ᠎ᠠ ᠨᠡᠶᠢᠭᠡᠮ ᠲᠣᠭᠤᠷᠢᠭ᠂ | ᠭᠠᠴᠠᠭ᠎ᠠ᠂ ᠨᠢᠭᠡᠴᠡ᠂ ᠵᠣᠴᠢᠳ ᠤᠨ ᠪᠠᠭᠤᠳᠠᠯ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠮᠠᠨ ᠤ ᠬᠤᠰᠢᠭᠤᠨ ᠳᠤ | ᠬᠦᠷᠦᠭᠰᠡᠨ ᠤ ᠲᠠᠷᠠᠭ᠎ᠠ 7 ᠡᠳᠦᠷ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ | ᠬᠢᠬᠦ ᠶᠢᠨ ᠬᠠᠮᠲᠤ᠂ 1᠂ 2᠂ 3᠂ 5᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ | ᠲᠤᠰᠠᠭᠠᠷᠯᠠᠬᠤ ᠬᠤᠭᠤᠴᠠᠭ᠎ᠠ ᠶᠢ ᠮᠠᠨ ᠤ ᠬᠤᠰᠢᠭᠤᠨ ᠳᠤ ᠬᠦᠷᠦᠭᠰᠡᠨ ᠴᠠᠭ ᠠᠴᠠ ᠡᠬᠢᠯᠡᠵᠦ ᠪᠤᠳᠤᠨ᠎ᠠ᠃ ᠨᠡᠶᠢᠭᠡᠮ | ᠲᠣᠭᠤᠷᠢᠭ᠂ ᠭᠠᠴᠠᠭᠠᠨ ᠤ ᠠᠵᠢᠯᠲᠠᠳ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ | ᠬᠢᠵᠦ ᠪᠠᠶᠢᠭ᠎ᠠ ᠬᠥᠮᠥᠰ ᠲᠠᠢ ᠴᠠᠭ ᠲᠤᠬᠠᠢ ᠳᠤᠨᠢ ᠬᠠᠷᠢᠯᠴᠠᠨ᠂ ᠲᠡᠳᠡᠨ ᠤ ᠮᠡᠳᠡᠭᠡ ᠵᠠᠩᠭᠢ ᠶᠢ ᠡᠵᠡᠮᠰᠢᠵᠦ᠂ ᠰᠠᠭᠤᠵᠤ | ᠪᠠᠶᠢᠭ᠎ᠠ ᠲᠠᠯᠠᠪᠤᠷ ᠭᠠᠵᠠᠷ ᠨᠢ ᠭᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠳᠤ | ᠬᠦᠷᠦᠭᠰᠡᠨ ᠡᠰᠡᠬᠦ ᠶᠢ ᠤᠷᠢᠳᠴᠢᠯᠠᠨ ᠪᠠᠶᠢᠴᠠᠭᠠᠨ ᠦᠵᠡᠵᠦ᠂ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ ᠮᠡᠳᠡᠭᠳᠡᠯ ᠤᠨ ᠪᠢᠴᠢᠭ ᠪᠠᠭᠤᠯᠭᠠᠵᠤ᠂ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠮᠡᠳᠡᠭᠳᠡᠬᠦ ᠶᠢᠨ ᠬᠠᠮᠲᠤ᠂ ︽ᠨᠢᠭᠡ | ᠬᠥᠮᠥᠨ ᠳᠤ ᠨᠢᠭᠡ ᠲᠠᠩᠰᠠ ᠪᠠᠶᠢᠭᠤᠯᠬᠤ︾ ᠱᠠᠭᠠᠷᠳᠠᠯᠭ᠎ᠠ ᠶᠣᠰᠣᠭᠠᠷ ᠳᠡᠩᠰᠡᠯᠡᠨ ᠲᠡᠮᠳᠡᠭᠯᠡᠵᠦ᠂ ᠨᠡᠶᠢᠭᠡᠮ | ᠲᠣᠭᠤᠷᠢᠭ ᠤᠨ ᠲᠣᠥᠷᠵᠢᠭᠤᠯᠤᠭᠰᠠᠨ ᠬᠠᠮᠢᠶᠠᠷᠤᠯᠲᠠ ᠳᠤ ᠣᠷᠤᠭᠤᠯᠬᠤ ᠬᠡᠷᠡᠭᠲᠡᠢ᠃ ᠭᠡᠷ ᠲᠡᠭᠡᠨ ᠰᠠᠭᠤᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ᠂ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠥᠪᠯᠡᠷᠡᠭᠦᠯᠦᠨ ᠲᠤᠰᠠᠭᠠᠷᠯᠠᠬᠤ | ᠵᠠᠷᠤᠳᠠᠯ ᠢ ᠦᠪᠡᠷᠲᠡᠭᠡᠨ ᠬᠠᠷᠢᠭᠤᠴᠠᠬᠤ ᠬᠡᠷᠡᠭᠲᠡᠢ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠡᠯ᠎ᠡ ᠰᠣᠮᠣ ᠪᠠᠯᠭᠠᠰᠤ ︵ᠨᠡᠶᠢᠭᠡᠮ ᠲᠣᠭᠤᠷᠢᠭ︶ ᠶᠢᠨ ᠮᠡᠳᠡᠭᠦᠯᠦᠨ | ᠳᠠᠩᠰᠠᠯᠠᠭᠤᠯᠬᠤ ᠤᠲᠠᠰᠤ | ᠨᠢᠭᠡᠳᠦᠭᠡᠷ ᠨᠡᠶᠢᠭᠡᠮ ᠲᠣᠭᠤᠷᠢᠭ ︵ᠪᠤᠶᠢᠷ ᠨᠡᠶᠢᠭᠡᠮ ᠲᠣᠭᠤᠷᠢᠭ︶ ᠬᠠᠷᠢᠯᠴᠠᠬᠤ ᠤᠲᠠᠰᠤ᠄ | 13304700116 | ᠬᠤᠶᠠᠳᠤᠭᠠᠷ ᠨᠡᠶᠢᠭᠡᠮ ᠲᠣᠭᠤᠷᠢᠭ ︵ᠪᠣᠭᠳᠠᠠᠭᠤᠯᠠ ᠨᠡᠶᠢᠭᠡᠮ ᠲᠣᠭᠤᠷᠢᠭ︶ ᠬᠠᠷᠢᠯᠴᠠᠬᠤ ᠤᠲᠠᠰᠤ᠄ | 13304702536 | ᠭᠤᠷᠪᠠᠳᠤᠭᠠᠷ ᠨᠡᠶᠢᠭᠡᠮ ᠲᠣᠭᠤᠷᠢᠭ ︵ᠬᠡᠷᠦᠯᠦᠨ ᠨᠡᠶᠢᠭᠡᠮ ᠲᠣᠭᠤᠷᠢᠭ︶ ᠬᠠᠷᠢᠯᠴᠠᠬᠤ ᠤᠲᠠᠰᠤ᠄ | 13514807168 | ᠳᠦᠷᠪᠡᠳᠦᠭᠡᠷ ᠨᠡᠶᠢᠭᠡᠮ ᠲᠣᠭᠤᠷᠢᠭ ︵ᠬᠦᠯᠦᠨ ᠨᠡᠶᠢᠭᠡᠮ ᠲᠣᠭᠤᠷᠢᠭ︶ ᠬᠠᠷᠢᠯᠴᠠᠬᠤ ᠤᠲᠠᠰᠤ᠄ | 13722009844 | ᠲᠠᠪᠤᠳᠤᠭᠠᠷ ᠨᠡᠶᠢᠭᠡᠮ ᠲᠣᠭᠤᠷᠢᠭ ︵ᠡᠷᠳᠡᠨᠢᠠᠭᠤᠯᠠ ᠨᠡᠶᠢᠭᠡᠮ ᠲᠣᠭᠤᠷᠢᠭ︶ ᠬᠠᠷᠢᠯᠴᠠᠬᠤ ᠤᠲᠠᠰᠤ᠄ | 13947028769 | ᠠᠯᠳ᠋ᠬᠠᠮᠡᠭᠡᠯ ᠪᠠᠯᠭᠠᠰᠤ ᠶᠢᠨ ᠪᠣᠰᠣᠳ ᠭᠠᠴᠠᠭ᠎ᠠ ᠬᠠᠷᠢᠯᠴᠠᠬᠤ ᠤᠲᠠᠰᠤ᠄ 15248753264 | ᠠᠷᠤᠬᠠᠰᠢᠶᠠᠲᠤ ᠪᠠᠯᠭᠠᠰᠤ ᠬᠠᠷᠢᠯᠴᠠᠬᠤ ᠤᠲᠠᠰᠤ᠄ 18748367328 | ᠬᠦᠯᠦᠨ ᠪᠠᠯᠭᠠᠰᠤ ᠬᠠᠷᠢᠯᠴᠠᠬᠤ ᠤᠲᠠᠰᠤ᠄ 18547080163 | ᠬᠡᠷᠦᠯᠦᠨ ᠰᠣᠮᠣ ᠬᠠᠷᠢᠯᠴᠠᠬᠤ ᠤᠲᠠᠰᠤ᠄ 17604707742 | ᠳᠠᠯᠠᠢ ᠰᠣᠮᠣ ᠬᠠᠷᠢᠯᠴᠠᠬᠤ ᠤᠲᠠᠰᠤ᠄ 18947598521 | ᠪᠤᠶᠢᠷ ᠰᠣᠮᠣ ᠬᠠᠷᠢᠯᠴᠠᠬᠤ ᠤᠲᠠᠰᠤ᠄ 18504707576 | ᠪᠣᠭᠳᠠᠠᠭᠤᠯᠠ ᠰᠣᠮᠣ ᠬᠠᠷᠢᠯᠴᠠᠬᠤ ᠤᠲᠠᠰᠤ᠄ 18748458221 | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 11 ᠰᠠᠷ᠎ᠠ ᠶᠢᠨ 9 ᠤ ᠡᠳᠦᠷ | | |