ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 61 ᠳ᠋ᠦ᠋ᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/11/10
       ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠪᠦᠭᠡᠳ ᠪᠤᠳᠤᠯᠢᠶᠠᠨᠲᠠᠢ ᠪᠠᠶᠢᠵᠤ᠂ ᠮᠠᠨ ᠤ ᠬᠤᠰᠢᠭᠤᠨ ᠤ ︽ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠬᠦ︾ ᠳᠠᠷᠤᠯᠲᠠ ᠨᠡᠮᠡᠭᠳᠡᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠶ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠡᠭᠦᠰᠬᠦ ᠶᠢ ᠡᠷᠡᠰ ᠰᠡᠷᠭᠡᠶᠢᠯᠡᠬᠦ ᠶᠢᠨ ᠲᠥᠯᠥᠭᠡ᠂ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠵᠢᠴᠢ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 44 ᠳ᠋ᠦ᠋ᠭᠡᠷ ᠲᠣᠭᠠᠲᠤ ᠠᠯᠪᠠᠨ ᠵᠠᠷᠯᠠᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠣᠳᠤ ᠮᠠᠨ ᠤ ᠬᠤᠰᠢᠭᠤᠨ ᠤ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠣᠣᠷᠠᠬᠢ ᠮᠡᠲᠦ ᠵᠠᠷᠯᠠᠶ᠎ᠠ᠄        ᠨᠢᠭᠡ᠂ 7 ᠡᠳᠦᠷ ᠤᠨ ᠳᠣᠲᠣᠷ᠎ᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ︵ᠬᠤᠰᠢᠭᠤ ᠬᠤᠲᠠ ᠲᠣᠭᠤᠷᠢᠭ︶ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠥᠰ ᠲᠤ ︽7 ᠡᠳᠦᠷ ᠤᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ 1᠂ 2᠂ 3᠂ 5᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢᠲᠡᠢ ᠣᠷᠣᠨ ᠠᠴᠠ ᠰᠠᠯᠤᠭᠰᠠᠨ ᠴᠠᠭ ᠠᠴᠠ ᠡᠬᠢᠯᠡᠵᠦ ᠪᠤᠳᠤᠨ᠎ᠠ᠃        ᠬᠤᠶᠠᠷ᠂ 7 ᠡᠳᠦᠷ ᠤᠨ ᠳᠣᠲᠣᠷ᠎ᠠ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ︵ᠬᠤᠰᠢᠭᠤ ᠬᠤᠲᠠ ᠲᠣᠭᠤᠷᠢᠭ︶ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠥᠰ ᠲᠤ ︽7 ᠡᠳᠦᠷ ᠤᠨ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ 1᠂ 4᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢᠲᠡᠢ ᠣᠷᠣᠨ ᠠᠴᠠ ᠰᠠᠯᠤᠭᠰᠠᠨ ᠴᠠᠭ ᠠᠴᠠ ᠡᠬᠢᠯᠡᠵᠦ ᠪᠤᠳᠤᠨ᠎ᠠ᠂ ᠬᠡᠷᠪᠡ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃        ᠭᠤᠷᠪᠠ᠂ ᠲᠦᠭᠰᠢᠭᠦᠷᠢᠲᠡᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠪᠠ ᠬᠢᠵᠢᠭ ᠲᠤ ᠬᠤᠯᠪᠣᠭᠳᠠᠭᠰᠠᠨ ᠬᠥᠮᠥᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠬᠥᠯᠥᠨ ᠪᠤᠶᠢᠷ ᠬᠤᠲᠠ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠥᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠮᠠᠨ ᠤ ᠬᠤᠰᠢᠭᠤᠨ ᠳᠤ ᠬᠦᠷᠦᠭᠰᠡᠨ ᠤ ᠳᠠᠷᠠᠭ᠎ᠠ ᠵᠠᠰᠠᠮᠠᠯ ᠵᠠᠮ ᠤᠨ ᠪᠠᠶᠢᠴᠠᠭᠠᠬᠤ ᠴᠡᠭ ᠲᠤ ︽ᠬᠦᠷᠦᠭᠰᠡᠨ ᠭᠠᠵᠠᠷ ᠤᠨ ᠪᠠᠶᠢᠴᠠᠭᠠᠯᠲᠠ︾ ᠬᠢᠬᠦ ᠶᠢᠨ ᠬᠠᠮᠲᠤ᠂ ᠴᠠᠭ ᠲᠤᠬᠠᠢ ᠳᠤᠨᠢ ︽3 ᠡᠳᠦᠷ ᠲᠤ 2 ᠤᠳᠠᠭ᠎ᠠ ᠶᠢᠨ ᠪᠠᠶᠢᠴᠠᠭᠠᠯᠲᠠ︾ ᠬᠢᠬᠦ ᠬᠡᠷᠡᠭᠲᠡᠢ᠃ ᠵᠣᠴᠢᠳ ᠤᠨ ᠪᠠᠭᠤᠳᠠᠯ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠬᠥᠮᠥᠨ ᠣᠯᠠᠨ ᠴᠤᠭᠯᠠᠷᠠᠭᠰᠠᠨ ᠲᠠᠯᠠᠪᠤᠷ ᠲᠤ ᠣᠷᠣᠬᠤ ᠳᠤ ᠡᠷᠬᠡᠪᠰᠢ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠃        ᠳᠥᠷᠪᠡ᠂ ᠬᠥᠯᠥᠨ ᠪᠤᠶᠢᠷ ᠬᠤᠲᠠ ᠶᠢᠨ ᠭᠠᠳᠠᠨ᠎ᠠ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠪᠦᠬᠦ ᠬᠥᠮᠥᠰ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠷᠬᠤ ᠠᠴᠠ ᠪᠠᠨ ᠡᠮᠦᠨ᠎ᠡ ᠵᠣᠷᠢᠭᠰᠠᠨ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠪᠠᠭᠤᠳᠠᠯ ᠳᠤ ᠮᠡᠳᠡᠭᠦᠯᠦᠨ ᠳᠠᠩᠰᠠᠯᠠᠭᠤᠯᠵᠤ᠂ ᠨᠡᠶᠢᠭᠡᠮ ᠲᠣᠭᠤᠷᠢᠭ ︵ᠭᠠᠴᠠᠭ᠎ᠠ︶ ᠤᠨ ᠲᠣᠥᠷᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠂ ᠵᠣᠬᠢᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃        ᠲᠠᠪᠤ᠂ ᠬᠥᠯᠥᠨ ᠪᠤᠶᠢᠷ ᠬᠤᠲᠠ ᠶᠢᠨ ᠬᠡᠪᠴᠢᠶᠡᠨ ᠳᠠᠬᠢ ᠡᠯ᠎ᠡ ᠬᠤᠰᠢᠭᠤ ᠬᠤᠲᠠ ᠲᠣᠭᠤᠷᠢᠭ ︵ᠥᠨᠳᠥᠷ ᠵᠡᠷᠭᠡ ᠶᠢᠨ ᠲᠦᠭᠰᠢᠭᠦᠷᠢᠲᠡᠢ ᠣᠷᠣᠨ ᠠᠴᠠ ᠭᠠᠳᠠᠨ᠎ᠠ︶ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠃ ᠣᠯᠠᠨ ᠨᠡᠶᠢᠲᠡ ᠪᠠᠷ ᠢᠶᠠᠨ ︽ᠠᠷᠠᠳ ᠢᠷᠭᠡᠳ ᠤᠨ ᠬᠢᠵᠢᠭ ᠢ ᠰᠡᠷᠭᠡᠶᠢᠯᠡᠬᠦ ᠦᠨᠳᠦᠰᠦᠨ ᠦᠶᠯᠡ ᠠᠵᠢᠯᠯᠠᠭᠠᠨ ᠤ ᠪᠠᠷᠢᠮᠵᠢᠶ᠎ᠠ︾ ᠶᠢᠨ ᠠᠭᠤᠯᠭ᠎ᠠ ᠶᠢ ᠦᠢᠯᠡᠳᠦᠯᠭᠡᠵᠢᠭᠦᠯᠬᠦ ᠶᠢ ᠰᠠᠨᠠᠭᠠᠴᠢᠯᠠᠵᠤ᠂ ᠭᠠᠷ ᠢᠶᠠᠨ ᠦᠷᠭᠦᠯᠵᠢ ᠤᠬᠢᠶᠠᠬᠤ᠂ ᠠᠮᠠᠪᠴᠢ ᠶᠢ ᠰᠢᠨᠵᠢᠯᠡᠬᠦ ᠤᠬᠠᠭᠠᠨᠴᠢ ᠪᠠᠷ ᠵᠡᠭᠦᠬᠦ᠂ 1 ᠮᠧᠲᠷ ᠤᠨ ᠵᠠᠢ ᠶᠢ ᠵᠢᠷᠤᠮᠯᠠᠬᠤ ᠵᠡᠷᠭᠡ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠳᠠᠳᠬᠠᠯ ᠢ ᠪᠣᠶ ᠪᠣᠯᠭᠠᠬᠤ ᠬᠡᠷᠡᠭᠲᠡᠢ᠃        ᠵᠢᠷᠭᠤᠭ᠎ᠠ᠂ ᠬᠥᠬᠡᠬᠤᠲᠠ᠂ ᠰᠢᠨᠵᠢᠶᠠᠩ᠂ ᠲᠥᠪᠡᠳ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠦᠮᠦᠰ ᠡᠷᠬᠡᠪᠰᠢ 3 ᠡᠳᠦᠷ ᠲᠤ 2 ᠤᠳᠠᠭ᠎ᠠ ᠪᠠᠶᠢᠴᠠᠭᠠᠯᠲᠠ ᠬᠢᠬᠦ ︵24 ᠴᠠᠭ ᠠᠯᠤᠰᠯᠠᠨ᠎ᠠ︶ ᠪᠥᠭᠡᠳ 24 ᠴᠠᠭ ᠤᠨ ᠳᠣᠲᠣᠷ᠎ᠠ ᠨᠢᠭᠡ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠬᠡᠷᠡᠭᠲᠡᠢ᠃ ᠡᠭᠦᠨ ᠤ ᠬᠠᠮᠲᠤ ᠢᠷᠡᠬᠦ ᠠᠴᠠ 48 ᠴᠠᠭ ᠤᠨ ᠡᠮᠦᠨ᠎ᠡ ᠪᠠᠶᠢᠭ᠎ᠠ ᠨᠡᠶᠢᠭᠡᠮ ᠲᠣᠭᠤᠷᠢᠭ᠂ ᠭᠠᠴᠠᠭ᠎ᠠ᠂ ᠨᠢᠭᠡᠴᠡ᠂ ᠵᠣᠴᠢᠳ ᠤᠨ ᠪᠠᠭᠤᠳᠠᠯ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠮᠠᠨ ᠤ ᠬᠤᠰᠢᠭᠤᠨ ᠳᠤ ᠬᠦᠷᠦᠭᠰᠡᠨ ᠤ ᠲᠠᠷᠠᠭ᠎ᠠ 7 ᠡᠳᠦᠷ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ᠂ 1᠂ 2᠂ 3᠂ 5᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠲᠤᠰᠠᠭᠠᠷᠯᠠᠬᠤ ᠬᠤᠭᠤᠴᠠᠭ᠎ᠠ ᠶᠢ ᠮᠠᠨ ᠤ ᠬᠤᠰᠢᠭᠤᠨ ᠳᠤ ᠬᠦᠷᠦᠭᠰᠡᠨ ᠴᠠᠭ ᠠᠴᠠ ᠡᠬᠢᠯᠡᠵᠦ ᠪᠤᠳᠤᠨ᠎ᠠ᠃ ᠨᠡᠶᠢᠭᠡᠮ ᠲᠣᠭᠤᠷᠢᠭ᠂ ᠭᠠᠴᠠᠭᠠᠨ ᠤ ᠠᠵᠢᠯᠲᠠᠳ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠭ᠎ᠠ ᠬᠥᠮᠥᠰ ᠲᠠᠢ ᠴᠠᠭ ᠲᠤᠬᠠᠢ ᠳᠤᠨᠢ ᠬᠠᠷᠢᠯᠴᠠᠨ᠂ ᠲᠡᠳᠡᠨ ᠤ ᠮᠡᠳᠡᠭᠡ ᠵᠠᠩᠭᠢ ᠶᠢ ᠡᠵᠡᠮᠰᠢᠵᠦ᠂ ᠰᠠᠭᠤᠵᠤ ᠪᠠᠶᠢᠭ᠎ᠠ ᠲᠠᠯᠠᠪᠤᠷ ᠭᠠᠵᠠᠷ ᠨᠢ ᠭᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠳᠤ ᠬᠦᠷᠦᠭᠰᠡᠨ ᠡᠰᠡᠬᠦ ᠶᠢ ᠤᠷᠢᠳᠴᠢᠯᠠᠨ ᠪᠠᠶᠢᠴᠠᠭᠠᠨ ᠦᠵᠡᠵᠦ᠂ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠮᠡᠳᠡᠭᠳᠡᠯ ᠤᠨ ᠪᠢᠴᠢᠭ ᠪᠠᠭᠤᠯᠭᠠᠵᠤ᠂ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠮᠡᠳᠡᠭᠳᠡᠬᠦ ᠶᠢᠨ ᠬᠠᠮᠲᠤ᠂ ︽ᠨᠢᠭᠡ ᠬᠥᠮᠥᠨ ᠳᠤ ᠨᠢᠭᠡ ᠲᠠᠩᠰᠠ ᠪᠠᠶᠢᠭᠤᠯᠬᠤ︾ ᠱᠠᠭᠠᠷᠳᠠᠯᠭ᠎ᠠ ᠶᠣᠰᠣᠭᠠᠷ ᠳᠡᠩᠰᠡᠯᠡᠨ ᠲᠡᠮᠳᠡᠭᠯᠡᠵᠦ᠂ ᠨᠡᠶᠢᠭᠡᠮ ᠲᠣᠭᠤᠷᠢᠭ ᠤᠨ ᠲᠣᠥᠷᠵᠢᠭᠤᠯᠤᠭᠰᠠᠨ ᠬᠠᠮᠢᠶᠠᠷᠤᠯᠲᠠ ᠳᠤ ᠣᠷᠤᠭᠤᠯᠬᠤ ᠬᠡᠷᠡᠭᠲᠡᠢ᠃ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠦᠪᠡᠷᠲᠡᠭᠡᠨ ᠬᠠᠷᠢᠭᠤᠴᠠᠬᠤ ᠬᠡᠷᠡᠭᠲᠡᠢ᠃        ᠰᠢᠨ᠎ᠡ ᠪᠠᠷᠭᠤ ᠪᠠᠷᠠᠭᠤᠨ ᠬᠤᠰᠢᠭᠤᠨ ᠤ ᠡᠯ᠎ᠡ ᠰᠣᠮᠣ ᠪᠠᠯᠭᠠᠰᠤ ︵ᠨᠡᠶᠢᠭᠡᠮ ᠲᠣᠭᠤᠷᠢᠭ︶ ᠶᠢᠨ ᠮᠡᠳᠡᠭᠦᠯᠦᠨ ᠳᠠᠩᠰᠠᠯᠠᠭᠤᠯᠬᠤ ᠤᠲᠠᠰᠤ        ᠨᠢᠭᠡᠳᠦᠭᠡᠷ ᠨᠡᠶᠢᠭᠡᠮ ᠲᠣᠭᠤᠷᠢᠭ ︵ᠪᠤᠶᠢᠷ ᠨᠡᠶᠢᠭᠡᠮ ᠲᠣᠭᠤᠷᠢᠭ︶ ᠬᠠᠷᠢᠯᠴᠠᠬᠤ ᠤᠲᠠᠰᠤ᠄ 13304700116        ᠬᠤᠶᠠᠳᠤᠭᠠᠷ ᠨᠡᠶᠢᠭᠡᠮ ᠲᠣᠭᠤᠷᠢᠭ ︵ᠪᠣᠭᠳᠠᠠᠭᠤᠯᠠ ᠨᠡᠶᠢᠭᠡᠮ ᠲᠣᠭᠤᠷᠢᠭ︶  ᠬᠠᠷᠢᠯᠴᠠᠬᠤ ᠤᠲᠠᠰᠤ᠄ 13304702536        ᠭᠤᠷᠪᠠᠳᠤᠭᠠᠷ ᠨᠡᠶᠢᠭᠡᠮ ᠲᠣᠭᠤᠷᠢᠭ ︵ᠬᠡᠷᠦᠯᠦᠨ ᠨᠡᠶᠢᠭᠡᠮ ᠲᠣᠭᠤᠷᠢᠭ︶  ᠬᠠᠷᠢᠯᠴᠠᠬᠤ ᠤᠲᠠᠰᠤ᠄ 13514807168        ᠳᠦᠷᠪᠡᠳᠦᠭᠡᠷ ᠨᠡᠶᠢᠭᠡᠮ ᠲᠣᠭᠤᠷᠢᠭ ︵ᠬᠦᠯᠦᠨ ᠨᠡᠶᠢᠭᠡᠮ ᠲᠣᠭᠤᠷᠢᠭ︶  ᠬᠠᠷᠢᠯᠴᠠᠬᠤ ᠤᠲᠠᠰᠤ᠄ 13722009844        ᠲᠠᠪᠤᠳᠤᠭᠠᠷ ᠨᠡᠶᠢᠭᠡᠮ ᠲᠣᠭᠤᠷᠢᠭ ︵ᠡᠷᠳᠡᠨᠢᠠᠭᠤᠯᠠ ᠨᠡᠶᠢᠭᠡᠮ ᠲᠣᠭᠤᠷᠢᠭ︶  ᠬᠠᠷᠢᠯᠴᠠᠬᠤ ᠤᠲᠠᠰᠤ᠄ 13947028769        ᠠᠯᠳ᠋ᠬᠠᠮᠡᠭᠡᠯ ᠪᠠᠯᠭᠠᠰᠤ ᠶᠢᠨ ᠪᠣᠰᠣᠳ ᠭᠠᠴᠠᠭ᠎ᠠ  ᠬᠠᠷᠢᠯᠴᠠᠬᠤ ᠤᠲᠠᠰᠤ᠄ 15248753264        ᠠᠷᠤᠬᠠᠰᠢᠶᠠᠲᠤ ᠪᠠᠯᠭᠠᠰᠤ  ᠬᠠᠷᠢᠯᠴᠠᠬᠤ ᠤᠲᠠᠰᠤ᠄ 18748367328        ᠬᠦᠯᠦᠨ ᠪᠠᠯᠭᠠᠰᠤ  ᠬᠠᠷᠢᠯᠴᠠᠬᠤ ᠤᠲᠠᠰᠤ᠄ 18547080163        ᠬᠡᠷᠦᠯᠦᠨ ᠰᠣᠮᠣ  ᠬᠠᠷᠢᠯᠴᠠᠬᠤ ᠤᠲᠠᠰᠤ᠄ 17604707742        ᠳᠠᠯᠠᠢ ᠰᠣᠮᠣ  ᠬᠠᠷᠢᠯᠴᠠᠬᠤ ᠤᠲᠠᠰᠤ᠄ 18947598521        ᠪᠤᠶᠢᠷ ᠰᠣᠮᠣ  ᠬᠠᠷᠢᠯᠴᠠᠬᠤ ᠤᠲᠠᠰᠤ᠄ 18504707576        ᠪᠣᠭᠳᠠᠠᠭᠤᠯᠠ ᠰᠣᠮᠣ  ᠬᠠᠷᠢᠯᠴᠠᠬᠤ ᠤᠲᠠᠰᠤ᠄ 18748458221             ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                              2022 ᠣᠨ ᠤ 11 ᠰᠠᠷ᠎ᠠ ᠶᠢᠨ 9 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号