ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠯᠬᠦᠮᠳᠡᠯ ᠭᠠᠴᠠᠭ᠎ᠠ ᠬᠦᠳᠡᠭᠡ ᠲᠣᠰᠬᠤᠨ ᠤ ᠬᠦᠭᠵᠢᠯ ᠮᠠᠨᠳᠤᠯᠲᠠ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2022/11/14
      ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠤᠬᠠᠰᠢᠶᠠᠲᠤ ᠪᠠᠯᠭᠠᠰᠤ ᠶᠢᠨ ᠪᠦᠯᠬᠦᠮᠳᠡᠯ ᠭᠠᠴᠠᠭ᠎ᠠ ᠭᠠᠴᠠᠭᠠᠨ ᠤ ᠪᠠᠨ ᠨᠡᠶᠢᠲᠡ ᠶᠢᠨ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠪᠠᠷ ᠳᠠᠮᠵᠢᠨ᠂ ᠨᠤᠲᠤᠭ ᠪᠡᠯᠴᠢᠭᠡᠷ ᠢ ᠨᠣᠭᠤᠭᠠᠷᠠᠭᠤᠯᠤᠨ ᠰᠠᠶᠢᠵᠢᠷᠠᠭᠤᠯᠵᠤ᠂ ᠬᠠᠮᠲᠤ ᠶᠢᠨ ᠠᠵᠤ ᠠᠬᠤᠢ ᠶᠢ ᠣᠷᠣᠯᠭ᠎ᠠ ᠡᠭᠦᠳᠦᠨ ᠦᠷ᠎ᠡ ᠠᠰᠢᠭ ᠢ ᠨᠡᠮᠡᠭᠳᠡᠭᠦᠯᠵᠦ᠂ ᠭᠠᠴᠠᠭᠠᠨ ᠤ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠵᠠᠷᠤᠯᠭ᠎ᠠ ᠶᠢ ᠪᠠᠭᠠᠰᠬᠠᠵᠤ᠂ ᠨᠤᠲᠤᠭ ᠪᠡᠯᠴᠢᠭᠡᠷ ᠤᠨ ᠠᠮᠢ ᠠᠬᠤᠢ᠂ ᠬᠠᠮᠲᠤ ᠶᠢᠨ ᠠᠵᠤ ᠠᠬᠤᠢ᠂ ᠮᠠᠯᠵᠢᠬᠤ ᠡᠷᠦᠬᠡ ᠶᠢᠨ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠪᠡ᠃       ᠣᠳᠣᠬᠠᠨ ᠳᠤ ᠮᠠᠯᠵᠢᠬᠤ ᠣᠷᠣᠨ ᠨᠠᠮᠤᠷ ᠤᠨ ᠡᠪᠡᠰᠦ ᠬᠠᠳᠤᠵᠤ ᠬᠠᠳᠠᠭᠠᠯᠠᠬᠤ ᠠᠵᠢᠯ ᠢᠶᠠᠨ ᠳᠠᠭᠤᠰᠬᠠᠯ᠎ᠠ᠃ ᠠᠷᠤᠬᠠᠰᠢᠶᠠᠲᠤ ᠪᠠᠯᠭᠠᠰᠤ ᠶᠢᠨ ᠪᠦᠯᠬᠦᠮᠳᠡᠯ ᠭᠠᠴᠠᠭᠠᠨ ᠤ ᠮᠠᠯᠴᠢᠳ ᠨᠡᠶᠢᠲᠡ ᠶᠢᠨ ᠨᠤᠲᠤᠭ ᠪᠡᠯᠴᠢᠭᠡᠷ ᠳᠡᠭᠡᠷ᠎ᠡ ᠪᠠᠨ ᠪᠣᠷᠳᠤᠭ᠎ᠠ ᠬᠠᠳᠤᠵᠤ ᠬᠤᠷᠢᠶᠠᠪᠠ᠃ ᠣᠶᠢᠷ᠎ᠠ ᠶᠢᠨ ᠬᠤᠶᠠᠷ ᠵᠢᠯ ᠮᠠᠯᠴᠢᠳ ᠳᠠᠪᠰᠢᠯᠲᠤ ᠭᠠᠴᠠᠭᠠᠨ ᠤ ᠪᠠᠨ 500 ᠮᠦ ᠪᠡᠯᠴᠢᠭᠡᠷ ᠢ ᠮᠦ ᠪᠦᠷᠢ ᠶᠢᠨ 10 ᠲᠦᠬᠦᠷᠢᠭ ᠢᠶᠠᠷ ᠲᠦᠷᠢᠶᠡᠰᠦᠯᠡᠵᠦ᠂ ᠥᠨᠥ ᠨᠠᠮᠤᠷ 100 ᠪᠣᠭᠤᠵᠢ 250 ᠺᠢᠯᠤᠭ᠍ᠷᠠᠮ ᠪᠣᠷᠳᠤᠭ᠎ᠠ ᠬᠠᠳᠤᠵᠤ ᠬᠤᠷᠢᠶᠠᠨ᠂ ᠬᠦᠮᠦᠨ ᠤ ᠬᠦᠴᠦ᠂ ᠮᠠᠰᠢᠨ ᠮᠧᠬᠠᠨᠢᠭ ᠵᠡᠷᠭᠡ ᠵᠠᠷᠤᠳᠠᠯ ᠢᠶᠠᠨ ᠭᠠᠷᠭᠠᠭᠰᠠᠨ ᠤ ᠳᠠᠷᠠᠭ᠎ᠠ᠂ ᠪᠣᠭᠤᠵᠢ ᠪᠣᠷᠳᠤᠭ᠎ᠠ ᠪᠦᠷᠢ ᠶᠢᠨ ᠦᠪᠡᠷ ᠤᠨ ᠦᠷᠲᠡᠭ ᠨᠢ ᠰᠠᠶ᠋ᠢ 100 ᠲᠦᠬᠦᠷᠢᠭ ᠣᠷᠴᠢᠮ ᠪᠠᠶᠢᠪᠠ᠃       ︽ᠪᠣᠷᠳᠤᠭ᠎ᠠ ᠪᠠᠨ ᠬᠠᠳᠤᠵᠤ ᠪᠠᠷᠠᠭᠠᠳ ᠬᠠᠰᠢᠶᠠᠨ ᠳᠤ ᠣᠷᠤᠭᠤᠯᠪᠠᠯ 100 ᠲᠦᠬᠦᠷᠢᠭ ᠣᠷᠴᠢᠮ᠂ ᠨᠡᠯᠢᠶᠡᠳ ᠬᠢᠮᠳᠠ ᠪᠠᠶᠢᠵᠤ᠂ ᠪᠣᠷᠳᠣᠭᠠᠨ ᠤ ᠦᠪᠡᠷ ᠤᠨ ᠦᠷᠲᠡᠭ ᠨᠢ ᠤᠤᠯ ᠤᠨ ᠬᠢ ᠠᠴᠠ ᠬᠤᠶᠠᠷ ᠭᠤᠷᠪᠠᠨ ᠲᠦᠮᠡᠨ ᠲᠦᠬᠦᠷᠢᠭ ᠠᠷᠪᠢᠯᠠᠵᠠᠢ᠃ ᠡᠨᠡ ᠵᠢᠯ ᠭᠠᠴᠠᠭᠠᠨ ᠠᠴᠠ ᠪᠢᠳᠡᠨ ᠳᠤ ᠨᠡᠶᠢᠲᠡ ᠶᠢᠨ ᠨᠤᠲᠤᠭ ᠪᠡᠯᠴᠢᠭᠡᠷ ᠢ ᠬᠢᠮᠳᠠ ᠦᠨ᠎ᠡ ᠪᠠᠷ ᠲᠦᠷᠢᠶᠡᠰᠦᠯᠡᠵᠦ ᠥᠭᠭᠦᠭᠰᠡᠨ ᠳᠤ ᠪᠢᠳᠡ ᠪᠦᠷ ᠪᠠᠶᠠᠷᠯᠠᠵᠤ ᠪᠠᠶᠢᠨ᠎ᠠ︾ ᠭᠡᠵᠦ ᠳᠠᠪᠰᠢᠯᠲᠤ ᠶᠠᠷᠢᠵᠤ ᠪᠠᠶᠢᠯ᠎ᠠ᠃       ᠪᠦᠯᠬᠦᠮᠳᠡᠯ ᠭᠠᠴᠠᠭ᠎ᠠ ᠨᠡᠶᠢᠲᠡ 127 ᠲᠦᠮᠡᠨ ᠮᠦ ᠨᠡᠶᠢᠲᠡ ᠶᠢᠨ ᠨᠤᠲᠤᠭ ᠪᠡᠯᠴᠢᠭᠡᠷ ᠲᠠᠢ ᠶᠤᠮ᠂ ᠭᠠᠴᠠᠭᠠᠨ ᠠᠴᠠ ᠡᠨᠡᠬᠦ ᠨᠤᠲᠤᠭ ᠪᠡᠯᠴᠢᠭᠡᠷ ᠢᠶᠠᠨ ᠵᠤᠰᠠᠯᠠᠩ᠂ ᠬᠠᠳᠤᠯᠠᠩ᠂ ᠡᠪᠦᠯᠵᠢᠶ᠎ᠡ ᠭᠡᠵᠦ ᠭᠤᠷᠪᠠᠨ ᠬᠡᠰᠡᠭ ᠬᠤᠪᠢᠶᠠᠵᠤ᠂ ᠡᠭᠦᠨ ᠳᠤ ᠬᠠᠳᠤᠯᠠᠩ ᠤᠨ ᠲᠠᠯᠠᠪᠠᠢ ᠨᠢ 7 ᠲᠦᠮᠡ ᠭᠠᠷᠤᠢ ᠮᠦ ᠪᠣᠯᠣᠨ᠎ᠠ᠃ ᠣᠶᠢᠷ᠎ᠠ ᠶᠢᠨ ᠬᠡᠳᠦᠨ ᠵᠢᠯ ᠳᠤ᠂ ᠲᠤᠰ ᠭᠠᠴᠠᠭ᠎ᠠ ᠪᠢᠲᠡᠭᠦᠮᠵᠢᠯᠡᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠂ ᠠᠮᠢ ᠠᠬᠤᠢ ᠣᠷᠴᠢᠨ ᠲᠣᠭᠤᠷᠢᠨ ᠢ ᠡᠷᠴᠢᠮᠲᠡᠢ ᠰᠠᠶᠢᠵᠢᠷᠠᠭᠤᠯᠪᠠ᠃ 2021 ᠣᠨ ᠳᠤ᠂ ᠭᠠᠴᠠᠭᠠᠨ ᠤ ︽ᠬᠤᠶᠠᠷ ᠵᠥᠪᠯᠡᠯ︾ ᠵᠢᠴᠢ ᠮᠠᠯᠴᠢᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ 7 ᠲᠦᠮᠡ ᠭᠠᠷᠤᠢ ᠮᠦ ᠲᠠᠯᠠᠪᠠᠢ ᠲᠠᠢ ᠬᠠᠳᠤᠯᠠᠩ ᠢᠶᠠᠨ ᠭᠠᠴᠠᠭᠠᠨ ᠤ ᠮᠠᠯᠴᠢᠳ ᠲᠤ ᠲᠦᠷᠢᠶᠡᠰᠦᠯᠡᠨ ᠥᠭᠴᠦ᠂ ᠡᠷᠦᠬᠡ ᠪᠦᠷᠢ ᠳᠤᠮᠳᠠᠴᠢ ᠪᠠᠷ 500 ᠭᠠᠷᠤᠢ ᠮᠦ ᠲᠦᠷᠢᠶᠡᠰᠦᠯᠡᠵᠦ᠂ ᠮᠤ᠋ ᠪᠦᠷᠢ ᠠᠴᠠ ᠵᠥᠪᠬᠡᠨ 10 ᠲᠦᠬᠦᠷᠢᠭ ᠤᠨ ᠲᠦᠷᠢᠶᠡᠰᠦᠨ ᠮᠦᠩᠭᠦ ᠬᠤᠷᠢᠶᠠᠨ᠎ᠠ ᠭᠡᠵᠦ ᠰᠠᠨᠠᠯ ᠨᠢᠭᠡᠲᠡᠢ ᠲᠣᠭᠲᠠᠪᠠ᠃ ᠮᠠᠯᠴᠢᠳ ᠨᠠᠮᠤᠷ ᠲᠠᠭᠠᠨ ᠦᠪᠡᠷ ᠢᠶᠠᠨ ᠦᠢᠯᠡᠳᠪᠦᠷᠢᠯᠡᠵᠦ ᠦᠪᠡᠷ ᠢᠶᠠᠨ ᠪᠣᠷᠤᠯᠠᠭᠤᠯᠤᠨ᠂ ᠡᠪᠡᠰᠦ ᠪᠣᠷᠳᠤᠭ᠎ᠠ ᠬᠤᠳᠠᠯᠳᠤᠨ ᠠᠪᠬᠤ ᠳᠠᠷᠤᠭᠠᠰᠤ ᠬᠦᠨᠳᠦ᠂ ᠮᠠᠯ ᠤᠨᠤᠭ᠎ᠠ ᠮᠡᠨᠳᠦ ᠡᠪᠦᠯᠵᠢᠬᠦ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠡᠭᠦᠨ ᠢᠶᠠᠷ ᠳᠠᠮᠵᠢᠨ ᠮᠠᠯᠴᠢᠨ ᠲᠦᠮᠡᠨ ᠠᠰᠢᠭ ᠬᠦᠷᠲᠡᠭᠰᠡᠨ ᠢᠶᠠᠷ ᠪᠠᠷᠠᠬᠤ ᠦᠭᠡᠢ᠂ ᠭᠠᠴᠠᠭ᠎ᠠ ᠴᠤ ᠵᠢᠯ ᠪᠦᠷᠢ 70 ᠭᠠᠷᠤᠢ ᠲᠦᠮᠡᠨ ᠲᠦᠬᠦᠷᠢᠭ ᠤᠨ ᠬᠠᠮᠲᠤ ᠶᠢᠨ ᠠᠵᠤ ᠠᠬᠤᠢ ᠶᠢᠨ ᠠᠰᠢᠭ ᠣᠯᠪᠠ᠃ ᠬᠠᠷᠢᠶ᠎ᠠ ᠣᠷᠣᠨ ᠤ ᠮᠠᠯᠴᠢᠳ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠵᠤᠨ᠂ ᠡᠪᠦᠯ ᠬᠤᠶᠠᠷ ᠤᠯᠠᠷᠢᠯ ᠳᠤ ᠨᠡᠶᠢᠲᠡ ᠶᠢᠨ ᠨᠤᠲᠤᠭ ᠪᠡᠯᠴᠢᠭᠡᠷ ᠲᠤ ᠦᠨ᠎ᠡ ᠲᠦᠯᠦᠪᠦᠷᠢ ᠦᠭᠡᠢ ᠪᠠᠷ ᠮᠠᠯ ᠢᠶᠠᠨ ᠬᠠᠷᠢᠭᠤᠯᠵᠤ᠂ ᠦᠢᠯᠡᠳᠪᠦᠷᠢᠯᠡᠯ ᠤᠨ ᠦᠪᠡᠷ ᠤᠨ ᠦᠷᠲᠡᠭᠡ ᠶᠢ ᠶᠡᠬᠡᠪᠡᠷ ᠪᠠᠭᠤᠷᠠᠭᠤᠯᠤᠭᠰᠠᠨ ᠪᠠᠶᠢᠨ᠎ᠠ᠃       ︽ᠣᠳᠤ ᠠᠮᠢ ᠠᠬᠤᠢ ᠣᠷᠴᠢᠨ ᠲᠣᠭᠤᠷᠢᠨ ᠰᠠᠶᠢᠵᠢᠷᠠᠵᠤ᠂ ᠨᠤᠲᠤᠭ ᠪᠡᠯᠴᠢᠭᠡᠷ ᠴᠦ ᠰᠡᠷᠭᠦᠵᠦ ᠪᠠᠶᠢᠨ᠎ᠠ᠂ ᠮᠠᠨ ᠤ ᠬᠠᠮᠲᠤ ᠶᠢᠨ ᠬᠤᠷᠠᠮᠳᠤᠭᠤᠯᠭ᠎ᠠ ᠴᠦ ᠲᠠᠰᠤᠷᠠᠯᠲᠠ ᠦᠭᠡᠢ ᠨᠡᠮᠡᠭᠳᠡᠵᠦ᠂ ᠬᠠᠮᠤᠭ ᠤᠨ ᠭᠤᠣᠯ ᠨᠢ ᠮᠠᠯᠴᠢᠳ ᠤᠨ ᠣᠷᠣᠯᠭ᠎ᠠ ᠴᠦ ᠨᠡᠮᠡᠭᠳᠡᠭᠰᠡᠨ ᠪᠠᠶᠢᠨ᠎ᠠ︾ ᠭᠡᠵᠦ ᠪᠦᠯᠬᠦᠮᠳᠡᠯ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠬᠠᠰᠪᠤᠶᠠᠨ ᠪᠠᠶᠠᠷ ᠲᠠᠢ ᠶᠠᠷᠢᠵᠤ ᠪᠠᠶᠢᠯ᠎ᠠ᠃       ᠣᠶᠢᠷ᠎ᠠ ᠶᠢᠨ ᠵᠢᠯ ᠠᠴᠠ ᠨᠠᠰᠢ᠂ ᠠᠷᠤᠬᠠᠰᠢᠶᠠᠲᠤ ᠪᠠᠯᠭᠠᠰᠤ ᠶᠢᠨ ᠪᠦᠯᠬᠦᠮᠳᠡᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠶᠡᠷᠦᠩᠬᠡᠢ ᠲᠤᠭ᠎ᠠ 150 ᠭᠠᠷᠤᠢ ᠲᠦᠮᠡᠨ ᠲᠦᠬᠦᠷᠢᠭ ᠲᠤ ᠬᠦᠷᠴᠦ᠂ ᠡᠳᠡᠭᠡᠷ ᠣᠷᠣᠯᠭ᠎ᠠ ᠨᠢ ᠭᠠᠴᠠᠭᠠᠨ ᠤ ᠨᠠᠮ ᠤᠨ ᠪᠠᠶᠢᠭᠤᠯᠤᠯᠲᠠ ᠪᠠᠷ ᠬᠦᠭᠵᠢᠯᠲᠡ ᠶᠢ ᠬᠦᠲᠦᠯᠦᠨ ᠳᠠᠭᠠᠭᠤᠯᠬᠤ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠦᠷᠬᠦᠯᠵᠢᠯᠡᠨ ᠬᠦᠴᠦᠯᠡᠵᠦ᠂ ᠠᠮᠢ ᠠᠬᠤᠢ ᠨᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠮᠢᠳᠤᠷᠠᠯ ᠨᠢ ᠪᠠᠶᠠᠨ ᠴᠢᠨᠡᠭᠡᠯᠢᠭ ᠪᠠᠶᠢᠬᠤ ᠶᠢ ᠵᠣᠬᠢᠴᠠᠭᠤᠯᠤᠨ ᠬᠦᠭᠵᠢᠭᠦᠯᠬᠦ ᠪᠠᠷ ᠬᠠᠷᠠᠯᠲᠠ ᠪᠣᠯᠭᠠᠵᠤ᠂ ᠣᠯᠠᠨ ᠠᠷᠭ᠎ᠠ ᠵᠠᠮ ᠢᠶᠠᠷ ᠳᠠᠮᠵᠢᠨ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠦᠷᠭᠡᠨ ᠬᠦᠭᠵᠢᠯᠲᠡ ᠶᠢ ᠪᠡᠶᠡᠯᠡᠭᠦᠯᠪᠡ᠃ ᠳᠠᠷᠠᠭᠠᠴᠢ ᠶᠢᠨ ᠠᠯᠬᠤᠮ ᠳᠤ᠂ ᠲᠤᠰ ᠭᠠᠴᠠᠭ᠎ᠠ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠥ ᠶᠢᠨ ᠴᠢᠳᠠᠮᠵᠢ ᠪᠠ ᠦᠢᠯᠡᠴᠢᠯᠡᠭᠡᠨ ᠤ ᠴᠢᠳᠠᠮᠵᠢ ᠶᠢ ᠲᠠᠰᠤᠯᠷ᠎ᠠ ᠦᠭᠡᠢ ᠳᠡᠭᠡᠭᠰᠢᠯᠡᠭᠦᠯᠵᠦ᠂ ᠬᠦᠳᠡᠭᠡ ᠲᠣᠰᠬᠤᠨ ᠤ ᠬᠦᠭᠵᠢᠯᠲᠡ ᠶᠢᠨ ᠪᠦᠲᠦᠭᠡᠯᠴᠢ ᠴᠢᠳᠠᠪᠤᠷᠢ ᠶᠢ ᠤᠯᠠᠮ ᠴᠢᠩᠭᠠᠷᠠᠭᠤᠯᠵᠤ᠂ ᠮᠠᠯᠵᠢᠬᠤ ᠣᠷᠣᠨ ᠤ ᠠᠵᠤ ᠦᠢᠯᠡᠰ ᠬᠦᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠤᠲᠤᠭ ᠣᠷᠣᠨ ᠪᠣᠯᠪᠠᠰᠤᠨ ᠬᠦᠴᠦᠷᠬᠡᠭ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠢ ᠲᠦᠷᠭᠡᠳᠬᠡᠨ ᠪᠡᠶᠡᠯᠡᠭᠦᠯᠵᠦ᠂ ᠭᠠᠴᠠᠭᠠᠨ ᠤ ᠡᠯ᠎ᠡ ᠵᠦᠢᠯ ᠤᠨ ᠠᠵᠢᠯ ᠤᠨ ᠰᠢᠨ᠎ᠡ ᠱᠠᠲᠤᠨ ᠳᠤ ᠭᠠᠷᠬᠤ ᠶᠢ ᠲᠦᠯᠬᠢᠨ ᠠᠬᠢᠭᠤᠯᠵᠤ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ ᠥᠭᠪᠡ᠃
 
ᠢᠷᠡᠯᠲᠡ᠄ ᠬᠦᠯᠦᠨ ᠪᠣᠶᠢᠷ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号