ᠬᠦᠯᠦᠨ ᠬᠠᠥᠯᠢ ᠴᠠᠭᠠᠵᠠ ᠶᠢᠨ ᠭᠠᠵᠠᠷ ᠠᠷᠠᠳ ᠤᠨ ᠡᠶᠡᠳᠡᠭᠦᠯᠦᠭᠴᠢ ᠵᠢᠴᠢ ︽ᠬᠠᠥᠯᠢ ᠴᠠᠭᠠᠵᠠ ᠶᠢ ᠣᠶᠢᠯᠠᠭᠠᠭᠴᠢ︾ ᠶᠢᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/11/15
       ᠬᠦᠯᠦᠨ ᠪᠠᠯᠭᠠᠰᠤ ᠶᠢᠨ ᠬᠤᠶᠠᠷ ᠵᠥᠪᠯᠡᠯ ᠤᠨ ᠺᠠᠳ᠋ᠷ᠂ ᠠᠷᠠᠳ ᠤᠨ ᠡᠶᠡᠳᠡᠭᠦᠯᠦᠭᠴᠢ ᠵᠢᠴᠢ ︽ᠬᠠᠥᠯᠢ ᠴᠠᠭᠠᠵᠠ ᠶᠢ ᠣᠶᠢᠯᠠᠭᠠᠭᠴᠢ︾ ᠶᠢᠨ ᠬᠠᠥᠯᠢ ᠶᠢ ᠰᠤᠷᠴᠤ᠂ ᠬᠠᠥᠯᠢ ᠶᠢ ᠲᠦᠭᠡᠮᠡᠯᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠥᠯᠢ ᠲᠦᠭᠡᠮᠡᠯᠵᠢᠭᠦᠯᠬᠦ ᠡᠩᠨᠡᠭᠡ ᠶᠢ ᠪᠤᠵᠠᠭᠠᠶᠢᠷᠠᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠤ ᠬᠠᠥᠯᠢ ᠴᠠᠭᠠᠵᠠ ᠶᠢᠨ ᠤᠬᠠᠮᠰᠠᠷ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠶᠢᠨ ᠲᠦᠯᠦᠭᠡ᠂ ᠣᠶᠢᠷ᠎ᠠ ᠳᠤ᠂ ᠬᠦᠯᠦᠨ ᠪᠠᠯᠭᠠᠰᠤ ᠶᠢᠨ ᠬᠠᠥᠯᠢ ᠴᠠᠭᠠᠵᠠ ᠶᠢᠨ ᠭᠠᠵᠠᠷ ᠠᠷᠠᠳ ᠤᠨ ᠡᠶᠡᠳᠡᠭᠦᠯᠦᠭᠴᠢ ᠵᠢᠴᠢ ︽ᠬᠠᠥᠯᠢ ᠴᠠᠭᠠᠵᠠ ᠶᠢ ᠣᠶᠢᠯᠠᠭᠠᠭᠴᠢ︾ ᠶᠢᠨ ᠪᠣᠯᠪᠠᠰᠤᠷᠠᠯ ᠡᠷᠬᠢᠯᠡᠪᠡ᠃
       ᠪᠣᠯᠪᠠᠰᠤᠷᠠᠯ ᠳᠤ᠂ ᠬᠠᠥᠯᠢ ᠴᠠᠭᠠᠵᠠ ᠶᠢᠨ ᠭᠠᠵᠠᠷ ᠤᠨ ᠠᠵᠢᠯᠲᠠᠨ ᠠᠴᠠ ᠬᠦᠯᠦᠨ ᠪᠣᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ︽ᠬᠠᠥᠯᠢ ᠴᠠᠭᠠᠵᠠ ᠶᠢ ᠣᠶᠢᠯᠠᠭᠠᠭᠴᠢ︾ ᠶᠢ ᠬᠦᠮᠦᠵᠢᠭᠦᠯᠬᠦ ᠢᠨᠵᠧᠨᠧᠷᠢᠩ ᠤᠨ ᠬᠡᠷᠡᠭᠵᠢᠭᠦᠯᠬᠦ ᠲᠦᠰᠦᠯ ᠢ ᠦᠨᠳᠦᠰᠦᠯᠡᠵᠦ᠂ ︽ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ︾᠂ ︽ᠠᠷᠠᠳ ᠤᠨ ᠡᠶᠡᠳᠡᠭᠦᠯᠬᠦ ᠬᠠᠥᠯᠢ︾᠂ ︽ᠢᠷᠭᠡᠨ ᠤ ᠬᠠᠥᠯᠢ ᠶᠢᠨ ᠪᠢᠴᠢᠭ︾᠂ ︽ᠦᠨᠳᠦᠰᠦᠨ ᠬᠠᠥᠯᠢ︾ ᠵᠡᠷᠭᠡ ᠬᠠᠥᠯᠢ ᠴᠠᠭᠠᠵᠠ ᠬᠠᠥᠯᠢ ᠳᠦᠷᠢᠮ ᠢ ᠨᠠᠷᠢᠯᠢᠭ ᠲᠠᠶᠢᠯᠪᠤᠷᠢᠯᠠᠪᠠ᠃
       ᠬᠦᠯᠦᠨ ᠬᠠᠥᠯᠢ ᠴᠠᠭᠠᠵᠠ ᠶᠢᠨ ᠭᠠᠵᠠᠷ ᠠᠷᠠᠳ ᠤᠨ ᠡᠶᠡᠳᠡᠭᠦᠯᠦᠭᠴᠢ᠂ ︽ᠬᠠᠥᠯᠢ ᠴᠠᠭᠠᠵᠠ ᠶᠢ ᠣᠶᠢᠯᠠᠭᠠᠭᠴᠢ︾ ᠶᠢᠨ ᠪᠣᠯᠪᠠᠰᠤᠷᠠᠯ ᠵᠢᠴᠢ ᠬᠠᠥᠯᠢ ᠴᠠᠭᠠᠵᠠ ᠶᠢᠨ ᠤᠬᠠᠭᠤᠯᠭ᠎ᠠ ᠶᠢ ᠦᠷᠬᠦᠯᠵᠢᠯᠡᠨ ᠴᠢᠩᠭᠠᠳᠬᠠᠵᠤ᠂ ᠬᠡᠪ ᠴᠢᠨᠠᠷ ᠢᠶᠠᠷ ᠦᠨᠳᠦᠷ ︽ᠬᠠᠥᠯᠢ ᠴᠠᠭᠠᠵᠠ ᠶᠢ ᠣᠶᠢᠯᠠᠭᠠᠭᠴᠢ︾ ᠶᠢᠨ ᠡᠩᠨᠡᠭᠡ ᠶᠢ ᠪᠠᠶᠢᠭᠤᠯᠬᠤ ᠪᠠᠷ ᠴᠢᠷᠮᠠᠶᠢᠵᠤ ᠪᠤᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号