ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠷᠳᠣᠭᠠᠨ ᠤ ᠬᠦᠮᠦᠷᠭᠡ ᠳᠤ ᠠᠮᠤᠷ ᠲᠦᠪᠰᠢᠨ ᠤ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2022/11/15
       ᠣᠶᠢᠷ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠪᠠᠶᠢᠴᠠᠭᠠᠬᠤ ᠳᠤᠭᠤᠶᠢᠯᠠᠩ ᠬᠤᠰᠢᠭᠤᠨ ᠤ ᠰᠢᠩ ᠮᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠪᠣᠷᠳᠣᠭᠠᠨ ᠤ ᠬᠦᠮᠦᠷᠭᠡ ᠳᠤ ᠡᠯ᠎ᠡ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠦᠷᠨᠢᠭᠦᠯᠪᠡ᠃
       ᠪᠠᠶᠢᠴᠠᠭᠠᠯᠲᠠ ᠳᠤ ᠭᠤᠣᠯᠳᠠᠭᠤ ᠮᠠᠨ ᠤ ᠬᠤᠰᠢᠭᠤᠨ ᠤ ᠡᠪᠦᠯ ᠤᠨ ᠤᠯᠠᠷᠢᠯ ᠤᠨ ᠭᠠᠮᠰᠢᠭ ᠲᠠᠢ ᠲᠡᠮᠡᠴᠡᠬᠦ ᠲᠣᠨᠤᠭ ᠲᠦᠬᠦᠭᠡᠷᠦᠮᠵᠢ ᠶᠢ ᠬᠠᠮᠠᠭᠠᠯᠠᠨ ᠬᠠᠮᠢᠶᠠᠷᠴᠤ ᠪᠠᠶᠢᠭ᠎ᠠ ᠪᠠᠶᠢᠳᠠᠯ᠂ ᠭᠠᠮᠰᠢᠭ ᠲᠠᠢ ᠲᠡᠮᠡᠴᠡᠬᠦ ᠡᠪᠡᠰᠦ ᠪᠣᠷᠳᠤᠭ᠎ᠠ ᠨᠦᠬᠡᠴᠡᠯᠡᠭᠰᠡᠨ ᠪᠠᠶᠢᠳᠠᠯ ᠪᠠ ᠲᠡᠵᠢᠭᠡᠯ ᠪᠣᠷᠳᠤᠭ᠎ᠠ ᠶᠢᠨ ᠬᠦᠮᠦᠷᠭᠡ᠂ ᠲᠣᠨᠤᠭ ᠲᠦᠬᠦᠭᠡᠷᠦᠮᠵᠢ ᠶᠢᠨ ᠬᠦᠮᠦᠷᠭᠡ ᠳᠤ ᠬᠢᠨᠠᠨ ᠡᠵᠡᠮᠰᠢᠬᠦ ᠲᠣᠨᠤᠭ ᠲᠦᠬᠦᠭᠡᠷᠦᠮᠵᠢ ᠤᠭᠰᠠᠷᠠᠭᠰᠠᠨ ᠪᠠᠶᠢᠳᠠᠯ ᠵᠢᠴᠢ ᠭᠠᠯ ᠢ ᠰᠡᠷᠭᠡᠶᠢᠯᠡᠬᠦ ᠪᠡᠯᠡᠳᠬᠡᠯ ᠠᠵᠢᠯ ᠤᠨ ᠪᠠᠶᠢᠳᠠᠯ ᠵᠡᠷᠭᠡ ᠶᠢ ᠲᠤᠬᠠᠢ ᠶᠢᠨ ᠲᠠᠯᠠᠪᠤᠷ ᠲᠤ ᠪᠠᠶᠢᠴᠠᠭᠠᠨ ᠦᠵᠡᠪᠡ᠃
       ᠪᠠᠶᠢᠴᠠᠭᠠᠯᠲᠠ ᠠᠴᠠ ᠭᠠᠯ ᠢ ᠰᠡᠷᠭᠡᠶᠢᠯᠡᠬᠦ ᠠᠮᠤᠷ ᠲᠦᠪᠰᠢᠨ ᠤ ᠴᠢᠬᠤᠯᠠ ᠴᠢᠨᠠᠷ ᠵᠢᠴᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠶᠢᠨ ᠴᠢᠬᠤᠯᠠ ᠴᠢᠨᠠᠷ ᠢ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠰᠤᠭᠤᠭ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠦᠬᠦ ᠬᠤᠰᠢᠭᠤᠨ ᠤ ᠮᠠᠯᠵᠢᠬᠤ ᠦᠢᠯᠡᠳᠪᠦᠷᠢᠯᠡᠯ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠡᠭᠦᠳᠦᠨ ᠥᠭᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号