ᠮᠠᠨ ᠤ ᠬᠤᠰᠢᠭᠤ ᠨᠠᠮᠤᠷ ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠠᠵᠢᠯ ᠦᠷᠨᠢᠭᠦᠯᠵᠦ ᠲᠠᠯ᠎ᠠ ᠨᠤᠲᠤᠭ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ ᠪᠣᠢ
ᠨᠡᠶᠢᠲᠡᠯᠡᠭᠰᠡᠨ ᠴᠠᠭ᠄
2022/11/2
       ᠨᠠᠮᠤᠷ ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠠᠵᠢᠯ ᠢ ᠤᠷᠤᠭᠰᠢᠲᠠᠢ ᠶᠠᠪᠤᠭᠳᠠᠭᠤᠯᠵᠤ᠂ ᠮᠠᠨ ᠤ ᠬᠤᠰᠢᠭᠤᠨ ᠤ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠶᠢᠨ ᠲᠦᠯᠦᠭᠡ᠂ ᠣᠶᠢᠷ᠎ᠠ ᠳᠤ ᠬᠤᠰᠢᠭᠤᠨ ᠤ ᠲᠠᠯ᠎ᠠ ᠨᠤᠲᠤᠭ ᠤᠨ ᠠᠵᠢᠯ ᠦᠢᠯᠡᠰ ᠤᠨ ᠬᠦᠭᠵᠢᠯᠲᠡ ᠶᠢᠨ ᠲᠥᠪ ᠠᠴᠠ ᠦᠪᠦᠷ ᠮᠣᠩᠭᠤᠯ ᠤᠨ ᠮᠦ ᠭᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠳᠤ ᠨᠠᠶᠢᠳᠠᠵᠤ᠂ ᠬᠤᠯᠣᠭᠠᠨ᠎ᠠ ᠤᠰᠠᠳᠬᠠᠬᠤ ᠬᠤᠣᠷᠲᠤ ᠥᠭᠶᠦᠭᠡ ᠨᠠᠶᠢᠷᠠᠭᠤᠯᠬᠤ ᠠᠵᠢᠯ ᠦᠷᠨᠢᠭᠦᠯᠵᠦ᠂ ᠨᠡᠶᠢᠲᠡ 500 ᠲᠣᠨ ᠬᠤᠣᠷᠲᠤ ᠥᠭᠶᠦᠭᠡ ᠨᠠᠶᠢᠷᠠᠭᠤᠯᠬᠤ ᠪᠠᠷ ᠲᠦᠯᠦᠪᠯᠡᠵᠦ ᠪᠤᠢ᠃
       ᠬᠤᠯᠣᠭᠠᠨ᠎ᠠ ᠤᠰᠠᠳᠬᠠᠬᠤ ᠬᠤᠣᠷᠲᠤ ᠥᠭᠶᠦᠭᠡ ᠪᠣᠯ ᠬᠤᠣᠷᠲᠠᠢ ᠡᠮ ᠪᠣᠯᠬᠤᠷ᠂ ᠬᠦᠮᠦᠨ ᠮᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ ᠲᠣᠭᠲᠠᠭᠠᠭᠰᠠᠨ ᠨᠠᠶᠢᠷᠠᠯᠭ᠎ᠠ ᠪᠠ ᠠᠵᠢᠯᠯᠠᠬᠤ ᠳᠦᠷᠢᠮ ᠢ ᠴᠢᠩᠭ᠎ᠠ ᠵᠢᠷᠤᠮᠯᠠᠨ᠂ ᠰᠠᠯᠬᠢ ᠨᠡᠪᠲᠡᠷᠡᠭᠦᠯᠦᠨ ᠬᠠᠲᠠᠭᠤᠷᠠᠭᠤᠯᠬᠤ ᠠᠵᠢᠯ ᠢ ᠰᠠᠶᠢᠲᠤᠷ ᠬᠢᠵᠦ ᠪᠠᠶᠢᠨ᠎ᠠ᠃       ᠲᠤᠰ ᠤᠳᠠᠭᠠᠨ ᠤ ᠬᠤᠯᠣᠭᠠᠨ᠎ᠠ ᠤᠰᠠᠳᠬᠠᠬᠤ ᠬᠤᠣᠷᠲᠤ ᠥᠭᠶᠦᠭᠡ ᠨᠠᠶᠢᠷᠠᠭᠤᠯᠬᠤ ᠠᠵᠢᠯ ᠨᠢ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠳᠠᠷᠠᠭᠠᠴᠢ ᠶᠢᠨ ᠠᠯᠬᠤᠮ ᠤᠨ ᠠᠵᠢᠯ ᠳᠤ ᠰᠠᠭᠤᠷᠢ ᠲᠠᠯᠪᠢᠵᠤ ᠥᠭᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号