ᠬᠥᠬᠡᠬᠤᠲᠠ ᠳᠠᠬᠢ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠰᠤᠷᠤᠭᠴᠢᠳ ᠪᠦᠬᠦᠨ ᠢᠶᠠᠷ ᠢᠶᠠᠨ ᠠᠮᠤᠷ ᠲᠦᠪᠰᠢᠨ ᠢᠶᠠᠷ ᠭᠡᠷ ᠨᠤᠲᠤᠭ ᠲᠤ ᠪᠠᠨ ᠬᠦᠷᠪᠡ
ᠨᠡᠶᠢᠲᠡᠯᠡᠭᠰᠡᠨ ᠴᠠᠭ᠄
2022/11/2
     10 ᠳ᠋ᠤᠭᠠᠷ ᠰᠠᠷ᠎ᠠ ᠶᠢᠨ 31 ᠤ ᠡᠳᠦᠷ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 10 ᠳ᠋ᠤᠭᠠᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠴᠠ ᠬᠥᠬᠡᠬᠤᠲᠠ ᠳᠠᠬᠢ ᠶᠡᠭᠡ ᠳᠡᠭᠡᠳᠦ ᠰᠤᠷᠭᠠᠭᠤᠯᠢ ᠶᠢᠨ ᠨᠢᠭᠡ ᠪᠦᠯᠦᠭ ᠰᠤᠷᠤᠭᠴᠢᠳ ᠢ ᠨᠢᠭᠡᠲᠦᠯᠲᠡᠢ ᠵᠣᠬᠢᠶᠠᠨ ᠪᠠᠶᠢᠭᠤᠯᠤᠨ ᠪᠦᠯᠦᠭ ᠬᠤᠪᠢᠶᠠᠨ ᠨᠤᠲᠤᠭ ᠲᠤ ᠨᠢ ᠪᠤᠴᠠᠭᠠᠵᠤ᠂ ᠲᠤᠰᠠᠭᠠᠷᠯᠠᠵᠤ ᠪᠠᠶᠢᠭᠠᠳ ᠰᠢᠯᠵᠢᠭᠦᠯᠦᠨ ᠬᠦᠷᠭᠡᠪᠡ᠃ ᠣᠳᠣᠬᠠᠨ ᠳᠤ᠂ ᠰᠤᠷᠤᠭᠴᠢᠳ ᠪᠦᠬᠦᠨ ᠢᠶᠠᠷ ᠢᠶᠠᠨ ᠠᠮᠤᠷ ᠲᠦᠪᠰᠢᠨ ᠢᠶᠠᠷ ᠭᠡᠷ ᠨᠤᠲᠤᠭ ᠲᠤ ᠪᠠᠨ ᠬᠥᠷᠪᠡ᠃      ᠲᠠᠨᠢᠯᠴᠠᠭᠤᠯᠤᠭᠰᠠᠨ ᠢᠶᠠᠷ᠂ ᠬᠢᠵᠢᠭ ᠤᠨ ᠪᠠᠶᠢᠳᠠᠯ ᠭᠠᠷᠤᠭᠰᠠᠨ ᠦᠭᠡᠢ ᠶᠡᠭᠡ ᠳᠡᠭᠡᠳᠦ ᠰᠤᠷᠭᠠᠭᠤᠯᠢ᠂ ᠰᠤᠷᠭᠠᠭᠤᠯᠢ ᠶᠢᠨ ᠲᠣᠭᠤᠷᠢᠭ ᠲᠠᠬᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠰᠤᠷᠤᠭᠴᠢᠳ ᠢ ᠨᠢᠭᠡᠨᠲᠡ ᠠᠮᠤᠷ ᠲᠦᠪᠰᠢᠨ᠂ ᠡᠮᠬᠢ ᠵᠢᠷᠤᠮ ᠲᠠᠢ ᠪᠠᠷ ᠭᠡᠷ ᠨᠤᠲᠤᠭ ᠲᠤ ᠨᠢ ᠪᠤᠴᠠᠭᠠᠬᠤ ᠪᠠᠷ ᠲᠣᠬᠢᠷᠠᠭᠤᠯᠵᠠᠢ᠃ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠡᠲᠡᠭᠡᠷ ᠰᠤᠷᠤᠭᠴᠢᠳ ᠢᠶᠠᠷ ᠳᠠᠮᠵᠢᠨ ᠬᠢᠵᠢᠭ ᠤᠨ ᠪᠠᠶᠢᠳᠠᠯ ᠭᠠᠳᠠᠭᠰᠢ ᠲᠠᠷᠬᠠᠬᠤ ᠦᠭᠡᠢ ᠶᠢ ᠪᠠᠲᠤᠯᠠᠬᠤ ᠳᠤ 3 ᠨᠦᠬᠦᠴᠡᠯ ᠳᠤ ᠨᠡᠶᠢᠴᠡᠬᠦ ᠶᠢ ᠱᠠᠭᠠᠷᠳᠠᠵᠠᠢ᠃ ᠨᠢᠭᠡ ᠳᠤ ᠂ ᠰᠤᠷᠭᠠᠭᠤᠯᠢ ᠶᠢᠨ ᠬᠦᠷᠢᠶᠡᠨ ᠳᠤ 14 ᠡᠳᠦᠷ ᠳᠠᠷᠠᠭᠠᠯᠠᠨ ᠬᠢᠵᠢᠭ ᠤᠨ ᠪᠠᠶᠢᠳᠠᠯ ᠭᠠᠷᠤᠭᠰᠠᠨ ᠦᠭᠡᠢ᠂ ᠰᠤᠷᠤᠭᠴᠢᠳ ᠤᠨ ᠪᠡᠶ᠎ᠡ ᠶᠢᠨ ᠲᠤᠯᠠᠭᠠᠨ ᠬᠡᠪ ᠤᠨ ᠪᠠᠶᠢᠳᠠᠯ ᠲᠠᠢ ᠪᠠᠶᠢᠬᠤ ᠬᠡᠷᠡᠭᠲᠡᠢ︔ ᠬᠤᠶᠠᠷ ᠲᠤ᠂ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠦᠶ᠎ᠡ ᠳᠤ᠂ ᠰᠤᠷᠤᠭᠴᠢᠳ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠵᠢᠴᠢ 24 ᠴᠠᠭ ᠤᠨ ᠳᠣᠲᠣᠷᠠᠬᠢ ᠥᠳᠥᠭᠡᠭᠴᠢ ᠶᠢᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠢᠵᠤ᠂ ᠡᠷᠡᠭᠦᠯ ᠮᠡᠨᠳᠦ ᠶᠢᠨ ᠺᠣᠳ᠋ ᠨᠢ ︽ᠨᠣᠭᠤᠭᠠᠨ ᠺᠣᠳ᠋︾ ︵24 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠪᠠᠶᠢᠪᠠᠯ᠂ ᠥᠳᠥᠭᠡᠭᠴᠢ ᠶᠢᠨ ᠪᠠᠶᠢᠴᠠᠭᠠᠯᠲᠠ ᠶᠢᠨ ᠭᠡᠷᠡᠴᠢ ᠶᠢ ᠬᠡᠯᠲᠦᠷᠢᠭᠦᠯᠵᠦ ᠪᠣᠯᠣᠨ᠎ᠠ︶ ᠪᠠᠶᠢᠬᠤ ᠬᠡᠷᠡᠭᠲᠡᠢ︔ ᠭᠤᠷᠪᠠ ᠳᠤ᠂ ᠨᠤᠲᠤᠭ ᠲᠤ ᠪᠠᠨ ᠪᠤᠴᠠᠭᠰᠠᠨ ᠰᠤᠷᠤᠭᠴᠢᠳ ᠲᠣᠭᠲᠠᠮᠠᠯ ᠣᠷᠣᠨ ᠰᠠᠭᠤᠴᠠ ᠲᠠᠢ ᠪᠠᠢᠵᠤ᠂ ᠬᠠᠷᠢᠶᠠᠲᠤ ᠣᠷᠣᠨ ᠲᠠᠢ ᠪᠠᠨ ᠢᠳᠡᠪᠬᠢᠲᠡᠢ ᠬᠠᠮᠵᠢᠯᠴᠠᠨ 7 ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢ ᠪᠡᠶᠡᠯᠡᠭᠦᠯᠵᠦ᠂ ᠨᠤᠲᠤᠭ ᠲᠤ ᠪᠠᠨ ᠪᠤᠴᠠᠬᠤ ᠠᠵᠢᠯ ᠤᠨ ᠲᠣᠬᠢᠷᠠᠭᠤᠯᠤᠯᠲᠠ ᠪᠠ ᠬᠠᠷᠢᠶᠠᠲᠤ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠢ᠃      ᠨᠢᠭᠡᠨᠲᠡ ᠬᠢᠵᠢᠭ ᠤᠨ ᠪᠠᠶᠢᠳᠠᠯ ᠭᠠᠷᠤᠭᠰᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠬᠤᠶᠠᠷ ᠲᠥᠷᠥᠯ ᠬᠤᠪᠢᠶᠠᠨ ᠡᠮᠬᠢ ᠵᠢᠷᠤᠮ ᠲᠠᠢ ᠪᠠᠷ ᠲᠤᠰᠠᠭᠠᠷᠯᠠᠵᠤ ᠪᠠᠢᠭᠠᠳ ᠰᠢᠯᠵᠢᠭᠦᠯᠦᠨ ᠬᠦᠷᠭᠡᠨ᠎ᠡ᠃ ᠨᠢᠭᠡ ᠳᠤ᠂ ᠬᠡᠰᠡᠭ ᠪᠤᠰᠠᠭ ᠬᠢᠵᠢᠭ ᠤᠨ ᠪᠠᠶᠢᠳᠠᠯ ᠭᠠᠷᠤᠭᠰᠠᠨ ᠶᠡᠭᠡ ᠳᠡᠭᠡᠳᠦ ᠰᠤᠷᠭᠠᠭᠤᠯᠢ ᠨᠤᠭᠤᠳ ︽ᠨᠢᠭᠡ ᠰᠤᠷᠭᠠᠭᠤᠯᠢ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠬᠦ︾ ᠲᠥᠰᠥᠯ ᠢ ᠴᠢᠩᠭ᠎ᠠ ᠵᠢᠷᠤᠮᠯᠠᠨ᠂ ᠬᠥᠬᠡᠬᠤᠲᠠ ᠶᠢᠨ ᠬᠢᠨ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠪᠠ ᠭᠤᠣᠯ ᠨᠢᠭᠲᠠ ᠣᠶᠢᠷᠠᠲᠤᠭᠰᠠᠳ ᠢ ᠬᠠᠷᠢᠭᠤᠴᠠᠨ ᠭᠥᠯᠢᠶᠡᠨ ᠠᠪᠴᠤ᠂ ᠲᠤᠰᠠᠭᠠᠷᠯᠠᠵᠤ ᠰᠢᠯᠵᠢᠭᠦᠯᠦᠨ ᠬᠦᠷᠭᠡᠬᠦ ᠪᠠ ᠡᠮᠴᠢᠯᠡᠭᠡᠨ ᠤ ᠡᠮᠨᠡᠨ ᠵᠠᠰᠠᠬᠤ ᠶᠢ ᠬᠠᠷᠢᠭᠤᠴᠠᠨ᠎ᠠ᠃ ᠬᠤᠶᠠᠷ ᠲᠤ᠂ ᠡᠪᠡᠳᠴᠢᠨ ᠤ ᠵᠢᠱᠢᠶ᠎ᠡ ᠨᠡᠯᠢᠶᠡᠳ ᠣᠯᠠᠨ ᠢᠯᠡᠷᠡᠭᠰᠡᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠨᠤᠭᠤᠳ ᠲᠤ᠂ ᠪᠥᠬᠦ ᠣᠷᠣᠨ ᠤ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠯᠡᠵᠦ᠂ ᠪᠤᠭᠤᠲᠤ ᠬᠤᠲᠠ ᠵᠡᠷᠭᠡ 6 ᠠᠶᠢᠮᠠᠭ ᠬᠤᠲᠠ ᠠᠴᠠ ᠨᠢᠭᠲᠠ ᠣᠶᠢᠷᠠᠲᠤᠭᠰᠠᠨ ᠢ ᠰᠢᠯᠵᠢᠭᠦᠯᠦᠨ ᠬᠦᠷᠭᠡᠬᠦ ᠡᠭᠦᠷᠭᠡ ᠶᠢ ᠵᠣᠯᠭᠠᠭᠤᠯᠤᠨ ᠪᠡᠶᠡᠯᠡᠭᠦᠯᠵᠦ᠂ ᠲᠤᠰᠠᠭᠠᠷᠯᠠᠬᠤ ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ ᠦᠨᠡᠯᠡᠨ ᠵᠢᠱᠢᠯᠲᠡ ᠬᠢᠭᠡᠳ ᠬᠢᠷᠢ ᠲᠡᠩᠴᠡᠪᠡᠯ ᠨᠤᠲᠤᠭ ᠲᠤ ᠨᠢ ᠪᠤᠴᠠᠭᠠᠬᠤ ᠪᠠᠷ ᠲᠣᠬᠢᠷᠠᠭᠤᠯᠤᠨ᠎ᠠ᠃ ᠡᠭᠦᠨ ᠠᠴᠠ ᠭᠠᠳᠠᠨ᠎ᠠ᠂ ᠨᠢᠭᠡᠨᠲᠡ ᠬᠢᠵᠢᠭ ᠤᠨ ᠪᠠᠶᠢᠳᠠᠯ ᠭᠠᠷᠤᠭᠰᠠᠨ ᠶᠡᠭᠡ ᠳᠡᠭᠡᠳᠦ ᠰᠤᠷᠭᠠᠭᠤᠯᠢ ᠶᠢᠨ ᠬᠢᠵᠢᠭ ᠲᠤ ᠬᠠᠯᠳᠠᠪᠤᠷᠢᠯᠠᠭᠳᠠᠭᠰᠠᠨ ᠦᠭᠡᠢ ᠰᠤᠷᠤᠭᠴᠢᠳ ᠢ ᠤᠯᠠᠮ ᠨᠢᠭᠡ ᠠᠯᠬᠤᠮ ᠰᠢᠭᠰᠢᠨ ᠪᠠᠶᠢᠴᠠᠭᠠᠬᠤ ᠪᠠᠷ ᠳᠡᠮᠵᠢᠨ᠂ ᠬᠢᠵᠢᠭ ᠤᠨ ᠪᠠᠶᠢᠳᠠᠯ ᠭᠠᠳᠠᠭᠰᠢ ᠲᠠᠷᠬᠠᠬᠤ ᠲᠦᠭᠰᠢᠭᠦᠷᠢ ᠦᠭᠡᠢ ᠶᠢ ᠪᠠᠲᠤᠯᠠᠭᠰᠠᠨ ᠤ ᠳᠠᠷᠠᠭ᠎ᠠ᠂ ᠡᠮᠬᠢ ᠵᠢᠷᠤᠮ ᠲᠠᠢ᠂ ᠠᠯᠬᠤᠮ ᠳᠠᠷᠠᠭ᠎ᠠ ᠲᠠᠢ ᠪᠠᠷ ᠨᠤᠲᠤᠭ ᠲᠤ ᠨᠢ ᠪᠤᠴᠠᠭᠠᠬᠤ ᠪᠠᠷ ᠲᠣᠬᠢᠷᠠᠭᠤᠯᠤᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠪᠦᠯᠦᠭ ᠬᠤᠪᠢᠶᠠᠨ ᠰᠢᠯᠵᠢᠭᠦᠯᠦᠨ ᠬᠦᠷᠭᠡᠬᠦ ᠠᠵᠢᠯ ᠳᠤ ᠪᠥᠬᠦ ᠣᠷᠣᠨ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠬᠥᠳᠡᠯᠦᠯᠴᠡᠵᠦ᠂ ᠨᠠᠷᠢᠯᠢᠭ ᠣᠨᠣᠴᠠᠲᠠᠢ ᠪᠠᠷ ᠲᠥᠷᠥᠯ ᠬᠤᠪᠢᠶᠠᠨ᠂ ᠠᠵᠢᠯ ᠲᠥᠷᠥᠯ ᠢᠶᠠᠷ ᠢᠶᠠᠨ ᠳᠠᠭᠠᠭᠠᠴᠢᠯᠠᠨ ᠬᠤᠯᠪᠣᠭᠠᠯᠠᠵᠤ᠂ ᠵᠣᠬᠢᠴᠠᠯᠳᠤᠨ ᠬᠠᠮᠵᠢᠯᠴᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠡᠮᠦᠷ ᠵᠠᠮ᠂ ᠵᠠᠮ ᠬᠠᠷᠢᠯᠴᠠᠭ᠎ᠠ ᠵᠡᠷᠭᠡ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠤᠤᠯ ᠤᠨ ᠲᠥᠯᠥᠪᠯᠡᠭᠡ ᠠᠴᠠ ᠨᠢᠭᠡ ᠡᠳᠦᠷ ᠤᠷᠢᠳᠴᠢᠯᠠᠨ ᠲᠦᠷᠦᠭᠦᠦ ᠪᠦᠯᠦᠭ ᠰᠤᠷᠤᠭᠴᠢᠳ ᠤᠨ ᠠᠮᠤᠷ ᠲᠦᠪᠰᠢᠨ᠂ ᠡᠮᠬᠢ ᠵᠢᠷᠤᠮ ᠲᠠᠢ ᠪᠠᠷ ᠬᠥᠬᠡᠬᠤᠲᠠ ᠠᠴᠠ ᠰᠠᠯᠬᠤ ᠶᠢ ᠪᠡᠶᠡᠯᠡᠭᠦᠯᠦᠭᠰᠡᠨ ᠪᠠᠶᠢᠨ᠎ᠠ᠃ ᠰᠢᠯᠵᠢᠭᠦᠯᠦᠨ ᠬᠦᠷᠭᠡᠬᠦ ᠶᠠᠪᠤᠴᠠ ᠳᠤ᠂ ᠡᠯ᠎ᠡ ᠠᠶᠢᠮᠠᠭ ᠬᠤᠲᠠ ᠠᠴᠠ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠢ ᠡᠷᠡᠰ ᠴᠤᠤᠷᠢᠶᠠᠲᠤᠵᠤ᠂ ᠳᠠᠷᠤᠢ ᠲᠦᠷᠭᠡᠨ ᠬᠥᠳᠡᠯᠦᠯᠴᠡᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠦᠯᠦᠭ ᠬᠤᠪᠢᠶᠠᠨ ᠰᠢᠯᠵᠢᠭᠦᠯᠦᠨ ᠬᠦᠷᠭᠡᠬᠦ ᠰᠤᠷᠤᠭᠴᠢᠳ ᠢ ᠭᠥᠯᠢᠶᠡᠨ ᠠᠪᠬᠤ ᠠᠵᠢᠯ ᠢ ᠰᠠᠶᠢᠲᠤᠷ ᠬᠢᠵᠦ᠂ ᠦᠢᠯᠡᠴᠢᠯᠡᠭᠡᠨ ᠤ ᠪᠠᠲᠤᠯᠠᠭ᠎ᠠ ᠶᠢ ᠨᠠᠷᠢᠨ ᠨᠢᠭᠲᠠ᠂ ᠬᠠᠯᠠᠭᠤᠨ ᠳᠣᠲᠣᠨᠣᠰᠤᠭ ᠢᠶᠠᠷ ᠰᠠᠶᠢᠲᠤᠷ ᠬᠢᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠠᠮᠤᠷ ᠲᠦᠪᠰᠢᠨ ᠢ ᠰᠠᠶᠢᠲᠤᠷ ᠬᠠᠮᠠᠭᠠᠯᠠᠪᠠ᠃      ᠡᠭᠦᠨ ᠠᠴᠠ ᠭᠠᠳᠠᠨ᠎ᠠ᠂ ᠬᠥᠬᠡᠬᠤᠲᠠ ᠳᠠᠬᠢ ᠶᠡᠭᠡ ᠳᠡᠭᠡᠳᠦ ᠰᠤᠷᠭᠠᠭᠤᠯᠢ ᠶᠢᠨ ᠣᠷᠣᠨ ᠤ ᠭᠠᠳᠠᠨ᠎ᠠ ᠠᠴᠠ ᠢᠷᠡᠭᠰᠡᠨ ᠰᠤᠷᠤᠭᠴᠢᠳ ᠲᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠴᠠ ᠬᠤᠯᠪᠣᠭᠳᠠᠯ ᠪᠦᠬᠦᠢ ᠮᠤᠵᠢ ︵ᠣᠷᠣᠨ᠂ ᠬᠤᠲᠠ︶ ᠪᠣᠯᠣᠨ ᠡᠭᠦᠷᠭᠡ ᠴᠢᠳᠠᠪᠬᠢᠲᠤ ᠰᠠᠯᠠᠭ᠎ᠠ ᠮᠥᠴᠢᠷ ᠢ ᠱᠠᠯᠠᠪᠳᠠᠨ ᠵᠣᠬᠢᠴᠠᠭᠤᠯᠵᠤ᠂ ᠨᠤᠲᠤᠭ ᠲᠤ ᠪᠠᠨ ᠪᠤᠴᠠᠬᠤ ᠬᠦᠰᠡᠯ ᠲᠠᠢ ᠰᠤᠷᠤᠭᠴᠢᠳ ᠢ ᠡᠷᠲᠡᠬᠡᠨ ᠲᠣᠬᠢᠷᠠᠭᠤᠯᠵᠤ᠂ ᠰᠣᠷᠣᠭᠴᠢ ᠶᠢᠨ ᠢᠷᠡᠯᠲᠡ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠭᠠᠳᠠᠭᠰᠢ ᠲᠠᠷᠬᠠᠬᠤ ᠦᠭᠡᠢ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠠᠮᠤᠷ ᠲᠦᠪᠰᠢᠨ᠂ ᠤᠷᠤᠭᠰᠢᠲᠠᠢ ᠪᠠᠷ ᠨᠤᠲᠤᠭ ᠲᠤ ᠨᠢ ᠪᠤᠴᠠᠭᠠᠬᠤ ᠪᠠᠷ ᠴᠢᠷᠮᠠᠶᠢᠵᠤ ᠪᠠᠶᠢᠨ᠎ᠠ᠃ ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠰᠤᠷᠭᠠᠭᠤᠯᠢ ᠳᠤ ᠪᠠᠨ ᠪᠠᠶᠢᠬᠤ ᠬᠤᠭᠤᠴᠠᠭᠠᠨ ᠳᠠᠬᠢ ᠠᠮᠢᠳᠤᠷᠠᠯ ᠪᠠ ᠰᠤᠷᠤᠯᠭ᠎ᠠ ᠶᠢᠨ ᠠᠮᠤᠷ ᠲᠦᠪᠰᠢᠨ ᠪᠥᠭᠡᠳ ᠤᠷᠤᠭᠰᠢᠲᠠᠢ ᠪᠠᠶᠢᠬᠤ ᠶᠢ ᠪᠠᠲᠤᠯᠠᠵᠤ ᠪᠤᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号