ᠰᠢ ᠶᠢᠨ ᠫᠢᠩ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠᠨ ᠳᠣᠯᠣᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/11/21
     ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15 ᠤ ᠡᠳᠦᠷ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠᠨ ᠳᠣᠯᠣᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ ᠢᠨᠳᠤᠨᠧᠰᠢᠶ᠎ᠠ ᠶᠢᠨ ᠪᠠᠯᠢ ᠠᠷᠠᠯ ᠳᠤ ᠶᠠᠪᠤᠭᠳᠠᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ᠴᠠᠭ ᠦᠶ᠎ᠡ ᠶᠢᠨ ᠥᠷᠢᠰᠦᠯᠳᠦᠭᠡᠨ ᠢ ᠬᠠᠮᠲᠤ ᠪᠠᠷ ᠤᠭᠲᠤᠵᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ︾ ᠭᠡᠬᠦ ᠰᠡᠳᠦᠪ ᠲᠠᠢ ᠴᠢᠬᠤᠯᠠ ᠶᠠᠷᠢᠶ᠎ᠠ ᠲᠠᠯᠪᠢᠪᠠ᠃
     ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠡᠨᠡ ᠪᠣᠯ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠪᠣᠯᠣᠨ᠎ᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠠᠭᠢᠨ ᠳᠠᠪᠲᠠᠨ ᠦᠷᠪᠢᠰᠦᠨ ᠳᠡᠯᠭᠡᠷᠡᠵᠦ᠂ ᠳᠡᠯᠡᠬᠡᠢ ᠶᠢᠨ ᠠᠵᠤ ᠠᠬᠤᠢ ᠶᠢᠨ ᠬᠡᠪᠡᠷᠡᠭ ᠴᠢᠨᠠᠷ ᠨᠠᠩ ᠲᠣᠪᠣᠶᠢᠮ᠎ᠠ ᠪᠣᠯᠵᠤ᠂ ᠭᠠᠵᠠᠷ ᠣᠷᠣᠨ ᠢᠶᠠᠷ ᠰᠢᠯᠲᠠᠭᠠᠯᠠᠭᠳᠠᠭᠰᠠᠨ ᠤᠯᠤᠰ ᠲᠥᠷᠥ ᠶᠢᠨ ᠪᠠᠶᠢᠳᠠᠯ ᠪᠠᠴᠢᠮ ᠪᠣᠯᠵᠤ᠂ ᠪᠦᠭᠦ ᠪᠥᠮᠪᠥᠷᠴᠡᠭ ᠤᠨ ᠵᠠᠰᠠᠯᠲᠠ ᠬᠦᠨᠳᠦ ᠨᠣᠴᠢᠲᠠᠢ ᠲᠤᠲᠠᠭᠳᠠᠵᠤ᠂ ᠠᠮᠤ ᠪᠤᠳᠠᠭ᠎ᠠ ᠪᠠ ᠡᠨᠧᠷᠭᠢ ᠵᠡᠷᠭᠡ ᠣᠯᠠᠨ ᠳᠠᠪᠬᠤᠷ ᠬᠢᠮᠤᠷᠠᠯ ᠳᠠᠪᠬᠤᠴᠠᠵᠤ᠂ ᠬᠥᠮᠥᠨ ᠲᠥᠷᠥᠯᠬᠢᠲᠡᠨ ᠤ ᠬᠥᠭᠵᠢᠯᠲᠡ ᠬᠦᠨᠳᠦ ᠶᠡᠭᠡ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠡᠯ᠎ᠡ ᠤᠯᠤᠰ ᠤᠨ ᠬᠢᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠤᠯᠭᠠᠵᠤ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠲᠡᠭᠦ ᠶᠢ ᠰᠠᠨᠠᠭᠠᠴᠢᠯᠠᠵᠤ᠂ ᠪᠦᠯᠬᠦᠮᠳᠡᠯ ᠢᠶᠠᠷ ᠬᠠᠭᠠᠴᠠᠯ ᠢ ᠣᠷᠣᠯᠠᠭᠤᠯᠵᠤ᠂ ᠬᠠᠮᠲᠤᠷᠠᠯᠴᠠᠭ᠎ᠠ ᠪᠠᠷ ᠡᠰᠡᠷᠭᠦᠴᠡᠯᠳᠦᠯ ᠢ ᠣᠷᠣᠯᠠᠭᠤᠯᠵᠤ᠂ ᠪᠠᠭᠲᠠᠭᠠᠮᠵᠢ ᠪᠠᠷ ᠭᠠᠳᠠᠭᠤᠷᠴᠢᠯᠠᠯ ᠢ ᠣᠷᠣᠯᠠᠭᠤᠯᠵᠤ᠂ ︽ᠳᠡᠯᠡᠬᠡᠢ ᠶᠢᠷᠲᠢᠨᠴᠦ ᠶᠠᠭᠠᠬᠢᠭᠰᠠᠨ ᠪᠤᠢ᠂ ᠪᠢᠳᠡ ᠶᠠᠭᠠᠬᠢᠪᠠᠯ ᠵᠣᠬᠢᠬᠤ ᠪᠤᠢ︾ ᠭᠡᠬᠦ ᠴᠠᠭ ᠦᠶ᠎ᠡ ᠶᠢᠨ ᠰᠡᠳᠦᠪ ᠢ ᠬᠠᠮᠲᠤ ᠪᠠᠷ ᠰᠢᠢᠳᠪᠦᠷᠢᠯᠡᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠢᠷᠡᠭᠡᠳᠦᠢ ᠪᠠᠨ ᠬᠠᠮᠲᠤ ᠪᠠᠷ ᠴᠣᠭᠴᠠᠯᠠᠶ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠭᠦᠨ ᠪᠣᠯ ᠴᠥᠮ ᠳᠡᠯᠡᠬᠡᠢ ᠶᠢᠨ ᠪᠠ ᠭᠠᠵᠠᠷ ᠣᠷᠣᠨ ᠤ ᠲᠣᠮᠣ ᠤᠯᠤᠰ ᠮᠥᠨ᠂ ᠲᠣᠮᠣ ᠤᠯᠤᠰ ᠤᠨ ᠡᠭᠦᠷᠭᠡᠯᠡᠯ ᠢ ᠢᠯᠡᠷᠡᠭᠦᠯᠵᠦ᠂ ᠦᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠤ᠂ ᠡᠯ᠎ᠡ ᠤᠯᠤᠰ ᠲᠤ ᠬᠥᠭᠵᠢᠯᠲᠡ ᠶᠢ ᠡᠷᠢᠯᠬᠢᠯᠡᠨ ᠥᠭᠴᠦ᠂ ᠬᠥᠮᠥᠨ ᠲᠥᠷᠥᠯᠬᠢᠲᠡᠨ ᠳᠤ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠲᠠᠪᠰᠢᠯᠳᠠ ᠣᠯᠭᠤᠪᠠᠯ ᠵᠣᠬᠢᠨ᠎ᠠ᠃      ᠪᠢᠳᠠ ᠨᠡᠩ ᠪᠠᠭᠲᠠᠭᠠᠮᠵᠢᠲᠠᠢ ᠪᠦᠭᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠤᠶ᠎ᠠ᠃ ᠪᠦᠯᠬᠦᠮᠳᠡᠯ ᠪᠣᠯ ᠬᠦᠴᠦᠨ ᠮᠥᠨ᠂ ᠬᠠᠭᠠᠴᠠᠪᠠᠯ ᠭᠠᠷᠬᠤ ᠵᠠᠮ ᠦᠭᠡᠢ᠃ ᠪᠢᠳᠡ ᠨᠢᠭᠡᠯᠬᠡᠨ ᠪᠥᠮᠪᠥᠷᠴᠡᠭ ᠲᠣᠰᠬᠤᠨ ᠳᠤ ᠠᠮᠢᠳᠤᠷᠠᠵᠤ ᠪᠠᠶᠢᠨ᠎ᠠ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠤ ᠡᠮᠦᠨ᠎ᠡ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠪᠠᠯ ᠵᠣᠬᠢᠨ᠎ᠠ᠃ ᠦᠵᠡᠯ ᠤᠬᠠᠮᠰᠠᠷ ᠤᠨ ᠭᠡᠯᠪᠡᠷᠢ ᠪᠠᠷ ᠵᠠᠭᠠᠭ ᠱᠤᠭᠤᠮ ᠪᠤᠯᠭᠠᠵᠤ᠂ ᠪᠦᠯᠦᠭᠯᠡᠯ ᠤᠨ ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ  ᠢ ᠪᠤᠢ ᠪᠤᠯᠭᠠᠬᠤ ᠨᠢ ᠳᠡᠯᠡᠬᠡᠢ ᠳ᠋ᠠᠬᠢᠨ ᠢ ᠲᠠᠰᠤᠳᠠᠨ ᠰᠠᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠶᠢ ᠬᠠᠷᠰᠢᠯᠠᠬᠤ ᠪᠣᠯᠣᠨ᠎ᠠ᠃ ᠬᠥᠮᠥᠨ ᠲᠥᠷᠥᠯᠬᠢᠲᠡᠨ ᠤ ᠪᠣᠯᠪᠠᠰᠤᠨ ᠨᠢᠭᠡᠨᠲᠡ 21 ᠳ᠋ᠦ᠋ᠭᠡᠷ ᠵᠠᠭᠤᠨ ᠳᠤ ᠣᠷᠣᠵᠤ᠂ ᠬᠦᠢᠲᠡᠨ ᠲᠠᠶᠢᠨ ᠤ ᠰᠡᠳᠬᠢᠬᠦᠢ ᠠᠯᠢ ᠡᠷᠲᠡ ᠴᠠᠭ ᠠᠴᠠ ᠥᠩᠭᠡᠷᠡᠵᠡᠢ᠃ ᠪᠢᠳᠡ ᠭᠠᠷ ᠬᠤᠯᠪᠣᠨ ᠴᠢᠷᠮᠠᠶᠢᠵᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠲᠡᠭᠦ ᠰᠢᠨ᠎ᠡ ᠠᠬᠤᠢ ᠪᠠᠶᠢᠳᠠᠯ ᠢ ᠨᠡᠭᠡᠭᠡᠪᠡᠯ ᠵᠣᠬᠢᠨ᠎ᠠ᠃ ᠡᠯ᠎ᠡ ᠤᠯᠤᠰ ᠬᠠᠷᠢᠯᠴᠠᠨ ᠭᠦᠨᠳᠦᠳᠭᠡᠵᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠦᠲᠦᠭᠡᠨ ᠪᠠᠶᠢᠭᠤᠯᠬᠤ ᠶᠢ ᠠᠬᠢᠭᠤᠯᠪᠠᠯ ᠵᠣᠬᠢᠨ᠎ᠠ᠂ ᠬᠥᠷᠰᠢ ᠵᠡᠷᠭᠡᠯᠡᠳᠡᠭᠡ ᠲᠠᠢ ᠪᠠᠨ ᠳᠠᠶᠢᠰᠤᠩᠨᠠᠵᠤ᠂ ︽ᠵᠢᠵᠢᠭ ᠬᠦᠷᠢᠶ᠎ᠡ ᠥᠨᠳᠥᠷ ᠬᠡᠷᠡᠮ︾ ᠪᠠᠶᠢᠭᠤᠯᠵᠤ᠂ ᠪᠢᠲᠡᠭᠦᠮᠵᠢᠯᠡᠯ ᠭᠠᠳᠠᠭᠤᠷᠴᠢᠯᠠᠯ ᠬᠢᠬᠦ︽ᠵᠢᠵᠢᠭ ᠪᠦᠯᠭᠦᠮ︾ ᠪᠠᠶᠢᠭᠤᠯᠬᠤ ᠦᠭᠡᠢ ᠪᠣᠯ ᠵᠣᠬᠢᠨ᠎ᠠ᠃ ᠬᠤᠷᠢᠨ ᠤᠯᠤᠰ ᠤᠨ ᠪᠦᠯᠦᠭᠯᠡᠯ ᠪᠦᠯᠬᠦᠮᠳᠡᠨ ᠬᠠᠮᠲᠤᠷᠠᠯᠴᠠᠬᠤ ᠤᠭ ᠰᠠᠨᠠᠭ᠎ᠠ ᠪᠠᠨ ᠪᠠᠲᠤ ᠰᠠᠬᠢᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠬᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠵᠥᠪᠳᠡᠯᠴᠡᠨ ᠨᠢᠭᠡᠳᠭᠦ ᠵᠠᠷᠴᠢᠮ ᠢ ᠪᠠᠷᠢᠮᠲᠠᠯᠠᠶ᠎ᠠ᠃ ᠬᠠᠭᠠᠴᠠᠨ ᠡᠰᠡᠷᠭᠦᠴᠡᠯᠳᠦᠬᠦ ᠨᠢ ᠠᠯᠢ ᠴᠤ ᠲᠠᠯ᠎ᠠ ᠶᠢᠨ ᠠᠰᠢᠭ ᠲᠤᠰᠠ ᠳᠤ ᠨᠡᠶᠢᠴᠡᠭᠦ ᠦᠭᠡᠢ ᠶᠤᠮ᠂ ᠪᠦᠯᠬᠦᠮᠳᠡᠨ ᠬᠠᠮᠲᠤ ᠣᠷᠣᠰᠢᠬᠤ ᠪᠣᠯ ᠰᠠᠶ᠋ᠢ ᠵᠥᠪ ᠰᠣᠩᠭᠤᠯᠲᠠ ᠮᠥᠨ᠃      ᠪᠢᠳᠡ ᠨᠠᠩ ᠲᠦᠭᠡᠮᠡᠯ ᠠᠰᠢᠭ ᠬᠦᠷᠲᠡᠭᠡᠬᠦ ᠪᠦᠭᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠤᠶ᠎ᠠ᠃ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠪᠣᠯ ᠰᠠᠶ᠋ᠢ ᠵᠢᠩᠬᠢᠨᠢ ᠬᠥᠭᠵᠢᠯᠲᠡ ᠮᠥᠨ᠃ ᠶᠠᠳᠠᠭᠤ ᠨᠢ ᠤᠯᠠᠮ ᠶᠠᠳᠠᠭᠤᠷᠠᠵᠤ᠂ ᠪᠠᠶᠠᠨ ᠨᠢ ᠤᠯᠠᠮ ᠪᠠᠶᠠᠵᠢᠭᠰᠠᠨ ᠰᠠᠭᠤᠷᠢᠨ ᠳᠡᠭᠡᠷ᠎ᠡ ᠳᠡᠯᠡᠬᠡᠢ ᠶᠢᠨ ᠴᠡᠴᠡᠭᠯᠡᠯ ᠬᠥᠭᠵᠢᠯ ᠲᠣᠭᠲᠠᠭᠤᠨ ᠪᠠᠶᠢᠳᠠᠯ ᠪᠤᠢ ᠪᠤᠯᠬᠤ ᠪᠣᠯᠣᠯᠴᠠᠭ᠎ᠠ ᠦᠭᠡᠢ ᠶᠤᠮ᠃ ᠤᠯᠤᠰ ᠪᠣᠯᠭᠠᠨ ᠴᠥᠮ ᠰᠠᠶᠢᠨ ᠰᠠᠶᠢᠬᠠᠨ ᠠᠮᠢᠳᠤᠷᠠᠬᠤ ᠶᠢ ᠬᠦᠰᠡᠵᠦ ᠪᠤᠢ᠂ ᠣᠳᠣᠬᠢᠴᠢᠯᠠᠯᠲᠠ ᠨᠢ ᠠᠯᠢ ᠨᠢᠭᠡᠨ ᠤᠯᠤᠰ ᠤᠨ ᠣᠨᠴᠠ ᠡᠷᠬᠡ ᠪᠢᠰᠢ ᠶᠤᠮ᠃ ᠡᠮᠦᠨ᠎ᠡ ᠨᠢ ᠬᠤᠰᠢᠭᠤᠷᠠᠵᠤ ᠪᠠᠶᠢᠭ᠎ᠠ ᠤᠯᠤᠰ ᠤᠳ ᠪᠤᠰᠤᠳ ᠤᠯᠤᠰ ᠤᠨ ᠬᠥᠭᠵᠢᠯᠲᠡ ᠶᠢ ᠦᠨᠡᠨ ᠰᠡᠳᠬᠢᠯ ᠠᠴᠠ ᠪᠠᠨ ᠬᠠᠪᠰᠤᠷᠴᠤ᠂ ᠪᠦᠭᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠢ ᠨᠡᠩ ᠤᠯᠠᠨ ᠬᠠᠩᠭᠠᠪᠠᠯ ᠵᠣᠬᠢᠨ᠎ᠠ᠃ ᠲᠣᠮᠣ ᠤᠯᠤᠰ ᠨᠢ ᠲᠣᠮᠣ ᠤᠯᠤᠰ ᠤᠨ ᠡᠭᠦᠷᠭᠡᠯᠡᠯ ᠢ ᠡᠭᠦᠷᠭᠡᠯᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠦᠢᠯᠡᠰ ᠲᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠪᠡᠯ ᠵᠣᠬᠢᠨ᠎ᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠴᠤ᠂ ᠪᠦᠭᠦ ᠪᠥᠮᠪᠥᠷᠴᠡᠭ ᠤᠨ ᠬᠥᠭᠵᠢᠯᠲᠡ ᠪᠣᠯᠣᠨ ᠡᠮᠦᠨᠡᠳᠡᠬᠢ ᠨᠢ ᠡᠮᠦᠨᠡᠳᠡᠬᠢ ᠲᠠᠢ ᠪᠠᠨ ᠬᠠᠮᠲᠤᠷᠠᠯᠴᠠᠬᠤ ᠰᠠᠭᠤᠷᠢ ᠮᠥᠩᠭᠦ ᠶᠢ ᠪᠠᠶᠢᠭᠤᠯᠵᠤ᠂ ᠳᠤᠮᠳᠠᠳᠤ ᠤᠯᠤᠰ — ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢᠨ ᠰᠠᠭᠤᠷᠢ ᠮᠥᠩᠭᠦ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ 100 ᠭᠠᠷᠤᠢ ᠤᠯᠤᠰ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠯᠤᠭ᠎ᠠ ᠡᠨᠡ ᠬᠦ ᠰᠠᠨᠠᠭᠠᠴᠢᠯᠠᠭ᠎ᠠ ᠶᠢ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠭᠦ ᠵᠦᠢᠯ ᠢ ᠨᠠᠶᠢᠳᠠᠪᠤᠷᠢᠵᠢᠭᠤᠯᠬᠤ ᠳᠤ ᠰᠢᠨ᠎ᠡ ᠬᠦᠴᠦᠨ ᠨᠡᠮᠡᠷᠢᠯᠡᠪᠡ᠃      ᠪᠢᠳᠡ ᠨᠡᠩ ᠤᠶᠠᠨ ᠬᠠᠳᠠᠨ ᠴᠢᠨᠠᠷᠲᠠᠢ ᠪᠦᠭᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠤᠶ᠎ᠠ᠃ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠰᠠᠯᠬᠢ ᠳᠤ ᠤᠴᠠᠷᠠᠵᠤ᠂ ᠳᠡᠯᠡᠬᠡᠢ ᠶᠢᠨ ᠠᠵᠤ ᠠᠬᠤᠢ ᠪᠠᠭᠤᠷᠠᠯᠲᠠ ᠶᠢᠨ ᠠᠶᠤᠯ ᠲᠦᠭᠰᠢᠭᠦᠷᠢ ᠳᠤ ᠲᠤᠯᠭᠠᠷᠠᠪᠠᠯ ᠤᠯᠠᠨ ᠤ ᠠᠮᠢᠳᠤᠷᠠᠯ ᠴᠥᠮ ᠬᠦᠴᠢᠷᠲᠡᠢ ᠪᠣᠯᠵᠤ᠂ ᠬᠥᠭᠵᠢᠵᠦ ᠪᠠᠶᠢᠭ᠎ᠠ ᠤᠯᠤᠰ ᠡᠩ ᠲᠡᠷᠢᠭᠦᠨ ᠳᠤ ᠲᠠᠭᠠᠷᠢᠬᠳᠠᠬᠤ ᠪᠣᠯᠣᠨ᠎ᠠ᠃ ᠪᠢᠳᠡ ᠬᠥᠭᠵᠢᠯᠲᠡ ᠶᠢᠨ ᠠᠰᠠᠭᠤᠳᠠᠯ ᠢ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠴᠢᠬᠤᠯᠠᠴᠢᠯᠠᠶ᠎ᠠ᠃ ᠪᠦᠭᠦ ᠪᠥᠮᠪᠥᠷᠴᠡᠭ ᠤᠨ ᠠᠵᠤ ᠠᠬᠤᠢ ᠶᠢᠨ ᠰᠡᠷᠭᠦᠯᠲᠡ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠬᠥᠭᠵᠢᠯᠲᠡ ᠶᠢ ᠲᠡᠷᠢᠭᠦᠨ ᠳᠤ ᠲᠠᠯᠪᠢᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠢᠮᠠᠭᠲᠠ ᠬᠥᠭᠵᠢᠵᠦ ᠪᠠᠶᠢᠭ᠎ᠠ ᠤᠯᠤᠰ ᠤᠳ ᠤᠨ ᠬᠦᠴᠢᠷᠳᠡᠯ ᠢ ᠪᠣᠳᠣᠯᠬᠢᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠠᠩᠬᠠᠷᠴᠤ ᠪᠠᠶᠢᠭ᠎ᠠ ᠠᠰᠠᠭᠤᠳᠠᠯ ᠢ ᠬᠠᠷᠠᠭᠠᠯᠵᠠᠶ᠎ᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠬᠤᠷᠢᠨ ᠤᠯᠤᠰ ᠤᠨ ᠪᠦᠯᠦᠭᠯᠡᠯ ᠳᠤ ᠣᠷᠤᠯᠴᠠᠬᠤ ᠶᠢ ᠳᠡᠮᠵᠢᠨ᠎ᠠ᠃ ᠡᠯ᠎ᠡ ᠲᠠᠯ᠎ᠠ ᠶᠢᠨ ᠬᠢᠨ ᠬᠢᠵᠢᠭ ᠲᠠᠢ ᠲᠡᠮᠡᠴᠡᠬᠦ ᠣᠯᠠᠨ ᠤᠯᠤᠰ ᠤᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠶᠢ ᠬᠤᠷᠢᠭᠯᠠᠵᠤ᠂ ᠰᠢᠰᠲ᠋ᠧᠮ ᠤᠨ ᠴᠢᠨᠠᠷᠲᠠᠢ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠠᠷᠢᠯᠭᠠᠵᠤ᠂ ᠢᠯᠠᠩᠭᠤᠶ᠎ᠠ ᠬᠥᠭᠵᠢᠭᠰᠡᠨ ᠠᠵᠤ ᠠᠬᠤᠢ ᠶᠢᠨ ᠴᠣᠭᠴᠠ ᠶᠢᠨ ᠬᠢᠨ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠨᠠᠵᠠᠭᠠᠢ ᠲᠠᠯ᠎ᠠ ᠶᠢᠨ ᠭᠠᠳᠠᠭᠰᠢ ᠨᠥᠯᠥᠭᠡᠯᠡᠬᠦ ᠦᠢᠯᠡᠳᠦᠯ ᠢᠶᠠᠨ ᠪᠠᠭᠠᠰᠬᠠᠶ᠎ᠠ᠃ ᠤᠯᠠᠨ ᠤᠯᠤᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠬᠤᠳᠠᠯᠳᠤᠭᠠᠨ ᠤ ᠠᠪᠴᠠᠭᠠᠲᠠᠨ ᠨᠢ ᠬᠥᠭᠵᠢᠵᠦ ᠪᠠᠶᠢᠭ᠎ᠠ ᠤᠯᠤᠰ ᠤᠨ ᠭᠤᠣᠯ ᠠᠪᠴᠠᠭᠠᠨ ᠤ ᠲᠠᠯ᠎ᠠ ᠪᠣᠯᠤᠭᠰᠠᠨ ᠤ ᠬᠤᠪᠢ ᠳᠤ᠂ ᠬᠥᠭᠵᠢᠵᠦ ᠪᠠᠶᠢᠭ᠎ᠠ ᠤᠯᠤᠰ ᠤᠨ ᠥᠷᠢ ᠥᠭᠴᠡᠭᠡ ᠶᠢ ᠬᠥᠩᠭᠡᠷᠡᠭᠦᠯᠵᠦ ᠬᠤᠶᠢᠰᠢᠯᠠᠭᠤᠯᠬᠤ ᠠᠵᠢᠯᠯᠠᠭ᠎ᠠ ᠳᠤ ᠣᠷᠣᠯᠴᠠᠪᠠᠯ ᠵᠣᠬᠢᠨ᠎ᠠ᠃ ᠳᠤᠮᠳᠠᠳᠤ ᠤᠯᠤᠰ ᠬᠤᠷᠢᠨ ᠤᠯᠤᠰ ᠤᠨ ᠪᠦᠯᠦᠭᠯᠡᠯ ᠤᠨ ᠥᠷᠢ ᠰᠢᠷᠢ ᠶᠢ ᠬᠤᠶᠢᠰᠢᠯᠠᠭᠤᠯᠬᠤ ᠰᠠᠨᠠᠭᠠᠴᠢᠯᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠷᠢ ᠰᠢᠷᠢ ᠶᠢ ᠬᠤᠶᠢᠰᠢᠯᠠᠭᠤᠯᠬᠤ ᠶᠡᠷᠦᠩᠬᠡᠢ ᠲᠤᠭ᠎ᠠ ᠨᠢ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠭᠦᠨ ᠤ ᠳᠣᠲᠣᠷ᠎ᠠ ᠬᠠᠮᠤᠭ ᠤᠨ ᠶᠡᠭᠡ ᠪᠠᠶᠢᠵᠤ᠂ ᠬᠤᠯᠪᠣᠭᠳᠠᠯ ᠪᠦᠬᠦᠢ ᠬᠥᠭᠵᠢᠵᠦ ᠪᠠᠶᠢᠭ᠎ᠠ ᠤᠯᠤᠰ ᠤᠨ ᠬᠦᠴᠢᠷ ᠢ ᠲᠤᠭᠤᠯᠬᠤ ᠳᠤ ᠳᠡᠮᠵᠢᠯᠭᠡ ᠬᠠᠩᠭᠠᠪᠠ᠃      ᠪᠢᠳᠠ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠦᠷᠭᠦᠯᠵᠢᠯᠡᠨ ᠬᠠᠮᠠᠭᠠᠯᠠᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠠᠬᠢᠭᠤᠯᠤᠶ᠎ᠠ᠃ ᠳᠤᠮᠳᠠᠳᠤ ᠤᠯᠤᠰ ᠲᠣᠭᠠᠴᠢᠯᠠᠭᠰᠠᠨ ᠰᠢᠨ᠎ᠡ ᠶᠢ ᠡᠭᠦᠳᠭᠦ ᠬᠠᠮᠲᠤᠷᠠᠯᠴᠠᠭᠠᠨ ᠤ ᠠᠵᠢᠯᠯᠠᠭᠠᠨ ᠤ ᠲᠥᠯᠥᠪᠯᠡᠭᠡ ᠶᠢ ᠳᠤᠷᠠᠳᠴᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠨᠡᠭᠡᠭᠡᠯᠲᠡᠲᠤ᠂ ᠡᠷᠬᠡ ᠲᠡᠭᠰᠢ᠂ ᠭᠠᠳᠠᠭᠤᠷᠴᠢᠯᠠᠯ ᠦᠭᠡᠢ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠢ ᠪᠤᠢ ᠪᠤᠯᠭᠠᠵᠤ᠂ ᠡᠮᠦᠨᠡᠲᠦ ᠤᠮᠠᠷᠠᠲᠤ ᠶᠢᠨ ᠤᠯᠤᠰ ᠤᠳ ᠤᠨ ᠬᠤᠭᠤᠷᠣᠨᠳᠣᠭᠢ ᠲᠣᠭᠠᠴᠢᠯᠠᠭᠰᠠᠨ ᠵᠥᠷᠢᠶ᠎ᠡ ᠶᠢ ᠪᠠᠭᠠᠰᠬᠠᠬᠤ ᠶᠢ ᠬᠦᠰᠡᠨ ᠡᠷᠡᠮᠡᠯᠵᠡᠵᠦ ᠪᠠᠶᠢᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢᠨ ᠰᠢᠯᠭᠠᠯᠲᠠ ᠶᠢ ᠠᠷᠭᠠᠴᠠᠭᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠡᠷᠬᠡᠪᠰᠢ ᠬᠠᠮᠲᠤ ᠶᠢᠨ ᠪᠤᠯᠪᠠᠴᠤ ᠢᠯᠭᠠᠭ᠎ᠠ ᠲᠠᠢ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠪᠡᠯᠡ ᠮᠥᠩᠭᠦ᠂ ᠮᠡᠷᠭᠡᠵᠢᠯ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠥᠭᠵᠢᠵᠦ ᠪᠠᠶᠢᠭ᠎ᠠ ᠤᠯᠤᠰ ᠲᠤ ᠳᠡᠮᠵᠢᠯᠭᠡ ᠬᠠᠩᠭᠠᠬᠤ ᠬᠡᠷᠡᠭᠲᠡᠢ᠃ ᠢᠯᠵᠠᠷᠠᠯ ᠢ ᠥᠴᠥᠬᠡᠨ ᠴᠦ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠭᠠᠳᠠᠭᠠᠳᠤ ᠳᠤ ᠳᠤᠲᠠᠭᠠᠭᠰᠠᠨ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ ᠡᠳ᠋ ᠪᠣᠳᠠᠰ ᠢ ᠨᠡᠬᠡᠮᠵᠢᠯᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠶ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠠᠮᠤ ᠪᠤᠳᠠᠭ᠎ᠠ᠂ ᠡᠨᠧᠷᠭᠢ ᠶᠢᠨ ᠠᠮᠤᠷ ᠲᠦᠪᠰᠢᠨ ᠪᠣᠯ ᠪᠦᠭᠦ ᠪᠥᠮᠪᠥᠷᠴᠡᠭ ᠤᠨ ᠬᠥᠭᠵᠢᠯᠲᠡ ᠶᠢᠨ ᠬᠦᠷᠢᠶᠡᠨ ᠳᠠᠬᠢ ᠬᠠᠮᠤᠭ ᠤᠨ ᠲᠤᠯᠭᠠᠮ ᠥᠷᠢᠰᠦᠯᠳᠦᠭᠡᠨ ᠪᠣᠯᠣᠨ᠎ᠠ᠃ ᠣᠳᠣᠬᠠᠨ ᠤ ᠬᠢᠮᠤᠷᠠᠯ ᠤᠨ ᠦᠨᠳᠦᠰᠦ ᠰᠤᠷᠪᠤᠯᠵᠢ ᠪᠣᠯ ᠦᠢᠯᠡᠳᠪᠦᠷᠢᠯᠡᠯ ᠪᠠ ᠬᠡᠷᠡᠭᠴᠡᠭᠡᠨ ᠤ ᠠᠰᠠᠭᠤᠳᠠᠯ ᠪᠢᠰᠢ᠂ ᠬᠠᠷᠢᠨ ᠬᠠᠩᠭᠠᠯᠭ᠎ᠠ ᠶᠢᠨ ᠬᠡᠯᠬᠢᠶ᠎ᠡ ᠳᠤ ᠠᠰᠠᠭᠤᠳᠠᠯ ᠭᠠᠷᠴᠤ᠂ ᠤᠯᠠᠨ ᠤᠯᠤᠰ ᠤᠨ ᠬᠠᠮᠲᠤᠷᠠᠯᠴᠠᠭ᠎ᠠ ᠬᠠᠷᠰᠢᠯᠠᠯ ᠳᠤ ᠤᠴᠠᠷᠠᠭᠰᠠᠨ ᠶᠠᠪᠤᠳᠠᠯ ᠪᠣᠯᠣᠨ᠎ᠠ᠃ ᠰᠢᠢᠳᠪᠦᠷᠢᠯᠡᠬᠦ ᠠᠷᠭ᠎ᠠ ᠵᠠᠮ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠥᠭᠡᠮ ᠲᠠᠸᠠᠷ ᠤᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠨᠡᠭᠡᠭᠡᠯᠲᠡᠲᠡᠢ᠂ ᠲᠣᠭᠲᠠᠭᠤᠨ᠂ ᠦᠷᠭᠦᠯᠵᠢᠯᠡᠬᠦ ᠪᠥᠭᠡᠮ ᠲᠠᠸᠠᠷ ᠤᠨ ᠵᠠᠬ᠎ᠠ ᠳᠡᠯᠭᠡᠭᠦᠷ ᠢ ᠪᠠᠶᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢ ᠬᠠᠮᠲᠤ ᠪᠠᠷ ᠰᠢᠯᠤᠭᠤᠳᠬᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠳᠤ ᠪᠤᠢ᠃ ᠠᠮᠤ ᠪᠤᠳᠠᠭ᠎ᠠ᠂ ᠡᠨᠧᠷᠭᠢ ᠶᠢᠨ ᠠᠰᠠᠭᠤᠳᠠᠯ ᠢ ᠤᠯᠤᠰ ᠲᠥᠷᠥᠴᠢᠯᠡᠬᠦ᠂ ᠪᠠᠭᠠᠵᠢ ᠬᠡᠷᠡᠭᠯᠡᠭᠦᠷ ᠪᠤᠯᠭᠠᠬᠤ᠂ ᠵᠡᠪᠰᠡᠭᠵᠢᠭᠦᠯᠬᠦ ᠶᠢ ᠡᠷᠡᠰ ᠡᠰᠡᠷᠭᠦᠴᠡᠵᠦ᠂ ᠭᠠᠭᠴᠠ ᠲᠠᠯᠠᠲᠤ ᠵᠠᠯᠬᠠᠭᠠᠯ ᠤᠨ ᠠᠷᠭ᠎ᠠ ᠬᠡᠮᠵᠢᠶ᠎ᠡ ᠶᠢ ᠬᠦᠴᠦᠨ ᠦᠭᠡᠢ ᠪᠤᠯᠭᠠᠵᠤ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠶ᠎ᠠ᠃ ᠬᠤᠷᠢᠨ ᠤᠯᠤᠰ ᠤᠨ ᠪᠦᠯᠦᠭᠯᠡᠯ ᠦᠢᠯᠡᠳᠪᠦᠷᠢᠯᠡᠯ᠂ ᠬᠤᠷᠢᠶᠠᠵᠤ ᠨᠥᠭᠡᠴᠡᠯᠡᠬᠦ᠂ ᠪᠡᠯᠡ ᠮᠥᠩᠭᠦ᠂ ᠮᠡᠷᠭᠡᠵᠢᠯ ᠵᠡᠷᠭᠡ ᠲᠠᠯ᠎ᠠ ᠪᠠᠷ ᠬᠥᠭᠵᠢᠵᠦ ᠪᠠᠶᠢᠭ᠎ᠠ ᠤᠯᠤᠰ ᠲᠤ ᠴᠢᠬᠤᠯᠠ ᠪᠦᠬᠦᠢ ᠳᠡᠮᠵᠢᠯᠭᠡ ᠦᠵᠡᠭᠦᠯᠪᠡᠯ ᠵᠣᠬᠢᠨ᠎ᠠ᠃ ᠳᠤᠮᠳᠠᠳᠤ ᠤᠯᠤᠰ ᠬᠤᠷᠢᠨ ᠤᠯᠤᠰ ᠤᠨ ᠪᠦᠯᠦᠭᠯᠡᠯ ᠳᠤ ᠤᠯᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠬᠠᠮᠲᠤᠷᠠᠯᠴᠠᠭᠠᠨ ᠤ ᠰᠠᠨᠠᠭᠠᠴᠢᠯᠠᠭ᠎ᠠ ᠳᠤᠷᠠᠳᠴᠤ᠂ ᠡᠯ᠎ᠡ ᠲᠠᠯ᠎ᠠ ᠶᠢᠨ ᠬᠢᠨ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠣᠶᠢᠷ᠎ᠠ ᠶᠢᠨ ᠬᠤᠭᠤᠴᠠᠭᠠᠨ ᠳᠤ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠳᠤᠮᠳᠠᠳᠤ ᠤᠯᠤᠰ ᠤᠨ ᠢᠷᠡᠭᠡᠳᠦᠢ ᠶᠢᠨ 5 ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠪᠣᠯᠣᠨ ᠦᠨᠳᠦᠰᠦᠨ ᠪᠣᠳᠣᠯᠭ᠎ᠠ ᠴᠢᠭᠯᠡᠯᠲᠡ ᠶᠢ ᠲᠥᠯᠥᠪᠵᠢᠭᠦᠯᠪᠡ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠭᠤᠶᠢᠪᠢᠰᠢ ᠦᠭᠡᠢ ᠠᠬᠢᠭᠤᠯᠤᠨ᠎ᠠ᠃ ᠲᠠᠰᠤᠷᠠᠯᠳᠠ ᠦᠭᠡᠢ ᠣᠳᠣᠬᠢᠴᠢᠯᠠᠭᠰᠠᠨ ᠳᠤᠮᠳᠠᠳᠤ ᠤᠯᠤᠰ ᠯᠠᠪᠲᠠᠢ ᠳᠡᠯᠡᠬᠡᠢ ᠳ᠋ᠠᠬᠢᠨ ᠳᠤ ᠨᠡᠩ ᠤᠯᠠᠨ ᠠᠵᠠ ᠲᠣᠭᠢᠶᠠᠯ ᠬᠠᠩᠭᠠᠵᠤ᠂ ᠤᠯᠠᠨ ᠤᠯᠤᠰ ᠤᠨ ᠬᠠᠮᠲᠤᠷᠠᠯᠴᠠᠭ᠎ᠠ ᠳᠤ ᠨᠡᠩ ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠵᠦ᠂ ᠪᠦᠭᠦ ᠬᠥᠮᠥᠨ ᠲᠥᠷᠥᠯᠬᠢᠲᠡᠨ ᠤ ᠲᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠣᠯᠣᠨ᠎ᠠ︕ ᠭᠡᠵᠦ ᠴᠢᠬᠤᠯᠠᠴᠢᠯᠠᠪᠠ᠃      ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号