ᠣᠶᠢᠷ᠎ᠠ ᠳᠤ᠂ ᠬᠤᠲᠠ ᠶᠢᠨ ᠰᠤᠷᠭᠠᠨ ᠬᠦᠮᠦᠵᠢᠯ ᠤᠨ ᠲᠣᠪᠴᠢᠶᠠᠨ ᠤ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠠᠵᠢᠯ ᠢ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠰᠢᠭᠤᠨ ᠳᠤ ᠢᠷᠡᠵᠦ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠳᠤ ᠪᠠᠶᠢᠴᠠᠭᠠᠯᠲᠠ ᠬᠢᠵᠦ᠂ | ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃ | | | | ᠪᠠᠶᠢᠴᠠᠭᠠᠬᠤ ᠳᠤᠭᠤᠶᠢᠯᠠᠩ ᠤᠨ ᠬᠢᠨ ᠳᠤᠮᠳᠠᠳᠤ ᠪᠠᠭ᠎ᠠ ᠰᠤᠷᠭᠠᠭᠤᠯᠢ ᠶᠢᠨ ︽ᠭᠤᠷᠪᠠ ᠶᠢ ᠨᠢᠭᠡ | ᠴᠣᠭᠴᠠᠵᠢᠭᠤᠯᠤᠭᠰᠠᠨ︾ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠭᠤᠣᠯᠳᠠᠯᠭ᠎ᠠ ᠲᠠᠢ | ᠪᠠᠶᠢᠴᠠᠭᠠᠵᠤ᠂ ᠡᠯ᠎ᠡ ᠰᠤᠷᠭᠠᠭᠤᠯᠢ ᠶᠢᠨ ᠴᠠᠭᠳᠠᠭᠠᠨ ᠤ ᠶᠠᠪᠤᠳᠠᠯ ᠤᠨ ᠲᠠᠰᠤᠭ᠂ ᠬᠤᠭᠤᠯᠠᠨ ᠲᠢᠩᠬᠢᠮ᠂ ᠪᠠᠶᠢᠷᠢ᠂ ᠵᠢᠭᠠᠨ | ᠰᠤᠷᠭᠠᠯᠲᠠ ᠶᠢᠨ ᠠᠰᠠᠷ ᠵᠡᠷᠭᠡ ᠶᠢ ᠪᠠᠶᠢᠴᠠᠭᠠᠨ ᠦᠵᠡᠵᠦ᠂ ᠴᠠᠭᠳᠠᠭᠠᠨ ᠤ ᠶᠠᠪᠤᠳᠠᠯ ᠤᠨ ᠲᠠᠰᠤᠭ ᠤᠨ | ᠪᠠᠶᠢᠷᠢᠯᠠᠭᠤᠯᠤᠯᠲᠠ᠂ ᠠᠮᠤᠷ ᠢ ᠬᠠᠮᠠᠭᠠᠯᠠᠬᠤ ᠠᠵᠢᠯᠲᠠᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠠᠯᠢᠭ ᠠᠰᠠᠭᠤᠨ | ᠣᠶᠢᠯᠠᠭᠠᠪᠠ᠃ | | | | ᠪᠠᠶᠢᠴᠠᠭᠠᠬᠤ ᠳᠤᠭᠤᠶᠢᠯᠠᠩ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠠᠳᠬᠤᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠨ᠂ | ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠳᠠᠯᠳᠠ ᠭᠡᠮ ᠢ ᠴᠠᠭ | ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ᠂ ᠣᠯᠠᠨ ᠨᠡᠶᠢᠲᠡ ᠶᠢᠨ | ᠡᠷᠭᠦᠯ ᠬᠠᠮᠠᠭᠠᠯᠠᠯ ᠵᠡᠷᠭᠡ ᠲᠠᠯ᠎ᠠ ᠶᠢᠨ ᠠᠮᠤᠷ ᠲᠦᠪᠰᠢᠨ ᠤ ᠬᠦᠮᠦᠵᠢᠯ ᠢ ᠣᠯᠠᠨ ᠲᠠᠯ᠎ᠠ ᠪᠠᠷ ᠦᠷᠨᠢᠭᠦᠯᠵᠦ᠂ | ᠰᠤᠷᠭᠠᠭᠤᠯᠢ ᠶᠢᠨ ᠵᠢᠭᠠᠨ ᠰᠤᠷᠭᠠᠯᠲᠠ ᠪᠠ ᠡᠳᠦᠷ ᠳᠤᠲᠤᠮ ᠤᠨ ᠠᠮᠢᠳᠤᠷᠠᠯ ᠳᠤ ᠠᠮᠤᠷ ᠲᠦᠪᠰᠢᠨ ᠤ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | | |