ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ 2022 ᠣᠨ ᠤ ︽ᠡᠪᠦᠯ ᠤᠨ ᠤᠯᠠᠷᠢᠯ ᠤᠨ ᠬᠠᠶᠢᠷ᠎ᠠ ᠬᠠᠯᠠᠮᠵᠢ ᠬᠦᠷᠭᠡᠬᠦ︾ ᠲᠤᠰᠬᠠᠢ ᠠᠪᠤᠷᠠᠨ ᠲᠤᠰᠠᠯᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/22
       ᠠᠮᠢᠳᠤᠷᠠᠯ ᠬᠦᠴᠢᠷᠳᠡᠯᠲᠡᠢ ᠬᠦᠮᠦᠰ ᠢ ᠠᠪᠤᠷᠠᠨ ᠲᠤᠰᠠᠯᠠᠬᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠶᠢᠨ ᠲᠦᠯᠦᠭᠡ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠳᠤ ᠠᠴᠠ ᠡᠬᠢᠯᠡᠨ 2023 ᠣᠨ ᠤ 3 ᠰᠠᠷ᠎ᠠ ᠶᠢᠨ 15 ᠤ ᠡᠳᠦᠷ ᠪᠣᠯᠲᠠᠯ᠎ᠠ᠂ ︽ᠡᠪᠦᠯ ᠤᠨ ᠤᠯᠠᠷᠢᠯ ᠤᠨ ᠬᠠᠶᠢᠷ᠎ᠠ ᠬᠠᠯᠠᠮᠵᠢ ᠬᠦᠷᠭᠡᠬᠦ︾ ᠲᠤᠰᠬᠠᠢ ᠠᠪᠤᠷᠠᠨ ᠲᠤᠰᠠᠯᠠᠬᠤ ᠠᠵᠢᠯᠯᠠᠭ᠎ᠠ ᠦᠷᠨᠢᠭᠦᠯᠦᠨ᠂ ᠮᠠᠨ ᠤ ᠬᠤᠰᠢᠭᠤᠨ ᠠᠮᠢᠳᠤᠷᠠᠯ ᠬᠦᠴᠢᠷᠳᠡᠯᠲᠡᠢ ᠲᠡᠨᠦᠭᠦᠴᠢᠯᠡᠵᠦ ᠪᠠᠶᠢᠭ᠎ᠠ ᠬᠦᠮᠦᠰ ᠢ ᠴᠠᠭ ᠲᠤᠬᠠᠢ ᠳᠤᠨᠢ ᠠᠪᠤᠷᠠᠨ ᠲᠤᠰᠠᠯᠠᠵᠤ᠂ ᠲᠡᠳᠡᠨ ᠳᠤ ᠬᠠᠶᠢᠷ᠎ᠠ ᠬᠠᠯᠠᠮᠵᠢ ᠬᠦᠷᠭᠡᠬᠦ ᠪᠠᠷ ᠪᠣᠯᠪᠠ᠃
       ᠬᠤᠷᠠᠯ ᠠᠴᠠ ᠴᠢᠩᠭᠠᠳᠬᠠᠭᠰᠠᠨ ᠨᠢ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ 24 ᠴᠠᠭ ᠤᠨ ᠲᠤᠰᠠᠯᠠᠮᠵᠢ ᠭᠤᠶᠤᠴᠢᠯᠠᠬᠤ ᠬᠠᠯᠠᠮᠰᠢᠯ ᠤᠲᠠᠰᠤ ᠶᠢ ᠰᠠᠭᠠᠳ ᠦᠭᠡᠢ ᠨᠡᠪᠲᠡᠷᠡᠭᠦᠯᠵᠦ᠂ 24 ᠴᠠᠭ ᠢᠶᠠᠷ ᠵᠢᠵᠢᠭᠦᠷᠯᠡᠬᠦ ᠳᠦᠷᠢᠮ ᠪᠠ ᠦᠢᠯᠡᠴᠢᠯᠡᠭᠡᠨ ᠤ ᠬᠦᠯᠢᠶᠡᠨ ᠠᠪᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠳ ᠢ ᠵᠣᠬᠢᠶᠠᠨ ᠪᠠᠶᠢᠭᠤᠯᠤᠨ ᠪᠦᠬᠦᠯᠢ ᠡᠳᠦᠷ ᠢᠶᠠᠷ ᠴᠠᠭᠳᠠᠨ ᠪᠠᠶᠢᠴᠠᠭᠠᠯᠲᠠ ᠬᠢᠬᠦ ᠬᠡᠷᠡᠭᠲᠡᠢ ᠭᠡᠵᠡᠢ᠃       ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠠᠷᠠᠭᠠᠴᠢ ᠶᠢᠨ ᠠᠯᠬᠤᠮ ᠳᠤ᠂ ᠠᠪᠤᠷᠠᠨ ᠲᠤᠰᠠᠯᠠᠬᠤ ᠠᠵᠢᠯ ᠤᠨ ᠲᠣᠭᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ᠂ ᠡᠯ᠎ᠡ ᠵᠦᠢᠯ ᠤᠨ ᠪᠠᠶᠢᠩᠭᠤ ᠶᠢᠨ ᠴᠢᠨᠠᠷᠲᠠᠢ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠦᠷᠬᠦᠯᠵᠢᠯᠡᠨ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠠᠮᠢᠳᠤᠷᠠᠯ ᠬᠦᠴᠢᠷᠳᠡᠯᠲᠡᠢ ᠲᠡᠨᠦᠭᠦᠯ ᠬᠦᠮᠦᠰ ᠤᠨ ᠦᠨᠳᠦᠰᠦᠨ ᠡᠷᠬᠡ ᠠᠰᠢᠭ ᠢ ᠬᠠᠮᠠᠭᠠᠯᠠᠬᠤ ᠪᠠᠷ ᠴᠢᠷᠮᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号