ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠠᠴᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/11/22
       ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠰᠦᠯ ︵ᠶᠢᠰᠦᠳᠦᠭᠡᠷ ᠬᠡᠪᠯᠡᠯ︾ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠲᠦᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠰᠤᠷᠤᠯᠴᠠᠨ ᠡᠵᠡᠮᠰᠢᠵᠦ᠂ ᠺᠠᠳ᠋ᠷ ᠠᠵᠢᠯᠲᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂ ᠣᠶᠢᠷ᠎ᠠ ᠳᠤ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠠᠴᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠯ ᠡᠷᠬᠢᠯᠡᠪᠡ᠃
      ᠪᠣᠯᠪᠠᠰᠤᠷᠠᠯ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠡᠵᠡᠮᠰᠢᠪᠡᠰᠦ ᠵᠣᠬᠢᠬᠤ ᠮᠡᠳᠡᠯᠭᠡ ᠵᠢᠴᠢ ᠸᠢᠷᠦ᠋ᠰ ᠤᠨ ᠣᠨᠴᠠᠯᠢᠭ᠂ ᠨᠢᠭᠤᠭᠳᠠᠮᠠᠯ ᠬᠤᠭᠤᠴᠠᠭ᠎ᠠ᠂ ᠬᠠᠯᠳᠠᠪᠤᠷᠢᠯᠠᠬᠤ ᠢᠷᠡᠯᠲᠡ᠂ ᠬᠠᠯᠳᠠᠪᠤᠷᠢᠯᠠᠬᠤ ᠠᠷᠭ᠎ᠠ ᠵᠠᠮ ᠵᠡᠷᠭᠡ ᠣᠯᠠᠨ ᠲᠠᠯ᠎ᠠ ᠠᠴᠠ ᠲᠠᠶᠢᠯᠪᠤᠷᠢᠯᠠᠨ᠂ ᠪᠣᠯᠪᠠᠰᠤᠷᠠᠯ ᠳᠤ ᠣᠷᠣᠯᠴᠠᠭᠰᠠᠳ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠲᠤᠬᠠᠢ ᠣᠶᠢᠯᠠᠭᠠᠯᠲᠠ ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ᠂ ᠦᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦ ᠶᠢᠨ ᠮᠡᠳᠡᠯᠭᠡ ᠶᠢ ᠡᠵᠡᠮᠰᠢᠭᠦᠯᠦᠭᠰᠡᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号